4 ᠰᠠᠷ᠎ᠠ ᠶᠢᠨ 15 ᠤ ᠡᠳᠤᠷ ᠤᠨ ᠥᠳᠡ ᠶᠢᠨ ᠬᠤᠶᠢᠨ᠎ᠠ᠂ ᠮᠠᠨ ᠤ ᠠᠶᠢᠮᠠᠭ ᠤᠨ ᠪᠥᠭᠦ ᠠᠷᠠᠳ ᠤᠨ | ᠤᠯᠤᠰ ᠤᠨ ᠠᠮᠤᠷ ᠲᠥᠪᠰᠢᠨ ᠤ ᠬᠥᠮᠤᠵᠢᠯ ᠤᠨ ᠡᠳᠤᠷ ᠤᠨ ᠤᠬᠠᠭᠤᠯᠭ᠎ᠠ ᠶᠢᠨ ᠠᠵᠢᠯᠯᠠᠭ᠎ᠠ ᠠᠯᠠᠱᠠ ᠵᠡᠭᠦᠨ | ᠬᠤᠰᠢᠭᠤᠨ ᠤ ᠲᠤᠳᠤᠭᠠᠳᠤ ᠶᠢ ᠬᠠᠮᠠᠭᠠᠯᠬᠠᠤ ᠳᠣᠪᠴᠢᠶᠠᠨ ᠤ ᠴᠠᠭᠳᠠᠭᠠᠨ ᠤ ᠪᠤᠯᠪᠠᠰᠤᠷᠠᠯ ᠤᠨ ᠲᠥᠪ ᠲᠤ | ᠶᠠᠪᠤᠭᠳᠠᠭᠰᠠᠨ ᠪᠠᠶᠢᠨ᠎ᠠ᠃ | ᠥᠨᠤᠳᠤᠷ ᠪᠤᠯ ᠠᠷᠪᠠᠳᠡᠬᠢ ᠪᠥᠭᠦ ᠠᠷᠠᠳ ᠤᠨ ᠤᠯᠤᠰ ᠤᠨ ᠠᠮᠤᠷ ᠲᠥᠪᠰᠢᠨ ᠤ ᠬᠥᠮᠤᠵᠢᠯ ᠤᠨ ᠡᠳᠤᠷ | ᠪᠤᠯᠤᠨ᠎ᠡ᠃ ᠲᠤᠰ ᠠᠵᠢᠯᠯᠠᠭ᠎ᠠ ᠶᠢ ᠠᠶᠢᠮᠠᠭ ᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ | ᠬᠡᠷ᠂ ᠠᠶᠢᠮᠠᠭ ᠤᠨ ᠤᠯᠤᠰ ᠤᠨ ᠠᠮᠤᠷ ᠲᠦᠪᠰᠢᠨ ᠤ ᠲᠣᠪᠴᠢᠶ᠎ᠠ ᠪᠤᠯᠤᠨ ᠠᠯᠠᠱᠠ ᠵᠡᠭᠦᠨ ᠬᠤᠰᠢᠭᠤᠨ ᠤ ᠨᠠᠮ ᠤᠨ | ᠬᠤᠷᠢᠶᠠᠨ ᠤ ᠤᠯᠤᠰ ᠤᠨ ᠠᠮᠤᠷ ᠲᠦᠪᠰᠢᠨ ᠤ ᠠᠯᠪᠠᠨ ᠬᠡᠷ ᠬᠠᠮᠲᠤᠷᠠᠨ ᠥᠷᠨᠢᠭᠦᠯᠵᠤ᠂ ᠤᠷᠢᠶ᠎ᠠ ᠡᠯᠭᠦᠬᠦ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠤᠯᠤᠰ ᠤᠨ | ᠠᠮᠤᠷ ᠲᠦᠪᠰᠢᠨ ᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠤᠯᠤᠰ ᠤᠨ ᠠᠮᠤᠷ ᠲᠦᠪᠰᠢᠨ ᠤ ᠮᠡᠳᠡᠯᠬᠡ ᠶᠢ | ᠤᠯᠠᠨ ᠲᠥᠮᠡᠨ ᠤ ᠲᠡᠷᠬᠡᠳᠡ ᠬᠥᠷᠬᠡᠵᠤ᠂ ᠠᠷᠠᠳ ᠣᠯᠠᠨ ᠤ ᠠᠮᠢᠳᠤᠷᠠᠯ ᠳᠤ ᠠᠭᠤᠰᠬᠠᠭᠰᠠᠨ ᠪᠠᠶᠢᠨ᠎ᠠ᠃ | ᠮᠠᠨ ᠤ ᠠᠶᠢᠮᠠᠭ ᠤᠨ ᠡᠯ᠎ᠡ ᠬᠤᠰᠢᠭᠤ ᠣᠷᠣᠨ ︽ᠰᠦᠯᠵᠢᠶᠡᠨ ᠳᠡᠭᠡᠷ᠎ᠡ + ᠰᠥᠯᠵᠢᠶᠡᠨ ᠤ ᠭᠠᠳᠠᠨ᠎ᠠ︾ | ᠤᠬᠠᠭᠤᠯᠬᠤ ᠬᠡᠯᠪᠡᠷᠢ ᠶᠢ ᠬᠠᠷᠢᠯᠴᠠᠨ ᠤᠶᠠᠯᠳᠤᠭᠤᠯᠬᠤ ᠪᠠᠷ ᠲᠠᠮᠵᠢᠭᠤᠯᠤᠨ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠶᠢ ᠬᠤᠰᠢᠭᠤ ᠪᠠᠯᠭᠠᠰᠤ᠂ ᠠᠵᠤ ᠠᠬᠤᠶᠢᠯᠠᠯ᠂ ᠨᠡᠶᠢᠭᠡᠮ ᠲᠣᠭᠤᠷᠢᠭ ᠲᠤ ᠣᠷᠣᠭᠤᠯᠵᠤ᠂ ᠪᠥᠬᠦ | ᠠᠷᠠᠳ ᠤᠨ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠦᠵᠡᠯ ᠤᠬᠠᠮᠰᠠᠷ ᠢ ᠦᠨᠡᠨ ᠬᠦ ᠴᠢᠩᠭᠠᠳᠬᠠᠵᠤ᠂ | ᠤᠯᠤᠰ ᠤᠨ ᠠᠮᠤᠷ ᠲᠦᠪᠰᠢᠨ ᠤ ᠠᠷᠠᠳ ᠲᠦᠮᠡᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠬᠡ ᠠᠯᠬᠤᠮ | ᠪᠠᠬᠢᠵᠢᠭᠦᠯᠥᠭᠰᠡᠨ ᠪᠠᠶᠢᠨ᠎ᠠ᠃ |