4 ᠰᠠᠷ᠎ᠠ ᠶᠢᠨ 15 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ | ᠤᠰᠤᠨ ᠤ ᠶᠠᠪᠤᠳᠠᠯ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠵᠦ᠂ ᠤᠰᠤ ᠠᠷᠪᠢᠯᠠᠬᠤ ᠠᠵᠢᠯᠯᠠᠭ᠎ᠠ ᠪᠠ | ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ | ᠠᠯᠬᠤᠮ ᠤᠨ ᠠᠵᠢᠯ ᠤᠨ ᠲᠤᠬᠠᠶ ᠲᠣᠬᠢᠷᠠᠭᠤᠯᠤᠠ ᠪᠠᠶᠢᠷᠢᠯᠠᠭᠤᠯᠪᠠ᠃ | | | | | | | | | | | | ᠬᠤᠸᠠᠩ ᠶᠠ ᠯᠢ᠂ ︽ᠤᠰᠤ ᠳᠤᠲᠠᠮᠠᠭ︾ ᠪᠣᠯ ᠠᠯᠠᠱᠠ ᠶᠢᠨ ᠬᠠᠮᠤᠭ ᠤᠨ ᠶᠡᠭᠡ ᠪᠣᠭᠤᠮᠢ ᠬᠢᠵᠠᠭᠠᠷᠯᠠᠯ ᠮᠥᠨ᠂ | ᠠᠵᠤ ᠠᠬᠤᠶ ᠨᠡᠶᠢᠭᠡᠮ ᠤᠨ ᠬᠥᠭᠵᠢᠯᠲᠡ ᠤᠰᠤᠨ ᠳᠤ ᠬᠢᠵᠠᠭᠠᠷᠯᠠᠭᠳᠠᠬᠤ᠂ ᠤᠰᠤᠨ ᠳᠤ ᠭᠠᠴᠢᠭᠳᠠᠬᠤ ᠠᠰᠠᠭᠤᠳᠠᠯ | ᠡᠳᠦᠷ ᠢᠷᠡᠬᠦᠶ᠎ᠡ ᠲᠣᠪᠤᠶᠢᠮ᠎ᠠ ᠪᠣᠯᠵᠣ᠂ ︽ᠤᠰᠤᠨ ᠤ ᠬᠦᠴᠢᠷᠳᠡᠯ︾ ᠢ ᠰᠢᠢᠳᠪᠦᠷᠢᠯᠡᠬᠦ ᠨᠢ ᠨᠠᠩ ᠲᠤᠯᠭᠠᠮ᠎ᠠ | ᠶᠠᠪᠤᠳᠠᠯ ᠪᠣᠯᠤᠨ᠎ᠠ᠃ ᠤᠰᠤᠨ ᠤ ᠶᠠᠪᠤᠳᠠᠯ ᠤᠨ ᠰᠢᠰᠲ᠋ᠧᠮ ᠤᠨ ᠺᠠᠳ᠋ᠷ ᠠᠶᠢᠮᠠᠭ ᠤᠨ ᠪᠠᠶᠢᠳᠠᠯ᠂ ᠤᠰᠤᠨ ᠤ | ᠪᠠᠶᠢᠳᠠᠯ ᠤᠨ ᠲᠤᠬᠠᠶ ᠲᠠᠨᠢᠯᠲᠠ ᠪᠠᠨ ᠨᠠᠩ ᠭᠦᠨᠵᠡᠭᠡᠶᠢᠷᠡᠭᠦᠯᠵᠦ᠂ ᠡᠭᠦᠷᠭᠡᠯᠡᠵᠦ ᠪᠠᠶᠢᠭ᠎ᠠ ᠬᠦᠨᠳᠦ ᠡᠭᠦᠷᠭᠡ ᠪᠠᠨ ᠨᠠᠩ | ᠲᠣᠳᠣᠷᠬᠠᠶ ᠡᠭᠦᠷᠭᠡᠯᠡᠵᠦ᠂ ᠨᠠᠩ ᠶᠡᠭᠡ ᠡᠷᠴᠢ ᠵᠣᠷᠢᠭ᠂ ᠨᠠᠩ ᠭᠦᠢᠴᠡᠳ ᠬᠥᠳᠡᠯᠭᠡᠬᠦ ᠬᠦᠴᠦᠨ ᠢᠶᠠᠷ ᠠᠵᠢᠯ ᠢᠶᠠᠨ | ᠰᠠᠶᠢᠲᠤᠷ ᠠᠳᠬᠤᠵᠤ᠂ ᠪᠥᠬᠦ ᠠᠶᠢᠮᠠᠭ ᠤᠨ ᠤᠰᠤᠨ ᠤ ᠡᠬᠢ ᠪᠠᠶᠠᠯᠢᠭ ᠤᠨ ᠲᠤᠯᠭᠠᠭᠤᠷᠢᠯᠠᠨ ᠪᠠᠲᠤᠯᠠᠬᠤ | ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠪᠡ᠃ | ᠬᠤᠸᠠᠩ ᠶᠠ ᠯᠢ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠥᠭᠡᠷᠡᠴᠢᠯᠡᠯᠲᠡ ᠶᠢᠨ ᠠᠷᠭ᠎ᠠ | ᠪᠠ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠢᠶᠠᠷ ᠤᠰᠤ ᠠᠷᠪᠢᠯᠠᠬᠤ᠂ ᠤᠰᠤ ᠶᠢ ᠨᠡᠮᠡᠭᠳᠡᠭᠦᠯᠬᠦ᠂ ᠤᠰᠤ ᠶᠢ | ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠰᠡᠳᠬᠢᠴᠡ ᠶᠢᠨ ᠲᠠᠯ᠎ᠠ ᠪᠠᠷ ᠰᠢᠨ᠎ᠡ ᠶᠢ ᠡᠭᠦᠳᠴᠦ | ᠠᠷᠪᠢᠯᠠᠨ ᠭᠠᠮᠨᠠᠬᠤ ᠶᠢ ᠠᠬᠢᠭᠤᠯᠵᠤ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠪᠠᠯᠭᠠᠰᠤ ᠵᠡᠷᠭᠡ ᠡᠯ᠎ᠡ | ᠬᠦᠷᠢᠶᠡᠨ ᠤ ᠤᠰᠤ ᠠᠷᠪᠢᠯᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠪᠢᠯᠠᠭᠰᠠᠨ ᠤᠰᠤ ᠶᠢ ᠣᠬᠤᠷ | ᠬᠤᠭᠤᠴᠠᠭᠠᠨ ᠤ ᠤᠰᠤᠨ ᠤ ᠡᠷᠬᠡ ᠶᠢᠨ ᠠᠷᠠᠯᠵᠢᠶ᠎ᠠ᠂ ︽ᠤᠰᠤᠨ ᠤ ᠪᠠᠩᠬᠢ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠤᠷᠢᠶᠠᠨ ᠬᠠᠳᠠᠭᠠᠯᠠᠬᠤ ᠠᠷᠠᠯᠵᠢᠶ᠎ᠠ ᠬᠢᠵᠦ᠂ ᠤᠰᠤᠨ ᠤ ᠡᠬᠢ ᠪᠠᠶᠠᠯᠢᠭ ᠢ ᠳᠠᠬᠢᠨᠲᠠ ᠬᠤᠪᠢᠶᠠᠷᠢᠯᠠᠬᠤ᠂ | ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠪᠡᠶᠡᠯᠡᠭᠦᠯᠵᠦ᠂ ︽ᠳᠣᠲᠣᠭᠠᠳᠤ ᠶᠢᠨ ᠡᠷᠭᠢᠯᠲᠡ︾ ᠪᠠᠷ ︽ᠤᠰᠤᠨ ᠤ | ᠬᠦᠴᠢᠷ ᠠᠰᠠᠭᠤᠳᠠᠯ︾ ᠢ ᠰᠢᠢᠳᠪᠦᠷᠢᠯᠡᠬᠦ ᠬᠡᠷᠡᠭᠳᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠶᠡᠷᠦ ᠪᠤᠰᠤ ᠶᠢᠨ ᠤᠰᠤ ᠶᠢ ᠴᠤᠭᠯᠠᠭᠤᠯᠤᠨ ᠠᠰᠢᠭᠯᠠᠬᠤ ᠶᠢ | ᠴᠢᠩᠭᠠᠳᠬᠠᠨ᠂ ᠮᠤᠵᠢ ᠣᠷᠣᠨ᠂ ᠠᠶᠢᠮᠠᠭ ᠬᠤᠳᠠ ᠶᠢᠨ ᠬᠤᠭᠤᠷᠣᠨᠳᠣᠬᠢ ᠤᠰᠤᠨ ᠤ ᠡᠷᠬᠡ ᠶᠢᠨ ᠠᠷᠠᠯᠵᠢᠶ᠎ᠠ ᠶᠢ | ᠢᠳᠡᠪᠬᠢᠲᠡᠢ ᠠᠬᠢᠭᠤᠯᠵᠤ᠂ ᠤᠰᠤ ᠶᠢ ᠬᠤᠪᠢᠶᠠᠷᠢᠯᠠᠬᠤ ᠭᠦᠢᠴᠡᠳᠬᠡᠯ ᠲᠤᠭ᠎ᠠ ᠶᠢᠨ ᠨᠡᠩ ᠤᠯᠠᠨ ᠳᠡᠮᠵᠢᠯᠭᠡ ᠶᠢ | ᠤᠯᠬᠤ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ | ᠴᠢᠷᠮᠠᠶᠢᠨ ᠥᠷᠭᠡᠳᠬᠡᠬᠦ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠨ ᠵᠠᠰᠠᠯᠲᠠ ᠶᠢ ᠠᠳᠬᠤᠵᠤ᠂ ᠤᠰᠤᠨ | ᠠᠰᠢᠭᠯᠠᠯᠲᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠰᠤᠨ ᠤ ᠠᠮᠢ ᠠᠬᠤᠢ ᠶᠢᠨ | ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠤᠣᠯ ᠨᠠᠭᠤᠷ ᠤᠨ ᠳᠠᠷᠤᠭ᠎ᠠ ᠶᠢᠨ ᠲᠦᠷᠢᠮ ᠵᠡᠷᠭᠡ | ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠠᠷᠪᠢᠯᠠᠬᠤ ᠪᠠ | ᠬᠠᠮᠠᠭᠠᠯᠠᠵᠤ ᠠᠰᠢᠭᠯᠠᠬᠤ ᠨᠡᠶᠢᠭᠡᠮ ᠤᠨ ᠤᠬᠠᠭᠤᠯᠭ᠎ᠠ ᠶᠢ ᠨᠡᠩ ᠶᠡᠭᠡ ᠡᠷᠴᠢᠮ ᠢᠶᠠᠷ ᠥᠷᠨᠢᠭᠦᠯᠵᠦ᠂ ᠠᠵᠤ ᠠᠬᠤᠶᠢᠯᠠᠯ | ᠪᠣᠯᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠤᠬᠠᠮᠰᠠᠷ ᠠᠴᠠ ᠪᠠᠨ ᠤᠰᠤ ᠶᠢ ᠨᠠᠨᠳᠢᠩᠨᠠᠵᠤ | ᠂ ᠤᠰᠤ ᠶᠢ ᠬᠠᠮᠠᠭᠠᠯᠠᠵᠤ᠂ ᠤᠰᠤᠨ ᠤ ᠡᠬᠢ ᠪᠠᠶᠠᠯᠢᠭ ᠢ ᠦᠨᠡᠨᠬᠦ ᠰᠠᠶᠢᠲᠤᠷ ᠬᠠᠮᠢᠶᠠᠷᠴᠤ᠂ ᠤᠰᠤᠨ ᠤ ᠠᠮᠢ | ᠠᠬᠤᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃ | ᠬᠤᠸᠠᠩ ᠶᠠ ᠯᠢ᠂ ᠤᠰᠤᠨ ᠤ ᠶᠠᠪᠤᠳᠠᠯ ᠤᠨ ᠠᠵᠢᠯ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ | ᠠᠵᠢᠯ ᠤᠨ ᠡᠭᠦᠷᠭᠡ ᠬᠦᠨᠳᠦ᠂ ᠪᠠᠷᠢᠮᠵᠢᠶ᠎ᠠ ᠱᠠᠭᠠᠷᠳᠠᠯᠭ᠎ᠠ ᠥᠨᠳᠥᠷ ᠪᠣᠯᠬᠤᠷ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠬᠤ ᠲᠠᠢ ᠤᠶᠠᠯᠳᠤᠭᠤᠯᠵᠤ᠂ ᠰᠤᠷᠲᠠᠯ ᠤᠨ ᠬᠦᠴᠦᠨ ᠴᠢᠳᠠᠪᠤᠷᠢ ᠶᠢᠨ | ᠪᠠᠶᠢᠭᠤᠯᠤᠯᠲᠠ ᠶᠢ ᠤᠯᠠᠮ ᠨᠢᠬᠡ ᠠᠯᠬᠤᠮ ᠭᠦᠨᠵᠡᠭᠡᠶᠢᠷᠡᠭᠦᠯᠵᠦ᠂ ᠺᠠᠳ᠋ᠷ ᠤᠨ ᠬᠡᠪ ᠴᠢᠨᠠᠷ ᠴᠢᠳᠠᠪᠤᠷᠢ ᠶᠢᠨ | ᠳᠡᠭᠡᠭᠰᠢᠯᠡᠯᠲᠡ ᠶᠢ ᠠᠬᠢᠭᠤᠯᠵᠤ᠂ ᠢᠲᠡᠭᠡᠯ ᠵᠣᠷᠢᠭ ᠴᠢᠩᠭ᠎ᠠ᠂ ᠣᠪᠣᠷ ᠰᠤᠷᠲᠠᠯ ᠴᠢᠩᠭ᠎ᠠ᠂ ᠲᠤᠬᠠᠶᠢᠯᠠᠭᠰᠠᠨ | ᠠᠵᠢᠯ ᠳᠠᠭᠠᠨ ᠴᠠᠭᠠᠷᠠᠭᠰᠠᠨ ᠤᠰᠤᠨ ᠤ ᠶᠠᠪᠤᠳᠠᠯ ᠤᠨ ᠺᠠᠳ᠋ᠷ ᠤᠨ ᠡᠩᠨᠡᠭᠡ ᠶᠢ ᠬᠦᠴᠦᠯᠡᠨ ᠳᠠᠪᠲᠠᠨ | ᠪᠣᠯᠪᠠᠰᠤᠷᠠᠭᠤᠯᠵᠤ᠂ ᠪᠥᠬᠦ ᠠᠶᠢᠮᠠᠭ ᠤᠨ ᠤᠰᠤᠨ ᠠᠰᠢᠭᠯᠠᠯᠲᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃ | ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠢᠦ ᠳ᠋ᠧ ᠣᠷᠣᠯᠴᠠᠵᠠᠶ᠃ |