ᠪᠠᠶ ᠬᠠᠶ ᠯᠢᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/4/17
    4 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ᠂ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠳᠤ ᠭᠦᠨᠵᠡᠭᠡᠶᠢᠷᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠳᠣᠭᠢᠷᠠᠭᠤᠯᠪᠠ᠃
1.jpg
     ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ᠂ ᠪᠠᠢ ᠬᠠᠢ ᠯᠢᠨ ᠬᠠᠳᠠᠭᠠᠨ ᠠᠭᠤᠷᠰᠢᠭᠤᠯᠬᠤ ᠴᠦᠬᠦᠷᠦᠮ ᠤᠨ ᠰᠢᠪᠠᠷ ᠢ ᠰᠢᠢᠳᠪᠦᠷᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠭᠡᠮ ᠰᠣᠭᠤᠭ ᠤᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠳᠠᠷᠠᠭ᠎ᠠ ᠨᠢ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠤᠢ ᠰᠢᠭᠤᠢ ᠨᠣᠳᠤᠭ ᠪᠡᠯᠴᠢᠭᠡᠷ ᠢ ᠡᠪᠳᠡᠭᠰᠡᠨ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠴᠢᠩᠭ᠎ᠠ ᠠᠳᠬᠤᠨ ᠲᠦᠷᠭᠡᠨ ᠰᠢᠢᠳᠪᠦᠷᠢᠯᠡᠵᠦ᠂ ᠴᠢᠩᠭ᠎ᠠ ᠰᠢᠳᠭᠡᠵᠦ᠂ ᠠᠯᠢᠪᠠ ᠠᠮᠢ ᠠᠬᠤᠢ ᠣᠷᠴᠢᠨ ᠲᠣᠭᠤᠷᠢᠨ ᠢ ᠬᠤᠬᠢᠷᠠᠭᠤᠯᠤᠭᠰᠠᠨ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠨᠡᠨ ᠪᠣᠳᠠᠲᠠᠢ ᠥᠷᠨᠢᠭᠦᠯᠵᠦ᠂ ᠪᠡᠯᠡ ᠬᠤᠷᠠᠮᠳᠤᠭᠤᠯᠬᠤ ᠵᠢᠭᠡᠯᠡᠯᠭᠡ᠂ ᠬᠦᠴᠦᠨ ᠵᠦᠢᠯ ᠤᠨ ᠪᠠᠲᠤᠯᠠᠭ᠎ᠠ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠵᠣᠷᠢᠭ ᠪᠣᠯᠤᠨ ᠠᠵᠤ ᠠᠬᠤᠢ ᠶᠢᠨ ᠨᠡᠮᠡᠭᠳᠡᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠠᠵᠤ ᠦᠢᠯᠡᠰ ᠤᠨ ᠰᠠᠭᠤᠷᠢ ᠳᠤ ᠰᠠᠭᠤᠷᠢᠯᠠᠨ ᠣᠨᠣᠪᠴᠢᠳᠠᠢ ᠪᠠᠷ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠭᠤᠣᠯᠳᠠᠯᠭ᠎ᠠ ᠪᠣᠯᠭᠠᠵᠤ᠂ ᠪᠣᠳᠠᠲᠤ ᠬᠦᠴᠦᠨ ᠢᠶᠠᠷ ᠴᠢᠩᠭ᠎ᠠ᠂ ᠮᠡᠷᠭᠡᠵᠢᠯ ᠰᠢᠯᠢᠳᠡᠭ᠂ ᠭᠠᠳᠠᠭᠰᠢᠯᠠᠭᠤᠯᠤᠯᠲᠠ ᠪᠠᠷ ᠪᠠᠭ᠎ᠠ ᠠᠵᠤ ᠠᠬᠤᠶᠢᠯᠠᠯ ᠪᠣᠯᠤᠨ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠥᠭᠵᠢᠯᠲᠡ ᠶᠢᠨ ᠳᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠪᠣᠯᠤᠨ ᠵᠠᠬ᠎ᠠ ᠳᠡᠯᠭᠡᠭᠦᠷ ᠤᠨ ᠬᠡᠯᠪᠡᠯᠵᠡᠯ ᠢ ᠡᠰᠡᠷᠭᠦᠴᠡᠬᠦ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
2.jpg
3.jpg
     ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠳᠤ᠂ ᠪᠠᠶ ᠬᠠᠶ ᠯᠢᠨ ᠤᠷᠢᠳ ᠬᠤᠵᠢᠳ ᠲᠦᠩ ᠾᠧ ᠠᠭᠤᠷᠬᠠᠶ ᠶᠢᠨ ᠣᠶ ᠰᠢᠭᠤᠶ ᠨᠣᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠱᠧᠩ ᠳ᠋ᠡ ᠪᠠᠯ ᠴᠢᠯᠠᠭᠤᠨ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠨ ᠰᠡᠷᠭᠦᠭᠡᠬᠦ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠪᠠ᠃ ᠳᠠᠷᠠᠭ᠎ᠠ ᠨᠢ ᠬᠤᠷᠠᠯᠳᠤᠭᠤᠯᠤᠭᠰᠠᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠡᠭᠡᠷ᠎ᠡ᠂ ᠲᠡᠷᠡ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠭᠡᠮ ᠰᠣᠭᠤᠭ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠢᠯᠡᠷᠡᠮᠡᠭᠴᠡ ᠴᠣᠬᠢᠯᠲᠠ ᠥᠭᠴᠦ᠂ ᠲᠥᠪᠯᠡᠷᠡᠭᠦᠯᠦᠨ ᠴᠡᠭᠴᠡᠯᠡᠨ ᠵᠠᠰᠠᠬᠤ᠂ ᠥᠨᠳᠥᠷ ᠳᠠᠷᠤᠯᠲᠠ ᠦᠵᠡᠭᠦᠯᠬᠦ᠂ ᠬᠠᠤᠯᠢ ᠶᠣᠰᠣᠭᠠᠷ ᠴᠢᠩᠭ᠎ᠠ ᠰᠢᠳᠬᠡᠬᠦ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠵᠦᠷᠢᠶᠡᠴᠢᠯᠡᠭᠰᠡᠨ ᠬᠥᠭᠵᠢᠯᠲᠡ ᠶᠢ ᠪᠠᠷᠢᠮᠲᠠᠯᠠᠨ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠤᠨ᠂ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ᠂ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠂ ᠡᠯᠡᠰᠦᠨ ᠴᠦᠯ ᠤᠨ ᠵᠢᠭᠤᠯᠴᠢᠯᠠᠯ ᠢ ᠣᠷᠣᠭᠤᠯᠤᠨ ᠠᠪᠴᠢᠷᠠᠬᠤ᠂ ᠠᠵᠤ ᠦᠢᠯᠡᠰ ᠢ ᠴᠢᠩᠭᠠᠳᠬᠠᠬᠤ ᠲᠣᠭᠤᠷᠢᠨ ᠳᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠴᠢᠳᠠᠪᠣᠷᠢ ᠳᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠴᠧᠨ ᠸᠧᠨ ᠪᠢᠨ᠂ ᠬᠠᠰᠪᠠᠭᠠᠨ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号