4 ᠳ᠋ᠦ᠋ᠭᠡᠷ ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ | ᠠᠯᠠᠱᠠ ᠵᠡᠭᠦᠨ ᠬᠤᠰᠢᠭᠤᠨ ᠤ ᠡᠮᠦᠨ᠎ᠡ ᠬᠡᠰᠡᠭ ᠲᠤ ᠭᠦᠨᠵᠡᠭᠡᠶᠢᠷᠡᠵᠦ᠂ ᠮᠠᠨ ᠤ ᠠᠶᠢᠮᠠᠭ ᠤᠨ ᠬᠢᠯᠢ ᠳᠣᠲᠣᠷᠠᠬᠢ ᠮᠢᠩ | ᠤᠯᠤᠰ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | | | | | | | | | | | | ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠦᠪᠦᠷ ᠮᠣᠩᠭᠤᠯ ᠨᠢᠩᠰᠢᠶᠠ ᠶᠢᠨ ᠠᠭᠤᠯᠵᠠᠷ | ᠲᠠᠬᠢ ᠮᠢᠩ ᠤᠯᠤᠰ ᠤᠨ ᠣᠷᠳᠣ ᠴᠠᠭᠠᠨ ᠬᠡᠷᠡᠮ ᠤᠨ ᠬᠤᠶᠢᠲᠤ ᠰᠠᠯᠠᠭ᠎ᠠ ᠵᠠᠮ ᠳᠤ᠂ ᠬᠤᠸᠠᠩ ᠶᠠ ᠯᠢ ᠮᠢᠩ | ᠤᠯᠤᠰ ᠤᠨ ᠣᠷᠳᠣ ᠴᠠᠭᠠᠨ ᠬᠡᠷᠡᠮ ᠤᠨ ᠬᠠᠮᠠᠭᠠᠯᠠᠯᠲᠠ ᠶᠢᠨ ᠣᠳᠣᠬᠢ ᠪᠠᠶᠢᠳᠠᠯ ᠢ ᠪᠠᠶᠢᠴᠠᠭᠠᠨ ᠦᠵᠡᠵᠦ᠂ ᠬᠢᠨᠠᠯᠲᠠ | ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠰᠡᠬᠦ᠂ ︽ᠳᠥᠷᠪᠡ ᠶᠢ ᠪᠦᠷᠢᠳᠦᠭᠦᠯᠦᠭᠰᠡᠨ︾ ᠠᠵᠢᠯ | ᠲᠡᠭᠦᠯᠳᠡᠷᠵᠢᠭᠰᠡᠨ ᠡᠰᠡᠬᠦ᠂ ᠬᠠᠮᠠᠭᠠᠯᠠᠯᠲᠠ ᠶᠢᠨ ᠦᠷ᠎ᠡ ᠪᠦᠲᠦᠮᠵᠢ ᠬᠢᠷᠢ ᠵᠡᠷᠭᠡ ᠭᠡᠬᠦ ᠮᠡᠳᠦ ᠶᠢᠨ ᠠᠰᠠᠭᠤᠳᠠᠯ ᠢ ᠨᠠᠷᠢᠨ | ᠠᠰᠠᠭᠤᠨ ᠯᠠᠪᠯᠠᠪᠠ᠃ ᠲᠡᠷᠡ᠂ ᠠᠯᠠᠱᠠ ᠶᠢᠨ ᠬᠢᠯᠢ ᠶᠢᠨ ᠳᠣᠲᠣᠷᠠᠬᠢ ᠮᠢᠩ ᠤᠯᠤᠰ ᠤᠨ ᠤᠷᠲᠤ ᠴᠠᠭᠠᠨ ᠬᠡᠷᠡᠮ ᠪᠣᠯ | ᠳᠤᠮᠳᠠᠳᠤ ᠤᠯᠤᠰ ᠤᠨ ᠤᠷᠲᠤ ᠴᠠᠭᠠᠨ ᠬᠡᠷᠡᠮ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠲᠡᠤᠬᠡ ᠶᠢᠨ | ᠬᠤᠪᠢᠰᠤᠯᠲᠠ ᠶᠢᠨ ᠴᠢᠬᠤᠯᠠ ᠮᠡᠳᠡᠭᠡ ᠵᠠᠩᠭᠢ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠠᠴᠢᠶᠠᠯᠠᠵᠤ | ᠪᠠᠶᠢᠳᠠᠭ᠃ | | | | | | | | | | | | | | | ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠮᠢᠩ ᠤᠯᠤᠰ ᠤᠨ | ᠤᠷᠳᠤ ᠴᠠᠭᠠᠨ ᠬᠡᠷᠡᠮ ᠤᠨ ᠬᠠᠮᠠᠭᠠᠯᠠᠯᠲᠠ ᠶᠢᠨ ᠠᠵᠢᠯ ᠤᠨ ᠲᠤᠬᠠᠢ ᠲᠠᠨᠢᠯᠲᠠ ᠪᠠᠨ ᠳᠡᠭᠡᠭᠰᠢᠯᠡᠭᠦᠯᠵᠦ᠂ ︽ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ | ᠪᠦᠲᠦᠮᠵᠢᠲᠡᠢ ᠠᠰᠢᠭᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠲᠣᠭᠤᠷᠢᠨ | ᠪᠠᠶᠢᠴᠠᠭᠠᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠦᠷᠭᠡᠨ ᠠᠪᠤᠷᠠᠬᠤ ᠴᠢᠨᠠᠷᠲᠠᠢ ᠬᠠᠮᠠᠭᠠᠯᠠᠯᠲᠠ ᠵᠡᠷᠭᠡ | ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠡᠨᠡᠬᠦ ᠲᠡᠦᠬᠡ ᠰᠣᠶᠣᠯ ᠤᠨ ᠥᠪ ᠢ ᠦᠨᠡᠨᠬᠦ | ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ᠂ ᠣᠷᠳᠣ ᠴᠠᠭᠠᠨ ᠬᠡᠷᠡᠮ ᠤᠨ ᠰᠣᠶᠣᠯ ᠢ ᠰᠠᠶᠢᠲᠤᠷ ᠠᠭᠤᠳᠠᠯᠵᠤ᠂ | ᠰᠠᠶᠢᠲᠤᠷ ᠠᠰᠢᠭᠯᠠᠨ᠂ ᠠᠯᠠᠱᠠ ᠶᠢᠨ ᠥᠯᠢᠭᠡᠷ ᠢ ᠠᠮᠢᠳᠤᠯᠢᠭ ᠢᠶᠠᠷ ᠰᠠᠶᠢᠲᠤᠷ ᠶᠠᠷᠢᠵᠤ᠂ ᠣᠷᠳᠣ ᠴᠠᠭᠠᠨ ᠬᠡᠷᠡᠮ ᠤᠨ | ᠬᠠᠮᠠᠭᠠᠯᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ | ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ | ᠪᠠᠶᠢᠴᠠᠭᠠᠯᠲᠠ ᠶᠢᠨ ᠠᠵᠢᠯ ᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠨ ᠤ ᠠᠶᠢᠮᠠᠭ ᠤᠨ ᠬᠢᠯᠢ ᠳᠣᠲᠣᠷᠠᠬᠢ | ᠰᠣᠶᠣᠯ ᠤᠨ ᠪᠠᠭᠤᠷᠢ ᠪᠠ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠪᠥᠬᠦ ᠲᠠᠯ᠎ᠠ ᠪᠠᠷ ᠲᠣᠳᠣᠷᠬᠠᠶ | ᠣᠶᠢᠯᠠᠭᠠᠵᠤ᠂ ᠡᠯ᠎ᠡ ᠵᠦᠢᠯ ᠤᠨ ᠬᠠᠮᠠᠭᠠᠯᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠷᠢᠨ ᠨᠢᠮᠪᠠᠶ | ᠨᠠᠶᠢᠳᠠᠪᠤᠷᠢᠵᠢᠭᠤᠯᠤᠨ᠂ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ | ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠪᠡ᠃ | ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠢᠦ ᠳ᠋ᠧ ᠼᠦᠢ ᠣᠷᠣᠯᠴᠠᠵᠠᠶ᠃ | |