ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ 4 ᠰᠠᠷ᠎ᠠ ᠶᠢᠨ 8 ᠠᠴᠠ 9 ᠪᠣᠯᠲᠠᠯ᠎ᠠ ᠪᠡᠭᠡᠵᠢᠩ ᠳᠤ | ᠬᠤᠷᠠᠯᠳᠤᠪᠠ᠃ ᠳᠣᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠡ ᠶᠢᠨ ᠲᠡᠷᠢᠭᠦᠯᠡᠭᠴᠢ ᠰᠢ ᠶᠢᠨ ᠫᠢᠩ | ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ | ᠤᠯᠤᠰ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠠᠮᠵᠢᠯᠲᠠ ᠪᠦᠲᠦᠮᠵᠢ ᠪᠣᠯᠣᠨ ᠲᠤᠷᠰᠢᠯᠭ᠎ᠠ ᠶᠢ ᠰᠢᠰᠲ᠋ᠧᠮ ᠲᠠᠢ | ᠳ᠋ᠦᠩᠨᠡᠵᠦ᠂ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠦᠷᠰᠢ | ᠵᠡᠷᠭᠡᠯᠡᠳᠡᠭᠡ ᠶᠢᠨ ᠠᠵᠢᠯ ᠤᠨ ᠬᠠᠷᠠᠯᠲᠠ ᠡᠭᠦᠷᠭᠡ ᠪᠣᠯᠣᠨ ᠰᠡᠳᠬᠢᠮᠵᠢ ᠠᠷᠭ᠎ᠠ ᠶᠢ ᠳᠤᠳᠤᠷᠬᠠᠢ ᠲᠤᠭᠲᠠᠭᠠᠵᠠᠢ᠃ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ | ᠳᠤᠮᠳᠠ ᠴᠢᠩᠭ᠎ᠠ ᠲᠤᠰᠬᠠᠯ ᠭᠠᠷᠪᠠ᠃ ᠲᠡᠳᠡ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠭᠰᠠᠨ ᠣᠶᠢᠯᠠᠭᠠᠯᠲᠠ ᠪᠣᠯᠣᠨ ᠨᠠᠶᠢᠳᠠᠪᠤᠷᠢᠵᠢᠭᠤᠯᠬᠤ ᠲᠥᠯᠥᠪᠯᠡᠭᠡ ᠪᠠᠨ | ᠠᠭᠤᠵᠢᠷᠠᠲᠠᠯ᠎ᠠ ᠶᠠᠷᠢᠯᠴᠠᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠳᠤ ᠳᠤᠷᠠᠳᠤᠭᠰᠠᠨ ᠱᠠᠭᠠᠷᠳᠠᠯᠭ᠎ᠠ ᠶᠢ | ᠭᠦᠨᠵᠡᠭᠡᠢ ᠳᠣᠣᠱᠯᠠᠭᠤᠯᠵᠦ᠂ ᠬᠦᠷᠰᠢ ᠵᠡᠷᠭᠡᠯᠡᠳᠡᠭᠡ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠷᠰᠢ ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ | ᠴᠢᠷᠮᠠᠶᠢᠨ ᠡᠭᠦᠳᠦᠨ᠎ᠡ ᠭᠡᠵᠦ ᠢᠯᠡᠳᠬᠡᠵᠡᠭᠡᠪᠡ᠃ | 2013 ᠣᠨ ᠳᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢᠬᠢ ᠠᠩᠬᠠᠳᠤᠭᠠᠷ | ᠤᠳᠠᠭᠠᠨ ᠤ ᠬᠦᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ | ᠶᠡᠷᠦᠩᠬᠡᠢ ᠱᠦᠵᠢ ᠰᠢ ᠶᠢᠨ ᠫᠢᠩ ᠲᠤᠳᠤᠨᠤ ᠦᠨᠡᠨᠴᠢ ᠠᠰᠢᠭᠳᠠᠢ ᠪᠠᠭᠳᠠᠭᠠᠮᠵᠢᠳᠠᠢ ᠬᠦᠷᠰᠢ ᠵᠡᠷᠭᠡᠯᠡᠳᠡᠭᠡ ᠶᠢᠨ | ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠢ ᠳᠤᠷᠠᠳᠤᠨ ᠭᠠᠷᠭᠠᠵᠤ᠂ ᠳᠤᠮᠳᠠᠳᠤ ᠤᠯᠤᠰ ᠪᠣᠯᠣᠨ ᠬᠦᠷᠰᠢ | ᠵᠡᠷᠭᠡᠯᠡᠳᠡᠭᠡ ᠶᠢᠨ ᠤᠯᠤᠰ ᠤᠳ ᠤᠨ ᠬᠤᠭᠤᠷᠣᠨᠳᠣᠬᠢ ᠨᠥᠬᠦᠷᠰᠡᠭ ᠬᠠᠮᠲᠤᠷᠠᠯᠴᠠᠭ᠎ᠠ ᠶᠢ ᠬᠥᠲᠥᠯᠥᠨ ᠳᠠᠭᠠᠭᠤᠯᠵᠤ | ᠰᠢᠨ᠎ᠡ ᠠᠬᠤᠢ ᠪᠠᠶᠢᠳᠠᠯ ᠢ ᠨᠡᠭᠡᠭᠡᠵᠡᠢ᠃ ᠠᠷᠪᠠ ᠭᠠᠷᠤᠢ ᠵᠢᠯ ᠤᠨ ᠲᠤᠷᠰᠢ᠂ ᠬᠦᠷᠰᠢ ᠵᠡᠷᠭᠡᠯᠡᠳᠡᠭᠡ ᠶᠢᠨ ᠠᠵᠢᠯ | ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠣᠳᠣᠬᠠᠨ ᠳᠤ᠂ | ᠳᠤᠮᠳᠠᠳᠤ ᠤᠯᠤᠰ ᠨᠢᠭᠡᠨᠲᠡ ᠬᠦᠷᠰᠢ ᠵᠡᠷᠭᠡᠯᠡᠳᠡᠭᠡ ᠶᠢᠨ 17 ᠤᠯᠤᠰ ᠲᠠᠢ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠬᠠᠮᠲᠤ ᠶᠢᠨ ᠲᠠᠨᠢᠯᠲᠠ ᠲᠠᠢ ᠪᠣᠯᠵᠤ᠂ ᠳᠤᠮᠳᠠᠳᠤ ᠡᠮᠦᠨᠡᠲᠦ ᠶᠢᠨ ᠬᠤᠶᠢᠭ ᠪᠣᠯᠣᠨ | ᠳᠤᠮᠳᠠᠳᠤ ᠠᠽᠢᠶ᠎ᠠ ᠶᠢᠨ ᠭᠠᠵᠠᠷ ᠣᠷᠣᠨ ᠳᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ︽ᠬᠤᠶᠠᠷ ᠶᠡᠭᠡ | ᠪᠦᠯᠦᠭᠵᠢᠯ︾ ᠢ ᠪᠦᠷᠢᠯᠳᠦᠭᠦᠯᠵᠡᠢ᠃ | ︽ᠳᠤᠮᠳᠠᠳᠤ ᠤᠯᠤᠰ ᠢᠮᠠᠭᠲᠠ ᠬᠦᠷᠰᠢ ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭ᠎ᠠ ᠶᠢ ᠭᠠᠳᠠᠭᠠᠳᠤ | ᠬᠠᠷᠢᠯᠴᠠᠭᠠᠨ ᠤ ᠪᠦᠬᠦ ᠲᠠᠯ᠎ᠠ ᠶᠢᠨ ᠲᠡᠷᠢᠭᠦᠨ ᠴᠢᠬᠤᠯᠠ ᠪᠠᠶᠢᠷᠢᠨ ᠳᠤ ᠲᠠᠯᠪᠢᠭᠰᠠᠭᠠᠷ ᠢᠷᠡᠭᠰᠡᠨ ᠪᠥᠭᠡᠳ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠪᠠᠰᠠ ᠴᠤ ᠳᠤᠮᠳᠠᠳᠤ ᠤᠯᠤᠰ ᠤᠨ ᠬᠦᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠴᠢᠭᠯᠡᠯ ᠮᠥᠨ︾᠃ ᠮᠠᠯᠠᠶᠢᠰᠢᠶ᠎ᠠ ᠳᠤ ᠰᠠᠭᠤᠭ᠎ᠠ | ᠳᠤᠮᠳᠠᠳᠤ ᠤᠯᠤᠰ ᠤᠨ ᠡᠯᠴᠢᠨ ᠰᠠᠶᠢᠳ ᠧᠦ ᠶᠠᠩ ᠢᠦᠢ ᠵᠢᠩ ᠠᠴᠠ᠂ ᠶᠡᠷᠦᠩᠬᠡᠢ ᠱᠦᠵᠢ ᠰᠢ ᠶᠢᠨ ᠫᠢᠩ ᠪᠣᠯᠣᠨ | ᠮᠠᠯᠠᠶᠢᠰᠢᠶ᠎ᠠ ᠶᠢᠨ ᠲᠠᠯ᠎ᠠ ᠶᠢᠨ ᠤᠳᠤᠷᠢᠳᠬᠤ ᠬᠥᠮᠥᠰ ᠤᠨ ᠬᠠᠮᠲᠤ ᠶᠢᠨ ᠳᠠᠭᠠᠭᠤᠯᠭ᠎ᠠ ᠳᠣᠣᠷ᠎ᠠ᠂ ᠳᠤᠮᠳᠠᠳᠤ | ᠮᠠᠯᠠᠶᠢᠰᠢᠶ᠎ᠠ ᠬᠤᠶᠠᠷ ᠤᠯᠤᠰ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ | ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ᠂ ᠤᠯᠤᠰ ᠲᠦᠷᠦ᠂ ᠠᠵᠤ ᠠᠬᠤᠢ ᠠᠷᠠᠯᠵᠢᠶ᠎ᠠ᠂ ᠰᠣᠶᠣᠯ | ᠢᠷᠭᠡᠨᠰᠢᠯ ᠤᠨ ᠰᠣᠯᠢᠯᠴᠠᠭ᠎ᠠ ᠵᠡᠷᠭᠡ ᠬᠦᠷᠢᠶᠡᠨ ᠳᠤ ᠡᠯᠪᠡᠭ ᠪᠠᠶᠠᠯᠢᠭ ᠬᠠᠮᠲᠤᠷᠠᠯᠴᠠᠭᠠᠨ ᠤ ᠦᠷ᠎ᠡ ᠪᠦᠲᠦᠭᠡᠯ ᠣᠯᠵᠠᠢ᠃ | ᠳᠤᠮᠳᠠᠳᠤ ᠮᠠᠯᠠᠶᠢᠰᠢᠶ᠎ᠠ ᠶᠢᠨ ᠬᠠᠮᠲᠤᠷᠠᠯᠴᠠᠭ᠎ᠠ ᠪᠣᠯ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠬᠠᠮᠲᠤᠷᠠᠯᠴᠠᠭ᠎ᠠ ᠶᠢᠨ ᠬᠤᠷᠢᠶᠠᠩᠭᠤᠢ ᠳᠦᠷᠰᠦ ᠪᠣᠯᠣᠨ᠎ᠠ᠃ ︽ᠬᠤᠶᠠᠷ | ᠤᠯᠤᠰ ᠤᠨ ᠤᠳᠤᠷᠢᠳᠬᠤ ᠬᠥᠮᠥᠰ ᠤᠨ ᠪᠠᠶᠢᠯᠳᠤᠬᠤ ᠪᠣᠳᠣᠯᠭ᠎ᠠ ᠶᠢᠨ ᠳᠠᠭᠠᠭᠤᠯᠭ᠎ᠠ ᠳᠣᠣᠷ᠎ᠠ᠂ ᠳᠤᠮᠳᠠᠳᠤ | ᠮᠠᠯᠠᠶᠢᠰᠢᠶ᠎ᠠ ᠶᠢᠨ ᠬᠠᠷᠢᠯᠴᠠᠭ᠎ᠠ ᠯᠠᠪᠳᠠᠶ᠎ᠠ ᠰᠢᠨ᠎ᠡ ᠳᠡᠭᠲᠡᠷ ᠲᠤ ᠭᠠᠷᠴᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤᠷᠠᠯᠴᠠᠭ᠎ᠠ ᠴᠤ ᠰᠢᠨ᠎ᠡ ᠪᠠᠶᠢᠳᠠᠯ ᠢᠶᠠᠨ ᠥᠷᠭᠡᠳᠬᠡᠬᠦ ᠪᠣᠯᠣᠨ᠎ᠠ︾ | ᠭᠡᠵᠤ ᠢᠯᠡᠳᠬᠡᠪᠡ᠃ | ᠬᠤᠷᠠᠯ ᠠᠴᠠ᠂ ᠣᠳᠣᠬᠠᠨ ᠳᠤ ᠮᠠᠨ ᠤ ᠤᠯᠤᠰ ᠪᠣᠯᠣᠨ ᠬᠦᠷᠰᠢ ᠵᠡᠷᠭᠡᠯᠡᠳᠡᠭᠡ ᠶᠢᠨ ᠬᠠᠷᠢᠯᠴᠠᠭ᠎ᠠ ᠣᠶᠢᠷ᠎ᠠ | ᠦᠶ᠎ᠡ ᠠᠴᠠ ᠨᠠᠭᠠᠰᠢᠬᠢ ᠬᠠᠮᠤᠭ ᠤᠨ ᠰᠠᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠭᠦᠨ ᠤ ᠬᠠᠮᠲᠤ ᠬᠦᠷᠰᠢ | ᠵᠡᠷᠭᠡᠯᠡᠳᠡᠭᠡ ᠶᠢᠨ ᠪᠠᠶᠢᠷᠢᠰᠢᠯ ᠪᠣᠯᠣᠨ ᠳᠡᠯᠡᠬᠡᠢ ᠶᠢᠨ ᠬᠤᠪᠢᠰᠤᠯᠲᠠ ᠶᠢᠨ ᠭᠦᠨᠵᠡᠭᠡᠢ ᠬᠤᠯᠪᠤᠭᠠᠯᠠᠨ ᠬᠥᠳᠡᠯᠦᠯᠴᠡᠬᠦ | ᠴᠢᠬᠤᠯᠠ ᠱᠠᠲᠤᠨ ᠳᠤ ᠣᠷᠣᠭᠠᠳ ᠪᠠᠶᠢᠨ᠎ᠠ᠃ ᠮᠠᠨ ᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂ | ᠬᠢᠯᠢ ᠶᠢᠨ ᠱᠤᠭᠤᠮ ᠤᠷᠲᠤ᠂ ᠬᠦᠷᠰᠢ ᠵᠡᠷᠭᠡᠯᠡᠳᠡᠭᠡ ᠪᠣᠯ ᠬᠥᠭᠵᠢᠯ ᠴᠡᠴᠡᠭᠯᠡᠯ ᠢ ᠪᠡᠶᠡᠯᠡᠭᠦᠯᠬᠦ ᠶᠢᠨ ᠴᠢᠬᠤᠯᠠ ᠰᠠᠭᠤᠷᠢ | ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠶᠢᠨ ᠭᠤᠣᠯᠳᠠᠯᠭ᠎ᠠ᠂ ᠭᠠᠳᠠᠭᠠᠳᠤ ᠬᠠᠷᠢᠯᠴᠠᠭᠠᠨ ᠤ ᠪᠦᠬᠦ ᠲᠠᠯ᠎ᠠ ᠶᠢ | ᠲᠥᠯᠥᠪᠯᠡᠬᠦ ᠶᠢᠨ ᠲᠡᠷᠢᠭᠦᠨ ᠴᠢᠬᠤᠯᠠ ᠶᠠᠪᠤᠳᠠᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢ ᠪᠠᠶᠢᠭᠤᠯᠬᠤ ᠶᠢ ᠠᠬᠢᠭᠤᠯᠬᠤ ᠶᠢᠨ ᠵᠠᠩᠭᠢᠯᠠᠭ᠎ᠠ ᠪᠣᠯᠣᠨ᠎ᠠ᠃ ᠪᠦᠬᠦ ᠪᠥᠮᠪᠥᠷᠴᠡᠭ ᠤᠨ ᠬᠠᠷᠠᠭᠠᠰᠤ ᠠᠴᠠ | ᠬᠦᠷᠰᠢ ᠵᠡᠷᠭᠡᠯᠡᠳᠡᠭᠡ ᠪᠠᠨ ᠠᠵᠢᠭᠯᠠᠨ ᠰᠢᠨᠵᠢᠵᠦ᠂ ᠬᠦᠷᠰᠢ ᠵᠡᠷᠭᠡᠯᠡᠳᠡᠭᠡ ᠶᠢᠨ ᠠᠵᠢᠯ ᠢ ᠰᠠᠶᠢᠲᠤᠷ ᠬᠢᠬᠦ ᠡᠭᠦᠷᠭᠡ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ︽ᠣᠳᠣᠬᠠᠨ ᠤ ᠳᠡᠯᠡᠬᠡᠢ ᠶᠢᠨ ᠬᠤᠪᠢᠰᠤᠯᠲᠠ ᠰᠢᠷᠦᠭᠦᠰᠴᠦ᠂ ᠵᠠᠭᠤᠨ ᠵᠢᠯ ᠤᠨ ᠬᠤᠪᠢᠷᠠᠯᠲᠠ ᠲᠦᠷᠭᠡᠳᠴᠦ᠂ | ᠮᠠᠰᠢ ᠤᠯᠠᠨ ᠤᠯᠤᠰ ᠰᠠᠮᠠᠭᠤᠷᠠᠯ ᠴᠢᠨᠠᠭᠰᠢᠯᠠᠪᠠᠯ ᠲᠠᠶᠢᠨ ᠳᠠᠵᠢᠨ ᠤ ᠪᠠᠶᠢᠳᠠᠯ ᠳᠤ ᠣᠷᠣᠵᠠᠢ᠃ ᠳᠤᠮᠳᠠᠳᠤ ᠤᠯᠤᠰ ᠢ | ᠡᠷᠭᠢᠴᠡᠭᠦᠯᠵᠦ ᠬᠠᠷᠠᠪᠠᠯ᠂ ᠲᠥᠷᠥ ᠲᠠᠶᠢᠪᠤᠩ ᠠᠷᠠᠳ ᠠᠮᠤᠭᠤᠯᠠᠩ᠂ ᠠᠷᠠᠳ ᠲᠦᠮᠡᠨ ᠠᠮᠤᠷ ᠲᠠᠶᠢᠪᠤᠩ ᠠᠵᠤ | ᠲᠥᠷᠥᠵᠦ᠂ ᠠᠵᠤ ᠠᠬᠤᠢ ᠲᠣᠭᠲᠠᠭᠤᠨ ᠢᠶᠠᠷ ᠰᠠᠶᠢᠵᠢᠷᠠᠵᠤ ᠪᠠᠶᠢᠨ᠎ᠠ᠃ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠳᠡᠭᠡᠳᠦ ᠬᠡᠮᠵᠢᠶᠡᠨ ᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠲᠠᠢ ᠪᠠᠶᠢᠵᠤ᠂ ᠡᠯ᠎ᠡ ᠵᠦᠢᠯ ᠤᠨ ᠥᠷᠢᠰᠦᠯᠳᠦᠭᠡᠨ ᠢ ᠡᠷᠡᠰ ᠪᠠᠲᠤ | ᠯᠠᠪᠳᠠᠭᠤᠨ ᠢᠶᠠᠷ ᠠᠷᠭᠠᠴᠠᠭᠠᠬᠤ ᠪᠣᠯ ᠮᠠᠨ ᠤ ᠭᠠᠳᠠᠭᠠᠳᠤ ᠬᠠᠷᠢᠯᠴᠠᠭᠠᠨ ᠤ ᠠᠵᠢᠯ ᠢ ᠰᠠᠶᠢᠲᠤᠷ ᠬᠢᠬᠦ ᠶᠢᠨ ᠬᠠᠮᠤᠭ ᠤᠨ | ᠶᠡᠭᠡ ᠢᠳᠡ ᠬᠦᠴᠦᠨ ᠮᠥᠨ᠂ ᠪᠠᠰᠠ ᠴᠤ ᠳᠤᠮᠳᠠᠳᠤ ᠤᠯᠤᠰ ᠤᠨ ᠳᠡᠯᠡᠬᠡᠢ ᠶᠢᠨ ᠲᠠᠪᠴᠠᠩ ᠳᠡᠭᠡᠷ᠎ᠡ | ᠬᠦᠨᠳᠦᠳᠬᠡᠭᠳᠡᠵᠦ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠡᠳᠦᠷ ᠢᠷᠡᠬᠦᠶ᠎ᠡ ᠳᠡᠭᠡᠭᠰᠢᠯᠡᠭᠰᠡᠨ ᠤ ᠦᠨᠳᠦᠰᠦᠨ | ᠰᠢᠯᠲᠠᠭᠠᠨ ᠮᠥᠨ︾᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠪᠠᠶᠢᠩᠭᠤ ᠰᠠᠭᠤᠭ᠎ᠠ ᠳᠤᠮᠳᠠᠳᠤ | ᠤᠯᠤᠰ ᠤᠨ ᠲᠥᠯᠥᠭᠡᠯᠡᠭᠴᠢ ᠹᠦ᠋ ᠼᠦᠩ᠂ ᠪᠢᠳᠡ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠳᠣᠣᠱᠯᠠᠭᠤᠯᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ | ᠥᠭᠡᠷᠡᠴᠢᠯᠡᠯᠲᠡ ᠶᠢ ᠲᠡᠭᠦᠯᠳᠡᠷᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ | ᠤᠯᠤᠰ ᠤᠨ ᠠᠰᠢᠭ ᠲᠤᠰᠠ ᠶᠢ ᠬᠠᠮᠠᠭᠠᠯᠠᠨ᠎ᠠ ᠭᠡᠵᠦ ᠬᠡᠯᠡᠪᠡ᠃ | ︽ᠮᠢᠨᠤ ᠠᠵᠢᠯᠯᠠᠵᠤ ᠪᠠᠶᠢᠭ᠎ᠠ ᠮᠣᠩᠭᠤᠯ ᠤᠯᠤᠰ ᠲᠤ᠂ ᠮᠠᠰᠢ ᠤᠯᠠᠨ ᠬᠥᠮᠥᠰ ᠶᠡᠷᠦᠩᠬᠡᠢ ᠱᠦᠵᠢ ᠶᠢᠨ | ᠲᠤᠬᠠᠢ ᠶᠢᠨ ᠵᠢᠯ ᠤᠨ ᠨᠡᠶᠢᠲᠡᠯᠡᠭᠰᠡᠨ ︿ᠳᠤᠮᠳᠠᠳᠤ ᠤᠯᠤᠰ ᠤᠨ ᠬᠥᠭᠵᠢᠯᠲᠡ ᠶᠢᠨ ᠬᠤᠷᠳᠤᠨ ᠲᠡᠷᠭᠡᠨ ᠳᠤ ᠰᠠᠭᠤᠬᠤ﹀ | ᠤᠷᠢᠯᠭ᠎ᠠ ᠶᠢ ᠮᠠᠷᠲᠠᠯ ᠦᠭᠡᠢ ᠶᠠᠷᠢᠵᠤ᠂ ᠶᠡᠷᠦᠩᠬᠡᠢ ᠱᠦᠵᠢ ᠶᠢᠨ ︿ᠭᠠᠭᠴᠠ ᠴᠡᠴᠡᠭ ᠳᠡᠯᠭᠡᠷᠡᠬᠦ ᠨᠢ ᠬᠠᠪᠤᠷ ᠤᠨ | ᠦᠵᠡᠮᠵᠢ ᠪᠢᠰᠢ᠂ ᠴᠡᠴᠡᠭ ᠪᠦᠬᠦᠨ ᠵᠡᠷᠭᠡ ᠪᠠᠷ ᠳᠡᠯᠭᠡᠷᠡᠪᠡᠯ ᠬᠠᠪᠤᠷ ᠤᠨ ᠦᠵᠡᠮᠵᠢ ᠲᠡᠭᠦᠰ﹀ ᠭᠡᠬᠦ ᠥᠭᠦᠯᠡᠮᠵᠢ ᠶᠢ | ᠠᠮᠲᠠᠷᠬᠠᠨ ᠶᠠᠷᠢᠳᠠᠭ᠃ ᠳᠤᠮᠳᠠᠳᠤ ᠮᠣᠩᠭᠤᠯ ᠤᠨ ᠬᠠᠷᠢᠯᠴᠠᠭ᠎ᠠ ᠪᠣᠯ ᠳᠤᠮᠳᠠᠳᠤ ᠤᠯᠤᠰ ᠬᠦᠷᠰᠢ ᠵᠡᠷᠭᠡᠯᠡᠳᠡᠭᠡ ᠶᠢᠨ | ᠤᠯᠤᠰ ᠤᠳ ᠲᠠᠢ ᠪᠠᠨ ᠠᠮᠢᠰᠬᠤᠭ᠎ᠠ ᠪᠠᠨ ᠨᠢᠭᠡᠳᠬᠡᠵᠦ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠠᠮᠢᠳᠤᠯᠢᠭ | ᠵᠢᠷᠤᠭᠯᠠᠯ ᠮᠦᠨ︾᠃ ᠮᠣᠩᠭᠤᠯ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠱᠧᠨ ᠮᠢᠨ | ᠵᠢᠤᠸᠠᠨ᠂ 21 ᠳ᠋ᠤᠭᠡᠷ ᠵᠠᠭᠤᠨ ᠪᠣᠯ ᠯᠠᠪᠲᠠᠢ ᠠᠽᠢᠶ᠎ᠠ ᠲᠢᠪ ᠤᠨ ᠵᠠᠭᠤᠨ ᠮᠥᠨ᠂ ᠳᠤᠮᠳᠠᠳᠤ ᠤᠯᠤᠰ ᠤᠨ ᠬᠦᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭ᠎ᠠ ᠯᠠᠪᠲᠠᠢ ᠶᠡᠭᠡ ᠦᠢᠯᠡᠰ ᠢ ᠪᠦᠲᠦᠭᠡᠨ᠎ᠡ᠃ ᠪᠢᠳᠡ ᠳᠤᠮᠳᠠᠳᠤ ᠤᠯᠤᠰ ᠤᠨ | ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠬᠦᠷᠰᠢ | ᠵᠡᠷᠭᠡᠯᠡᠳᠡᠭᠡ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠪᠤᠢ ᠪᠣᠯᠭᠠᠵᠤ᠂ ᠠᠽᠢᠶ᠎ᠠ ᠲᠢᠪ ᠢ | ᠦᠷᠭᠦᠯᠵᠢᠯᠡᠨ ᠲᠣᠭᠲᠠᠭᠤᠨ ᠬᠡᠰᠡᠭ ᠲᠠᠢ᠂ ᠬᠥᠭᠵᠢᠯᠲᠡ ᠶᠢᠨ ᠥᠨᠳᠦᠷᠯᠢᠭ ᠭᠠᠵᠠᠷ ᠪᠣᠯᠭᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠪᠠ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠰᠠᠶᠢᠲᠤᠷ ᠦᠢᠯᠡᠴᠢᠯᠡᠭᠦᠯᠬᠦ | ᠬᠡᠷᠡᠭᠲᠡᠢ ᠭᠡᠵᠦ ᠬᠡᠯᠡᠪᠡ᠃ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ | ᠰᠠᠶᠢᠳ ᠤᠨ ᠪᠦᠯᠬᠦᠮ ᠤᠨ ᠳᠠᠷᠤᠭ᠎ᠠ ᠾᠧᠦ ᠶᠠᠨ ᠴᠢ᠂ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠭᠠᠵᠠᠷ ᠵᠦᠢ ᠶᠢᠨ ᠲᠠᠯ᠎ᠠ ᠪᠠᠷ ᠬᠥᠷᠰᠢᠯᠡᠵᠦ᠂ ᠰᠣᠶᠣᠯ ᠤᠨ ᠲᠠᠯ᠎ᠠ ᠪᠠᠷ ᠬᠠᠷᠢᠯᠴᠠᠨ | ᠨᠡᠪᠲᠡᠷᠡᠯᠴᠡᠵᠦ᠂ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ᠂ 5 ᠵᠢᠯ | ᠳᠠᠷᠠᠭᠠᠯᠠᠨ ᠬᠠᠷᠢᠯᠴᠠᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠪᠣᠯᠪᠠ᠃ ᠳᠤᠮᠳᠠᠳᠤ ᠤᠯᠤᠰ ᠵᠡᠭᠦᠨ ᠡᠮᠦᠨᠡᠲᠦ | ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯ ᠴᠥᠮ ᠪᠦᠬᠦ ᠪᠥᠮᠪᠥᠷᠴᠡᠭ ᠤᠨ ᠡᠮᠦᠨᠡᠲᠦ ᠬᠡᠰᠡᠭ ᠲᠤ | ᠬᠠᠷᠢᠶᠠᠯᠠᠭᠳᠠᠬᠤ ᠪᠣᠯᠬᠤᠷ ᠴᠥᠮ ᠠᠽᠢᠶ᠎ᠠ ᠲᠢᠪ ᠤᠨ ᠦᠷᠳᠡᠭ ᠤᠨ ᠦᠵᠡᠯᠲᠡ ᠶᠢ ᠰᠠᠨᠠᠭᠠᠴᠢᠯᠠᠵᠤ᠂ ᠪᠣᠯᠪᠠᠰᠤᠨ ᠤ | ᠤᠯᠠᠨ ᠶᠠᠩᠵᠤᠲᠤ ᠴᠢᠨᠠᠷ ᠢ ᠬᠦᠨᠳᠦᠳᠬᠡᠳᠡᠭ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ | ᠳᠤᠮᠳᠠᠳᠤ ᠤᠯᠤᠰ ᠤᠨ ᠬᠥᠭᠵᠢᠯᠲᠡ ᠶᠢᠨ ᠵᠠᠮ ᠪᠣᠯᠣᠨ ᠣᠶᠢᠯᠠᠭᠠᠭᠳᠠᠬᠤᠨ ᠢ ᠮᠡᠳᠡᠷᠡᠵᠦ᠂ ᠳᠤᠮᠳᠠᠳᠤ ᠤᠯᠤᠰ ᠪᠣᠯ | ᠡᠯ᠎ᠡ ᠤᠯᠤᠰ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠳᠤᠲᠠᠭᠳᠠᠵᠤ ᠪᠣᠯᠣᠰᠢ ᠦᠭᠡᠢ ᠬᠠᠨᠢᠲᠠᠨ ᠪᠣᠯᠣᠨ᠎ᠠ ᠭᠡᠵᠦ | ᠦᠵᠡᠳᠡᠭ᠃ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠭᠠᠵᠠᠷ | ᠣᠷᠣᠨ ᠤ ᠬᠠᠮᠲᠤᠷᠠᠯᠴᠠᠭᠠᠨ ᠤ ᠲᠥᠯᠥᠪᠰᠢᠷᠡᠯ ᠤᠨ ᠭᠤᠣᠯ ᠪᠣᠯᠬᠤ ᠪᠠᠶᠢᠷᠢ ᠰᠠᠭᠤᠷᠢ ᠪᠠᠨ ᠬᠠᠮᠠᠭᠠᠯᠠᠬᠤ ᠶᠢ ᠡᠷᠡᠰ | ᠳᠡᠮᠵᠢᠬᠦ ᠶᠢᠨ ᠬᠠᠮᠲᠤ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠣᠯᠣᠨ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠠᠯᠳᠠᠨ ᠲᠣᠭᠤᠰᠬ᠎ᠠ ᠤᠯᠤᠰ ᠤᠳ ᠤᠨ ᠨᠢᠭᠲᠠ ᠬᠠᠷᠢᠯᠴᠠᠭ᠎ᠠ | ᠪᠠᠶᠢᠭᠤᠯᠬᠤ ᠶᠢ ᠠᠬᠢᠭᠤᠯᠵᠤ᠂ ᠵᠢᠩᠬᠢᠨᠢ ᠤᠯᠠᠨ ᠲᠠᠯᠠᠲᠤ ᠦᠵᠡᠯ ᠪᠣᠯᠣᠨ ᠨᠡᠭᠡᠭᠡᠯᠲᠡᠲᠤ ᠣᠷᠣᠨ ᠪᠦᠰᠡ ᠶᠢᠨ | ᠦᠵᠡᠯ ᠢ ᠬᠠᠮᠲᠤ ᠪᠠᠷ ᠦᠢᠯᠡᠳᠦᠯᠭᠡᠵᠢᠭᠦᠯᠵᠦ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠪᠣᠯᠣᠨ | ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠬᠠᠮᠲᠤ ᠪᠠᠷ ᠬᠠᠮᠠᠭᠠᠯᠠᠨ᠎ᠠ᠃ ᠪᠢᠳᠡ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠨᠡᠩ ᠨᠢᠭᠲᠠ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠠᠰᠢᠭᠲᠠᠢ ᠬᠦᠷᠰᠢ | ᠵᠡᠷᠭᠡᠯᠡᠳᠡᠭᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ ᠭᠡᠵᠤ ᠢᠯᠡᠳᠬᠡᠪᠡ᠃ | ᠣᠶᠢᠷ᠎ᠠ ᠶᠢᠨ ᠬᠤᠭᠤᠴᠠᠭᠠᠨ ᠳᠤ᠂ ᠠᠮᠧᠷᠢᠺᠠ ᠠᠴᠠ ᠳᠤᠮᠳᠠᠳᠤ ᠤᠯᠤᠰ ᠢ ᠪᠠᠭᠲᠠᠭᠠᠭᠰᠠᠨ ᠪᠤᠢ ᠪᠦᠬᠦᠢ | ᠠᠷᠠᠯᠵᠢᠶᠠᠨ ᠤ ᠬᠠᠨᠢᠲᠠᠨ ᠳᠤ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠬᠡᠷᠡᠭᠵᠢᠭᠦᠯᠵᠦ᠂ ᠡᠯ᠎ᠡ ᠤᠯᠤᠰ ᠤᠨ ᠵᠦᠢ | ᠶᠣᠰᠣᠨ ᠤ ᠡᠷᠬᠡ ᠠᠰᠢᠭ ᠲᠤ ᠬᠦᠨᠳᠦ ᠨᠣᠴᠢᠲᠠᠢ ᠬᠠᠯᠳᠠᠵᠤ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ | ᠪᠠᠶᠢᠭᠤᠯᠤᠯᠲᠠ ᠶᠢᠨ ᠳᠦᠷᠢᠮ ᠢ ᠬᠦᠨᠳᠦ ᠨᠣᠴᠢᠲᠠᠢ ᠵᠥᠷᠢᠴᠡᠵᠦ᠂ ᠳᠦᠷᠢᠮ ᠢᠶᠠᠷ ᠰᠠᠭᠤᠷᠢ ᠪᠣᠯᠭᠠᠭᠰᠠᠨ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠢ ᠬᠦᠨᠳᠦ ᠨᠣᠴᠢᠲᠠᠢ ᠬᠤᠬᠢᠷᠠᠭᠤᠯᠵᠤ᠂ ᠪᠦᠬᠦ ᠪᠥᠮᠪᠥᠷᠴᠡᠭ ᠤᠨ ᠠᠵᠤ | ᠠᠬᠤᠢ ᠶᠢᠨ ᠡᠮᠬᠢ ᠲᠢᠭᠯᠢᠮ ᠤᠨ ᠲᠣᠭᠲᠠᠭᠤᠨ ᠪᠠᠶᠢᠳᠠᠯ ᠢ ᠬᠦᠨᠳᠦ ᠨᠣᠴᠢᠲᠠᠢ ᠳᠠᠭᠠᠷᠢᠵᠤ᠂ ᠳᠤᠮᠳᠠᠳᠤ ᠤᠯᠤᠰ ᠤᠨ | ᠬᠦᠷᠰᠢ ᠵᠡᠷᠭᠡᠯᠡᠳᠡᠭᠡ ᠶᠢᠨ ᠡᠯ᠎ᠡ ᠤᠯᠤᠰ ᠢ ᠪᠠᠭᠲᠠᠭᠠᠭᠰᠠᠨ ᠤᠯᠠᠨ ᠤᠯᠤᠰ ᠤᠨ ᠨᠡᠶᠢᠭᠡᠮ ᠤᠨ ᠴᠢᠩᠭ᠎ᠠ ᠡᠰᠡᠷᠭᠦᠴᠡᠯ ᠢ | ᠣᠯᠪᠠ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ᠂ ᠨᠡᠭᠡᠭᠡᠯᠲᠡ ᠬᠢᠵᠦ ᠬᠠᠮᠲᠤᠷᠠᠯᠴᠠᠬᠤ ᠪᠣᠯ ᠲᠡᠦᠬᠡ ᠶᠢᠨ | ᠤᠷᠤᠰᠬᠠᠯ ᠮᠥᠨ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠪᠣᠯ ᠬᠥᠮᠥᠰ ᠤᠨ ᠰᠡᠳᠬᠢᠯ ᠤᠨ | ᠬᠠᠨᠳᠤᠰᠢ ᠮᠥᠨ᠃ ᠪᠢᠳᠡ ᠲᠡᠦᠬᠡ ᠶᠢᠨ ᠵᠥᠪ ᠲᠠᠯ᠎ᠠ᠂ ᠬᠥᠮᠥᠨ ᠲᠥᠷᠥᠯᠬᠢᠲᠡᠨ ᠤ ᠪᠣᠯᠪᠠᠰᠤᠨ ᠲᠠᠪᠰᠢᠯᠳᠠ ᠶᠢᠨ | ᠲᠠᠯ᠎ᠠ ᠳᠤ ᠡᠷᠡᠰ ᠵᠣᠭᠰᠣᠵᠤ᠂ ᠬᠦᠷᠰᠢ ᠵᠡᠷᠭᠡᠯᠡᠳᠡᠭᠡ ᠶᠢᠨ ᠤᠯᠤᠰ ᠤᠳ ᠲᠠᠢ ᠬᠠᠮᠲᠤ ᠪᠠᠷ ︽ᠬᠦᠴᠦᠷᠬᠡᠭᠯᠡᠯ ᠪᠣᠯ | ᠳᠠᠷᠤᠢ ᠢᠯᠡ ᠶᠣᠰᠣ︾ ᠶᠢ ᠡᠷᠡᠰ ᠡᠰᠡᠷᠭᠦᠴᠡᠵᠦ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠪᠠ | ᠡᠯ᠎ᠡ ᠤᠯᠤᠰ ᠤᠨ ᠵᠦᠢ ᠶᠣᠰᠣᠨ ᠤ ᠡᠷᠬᠡ ᠠᠰᠢᠭ ᠢ ᠬᠠᠮᠲᠤ ᠪᠠᠷ ᠬᠠᠮᠠᠭᠠᠯᠠᠬᠤ ᠬᠡᠷᠡᠭᠲᠡᠢ ᠭᠡᠵᠤ ᠢᠯᠡᠳᠬᠡᠵᠡᠭᠡᠪᠡ᠃ |