ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/17
    ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ ᠣᠶᠢᠷ᠎ᠠ ᠳᠤ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠵᠠᠩ ᠶᠦᠩ ᠲᠠᠶᠢᠴᠢᠯᠠᠯᠳᠠ ᠶᠢᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠬᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠤᠬᠠᠢ ᠱᠠᠭᠠᠷᠳᠠᠯᠭ᠎ᠠ ᠳᠤᠷᠠᠳᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠥᠪ ᠤᠨ ᠠᠷᠪᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠠᠢ︔ ᠥᠪᠡᠷᠲᠡᠭᠡᠨ ᠵᠠᠰᠠᠬᠤ ᠣᠷᠣᠨ ᠤ ᠲᠤᠰᠢᠶᠠᠯ ᠳᠤ ᠪᠠᠶᠢᠭ᠎ᠠ ᠪᠤᠰᠤᠳ ᠳᠡᠳ᠋ ᠮᠤᠵᠢ ᠶᠢᠨ ᠲᠡᠰ ᠤᠨ ᠤᠳᠤᠷᠢᠳᠬᠤ ᠺᠠᠳ᠋ᠷ᠂ ᠮᠤᠵᠢ ᠶᠢᠨ ᠲᠡᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠤᠳᠤᠷᠢᠳᠬᠤ ᠪᠠᠭ ᠤᠨ ᠪᠦᠷᠢᠯᠳᠦᠬᠦᠨ᠂ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠪᠣᠯᠤᠨ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠪᠣᠯᠤᠨ ᠮᠠᠨ ᠤ ᠣᠷᠣᠨ ᠳᠤ ᠰᠠᠭᠤᠭ᠎ᠠ ᠲᠥᠪ ᠤᠨ ᠬᠤᠯᠪᠣᠭᠳᠠᠯ ᠪᠦᠬᠦᠢ  ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ︔ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ︵ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ︶ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︵ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠢᠶ᠎ᠠ︶᠂ ᠵᠠᠰᠠᠭ ᠤᠨ ᠣᠷᠳᠣᠨ ︵ᠵᠠᠬᠢᠷᠭ᠎ᠠ︶᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯ ᠳᠤ ᠰᠤᠯᠠ ᠣᠷᠣᠯᠴᠠᠪᠠ᠃    ᠴᠧᠨ ᠵᠠᠩ ᠶᠦᠩ᠂ ᠲᠣᠭᠤᠷᠢᠨ ᠪᠠᠶᠢᠴᠠᠭᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠦᠷᠢᠮ ᠤᠨ ᠲᠤᠬᠢᠷᠠᠭᠤᠯᠤᠯᠳᠠ ᠮᠥᠨ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠢᠨᠠᠯᠲᠠ ᠲᠠᠯᠪᠢᠬᠤ ᠶᠢ ᠵᠥᠪ ᠲᠠᠨᠢᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢ ᠢᠳᠡᠪᠬᠢᠲᠡᠶ ᠳᠡᠮᠵᠢᠨ ᠬᠠᠮᠵᠢᠯᠴᠠᠵᠤ᠂ ᠨᠠᠮ ᠤᠨ ᠲᠥᠪ ᠬᠤᠷᠢᠶ᠎ᠠ ᠠᠴᠠ ᠲᠤᠰᠢᠶᠠᠭᠰᠠᠨ ᠲᠣᠭᠤᠷᠢᠨ ᠪᠠᠶᠢᠴᠠᠭᠠᠬᠤ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠴᠧᠨ ᠵᠠᠩ ᠶᠦᠩ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠬᠤ ᠪᠠᠶᠢᠷᠢ ᠲᠣᠭᠲᠠᠭᠠᠯᠲᠠ ᠶᠢ ᠲᠣᠪᠤᠶᠢᠯᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠳᠣᠣᠱᠯᠠᠭᠤᠯᠵᠦ᠂ ᠲᠤᠭ ᠲᠡᠮᠳᠡᠭ ᠲᠣᠳᠣᠷᠬᠠᠢ ᠪᠠᠷ ︽ᠬᠤᠶᠠᠷ ᠢ ᠬᠠᠮᠠᠭᠠᠯᠠᠬᠤ︾ ᠶᠢ ᠦᠨᠳᠦᠰᠦᠨ ᠡᠭᠦᠷᠭᠡ ᠪᠠᠨ ᠪᠣᠯᠭᠠᠨ᠎ᠠ᠃ ᠭᠤᠣᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠴᠢᠩᠭ᠎ᠠ ᠪᠠᠶᠢᠬᠤ ᠦᠨᠳᠦᠰᠦᠨ ᠬᠦᠭ ᠠᠶᠠᠰ ᠢ ᠪᠠᠷᠢᠮᠲᠠᠯᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠦᠨᠡᠨ ᠠᠴᠠ ᠵᠥᠪ ᠢ ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠣᠨᠣᠪᠴᠢᠲᠠᠢ ᠪᠥᠭᠡᠳ ᠪᠦᠲᠦᠮᠵᠢᠲᠡᠢ ᠥᠷᠨᠢᠭᠦᠯᠤᠨ᠎ᠡ᠃ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠤᠬᠰᠠᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠬᠰᠠᠨ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠬᠦᠯᠦᠨ ᠠᠬᠢᠭᠤᠯᠤᠬᠰᠠᠨ᠂ ᠤᠳᠤᠷᠢᠳᠬᠤ ᠪᠠᠭ᠂ ᠺᠠᠳ᠋ᠷ ᠴᠢᠳᠠᠪᠤᠷᠢᠲᠠᠨ ᠤ ᠡᠩᠨᠡᠭᠡ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠬᠰᠠᠨ ᠵᠢᠴᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠬᠦᠨᠵᠡᠬᠡᠢ ᠤᠶᠢᠯᠠᠭᠠᠵᠤ᠂ ᠡᠷᠬᠡ ᠪᠣᠯᠣᠨ ᠬᠠᠷᠢᠭᠤᠴᠠᠯᠭ᠎ᠠ ᠶᠢ ᠴᠢᠩᠭ᠎ᠠ ᠠᠩᠬᠠᠷᠴᠤ᠂ ︽ᠨᠢᠬᠡᠳᠦᠬᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠤ᠂ ᠤᠯᠤᠰ ᠲᠦᠷᠦ ᠶᠢᠨ ᠵᠥᠷᠢᠶ᠎ᠡ ᠶᠢ ᠬᠦᠴᠦᠯᠡᠨ ᠡᠷᠢᠵᠦ᠂ ᠲᠣᠪᠤᠶᠢᠮ᠎ᠠ ᠠᠰᠠᠭᠤᠳᠠᠯ ᠢ ᠰᠶᠢᠳᠪᠦᠷᠢᠯᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠨᠭ᠍ᠭᠠᠨ᠎ᠠ ᠭᠡᠵᠤ ᠵᠢᠭᠠᠵᠤ ᠭᠠᠷᠭᠠᠪᠠ᠃    ᠰᠦᠨ ᠱᠤᠤ ᠴᠧᠩ᠂ ᠡᠨᠡ ᠤᠳᠠᠭ᠎ᠠ ᠶᠢᠨ ᠲᠣᠭᠤᠷᠢᠨ ᠪᠠᠶᠢᠴᠠᠭᠠᠯᠲᠠ ᠪᠣᠯ ᠥᠪᠥᠷ ᠮᠣᠩᠭᠤᠯ ᠳᠤ ᠬᠢᠭᠰᠡᠨ ᠨᠢᠭᠡ ᠤᠳᠠᠭ᠎ᠠ ᠶᠢᠨ ᠪᠦᠬᠦ ᠲᠠᠯ᠎ᠠ ᠶᠢᠨ ᠤᠯᠤᠰ ᠲᠦᠷᠦ ᠶᠢᠨ ᠪᠠᠶᠢᠴᠠᠭᠠᠯᠲᠠ ᠪᠠ ᠬᠦᠴᠦᠲᠡᠢ ᠠᠵᠢᠯ ᠤᠨ ᠵᠢᠯᠣᠭᠤᠳᠤᠯᠭ᠎ᠠ ᠪᠠᠶᠢᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠠ ᠭᠦᠨ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠪᠦᠬᠦ ᠣᠷᠣᠨ ᠤ ᠡᠯ᠎ᠡ ᠱᠠᠲᠤᠨ ᠤ ᠬᠢᠨ ᠤᠬᠠᠮᠰᠠᠷ ᠠᠴᠠ ᠪᠠᠨ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢᠨ ᠬᠦᠴᠦᠲᠡᠢ ᠠᠬᠢᠭᠤᠯᠤᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠳᠤ ᠬᠠᠮᠵᠢᠯᠴᠠᠵᠤ᠂ ᠪᠠᠶᠢᠳᠠᠯ ᠢ ᠦᠨᠡᠨ ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠰᠠᠬᠢᠬᠤ ᠬᠡᠷᠡᠭᠲᠡᠢ᠃ ᠲᠣᠭᠤᠷᠢᠨ ᠪᠠᠶᠢᠴᠠᠭᠠᠯᠳᠠ ᠳᠤ ᠵᠢᠭᠠᠵᠤ ᠭᠠᠷᠭᠠᠭᠰᠠᠨ ᠠᠰᠠᠭᠤᠳᠠᠯ ᠢ ᠲᠦᠷᠭᠡᠨ ᠰᠠᠶᠢᠵᠢᠷᠠᠭᠤᠯᠬᠤ᠂ ᠦᠨᠡᠨ ᠬᠦ ᠰᠠᠶᠢᠵᠢᠷᠠᠭᠤᠯᠵᠤ ᠪᠣᠳᠠᠲᠠᠢ ᠰᠠᠶᠢᠵᠢᠷᠠᠭᠤᠯᠬᠤ ᠶᠢ ᠴᠢᠩᠭ᠎ᠠ ᠠᠳᠬᠤᠬᠤ ᠬᠡᠷᠡᠭᠲᠡᠢ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠪᠠᠷ ᠠᠵᠠ ᠲᠣᠬᠢᠶᠠᠯ ᠪᠣᠯᠭᠠᠨ ᠥᠭᠡᠷᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠵᠤ᠂ ︽ᠨᠢᠭᠡ ᠭᠤᠣᠯ ᠰᠢᠵᠢᠮ︾᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠰᠠᠶᠢᠲᠤᠷ ᠠᠳᠬᠤᠵᠤ᠂ ᠪᠦᠬᠦ ᠣᠷᠣᠨ ᠤ ᠳᠡᠭᠡᠷ᠎ᠡ ᠳᠣᠣᠷ᠎ᠠ ᠱᠠᠲᠤ ᠶᠢ ᠬᠥᠲᠥᠯᠥᠨ ᠵᠢᠯᠤᠭᠤᠳᠴᠤ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠠᠲᠠᠭᠤᠵᠢᠯᠲᠠᠢ ᠠᠵᠢᠯᠯᠠᠨ ᠪᠣᠳᠠᠲᠠᠢ ᠠᠵᠢᠯᠯᠠᠵᠤ᠂ ᠡᠴᠦᠰ ᠲᠦᠨᠢ ᠲᠤᠯᠲᠠᠯ᠎ᠠ ᠠᠵᠢᠯᠯᠠᠬᠤ ᠬᠡᠷᠡᠭᠲᠡᠢ ᠭᠡᠵᠤ ᠢᠯᠡᠳᠬᠡᠪᠡ᠃    ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ 2 ᠰᠠᠷ᠎ᠠ ᠬᠠᠭᠠᠰ ᠰᠢᠬᠠᠮ ᠠᠵᠢᠯᠯᠠᠬᠤ ᠪᠣᠯᠣᠨ᠎ᠠ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠲᠤᠰᠬᠠᠢ ᠵᠢᠵᠢᠭᠦᠷᠯᠡᠬᠦ ᠤᠲᠠᠰᠤ ᠶᠢ ᠲᠣᠬᠢᠷᠠᠭᠤᠯᠪᠠ᠄ 0471 — 4860211᠂ ᠡᠳᠦᠷ ᠪᠦᠷᠢ ᠶᠢᠨ ᠤᠲᠠᠰᠦ ᠶᠢ ᠬᠦᠯᠢᠶᠡᠨ ᠠᠪᠴᠤ ᠰᠶᠢᠳᠪᠦᠷᠢᠯᠡᠬᠦ ᠴᠠᠭ ᠨᠢ 8᠄ 00 ᠠᠴᠠ 18᠄ 00︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ A880 ᠳ᠋ᠤᠭᠠᠷ ᠵᠠᠬᠢᠳᠠᠯ ᠤᠨ ᠬᠠᠶᠢᠷᠴᠠᠭ᠃ ᠲᠣᠭᠤᠷᠢᠨ ᠪᠠᠶᠢᠴᠠᠭᠠᠬᠤ ᠳᠤᠭᠤᠶᠢᠯᠠᠩ 2025 ᠣᠨ ᠤ 6 ᠰᠠᠷ᠎ᠠ ᠶᠢᠨ 23 ᠪᠤᠯᠲᠠᠯ᠎ᠠ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠴᠤ ᠰᠶᠢᠳᠪᠦᠷᠢᠯᠡᠨ᠎ᠡ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠤᠨ ᠲᠣᠭᠲᠠᠭᠠᠯ ᠢ ᠦᠨᠳᠦᠰᠦᠯᠡᠪᠡᠯ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠳᠡᠰ ᠤᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠭᠤᠣᠯ ᠬᠠᠷᠢᠭᠤᠴᠠᠯᠭᠠᠲᠠᠨ ᠪᠣᠯᠣᠨ ᠭᠤᠣᠯᠳᠠᠯᠭ᠎ᠠ ᠲᠠᠢ ᠠᠵᠢᠯ ᠤᠨ ᠪᠠᠶᠢᠷᠢ ᠳᠠᠬᠢ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠣᠷᠪᠤᠯᠵᠢᠯᠠᠯ ᠢ ᠬᠦᠯᠢᠶᠡᠨ ᠠᠪᠴᠦ ᠰᠶᠢᠳᠪᠦᠷᠢᠯᠡᠨ᠎ᠠ᠂ ᠭᠤᠣᠯᠳᠠᠯᠭ᠎ᠠ ᠨᠢ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠬᠢ ᠢᠯᠡᠴᠢᠯᠡᠨ ᠮᠡᠳᠡᠭᠦᠯᠦᠭᠰᠡᠨ ᠪᠠ ᠲᠤᠰᠬᠠᠭᠰᠠᠨ ᠶᠠᠪᠤᠳᠠᠯ ᠪᠣᠯᠣᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠶᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠲᠣᠭᠲᠠᠭᠠᠯ ᠶᠣᠰᠣᠭᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠰᠶᠢᠳᠪᠦᠷᠢᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号