4 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠨᠣᠭᠤᠭᠠᠷᠠᠭᠤᠯᠤᠯᠲᠠ ᠶᠢ ᠥᠷᠭᠡᠳᠭᠡᠵᠦ ᠨᠣᠭᠤᠭᠠᠷᠠᠭᠤᠯᠤᠯᠲᠠ ᠶᠢ ᠬᠥᠭᠵᠢᠭᠦᠯᠬᠦ ᠨᠣᠭᠤᠭᠠᠷᠠᠭᠤᠯᠤᠯᠲᠠ ᠶᠢ ᠬᠠᠮᠠᠭᠠᠯᠠᠬᠤ | ︽ᠭᠤᠷᠪᠠᠨ ᠨᠣᠭᠤᠭᠠᠷᠠᠭᠤᠯᠤᠯᠲᠠ︾ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠣᠶ ᠰᠢᠭᠤᠶ ᠶᠢᠨ ᠤᠰᠤᠨ ᠤ | ᠬᠥᠮᠥᠷᠬᠡ᠂ ᠵᠣᠭᠤᠰᠣᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ᠵᠡᠷᠭᠡ ︽ | ᠳᠥᠷᠪᠡᠨ ᠬᠥᠮᠥᠷᠭᠡ︾ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ | ᠡᠬᠢ ᠪᠠᠶᠠᠯᠢᠭ ᠢ ᠠᠮᠢᠳᠤᠯᠢᠭ ᠢᠶᠠᠷ ᠬᠡᠷᠡᠭᠯᠡᠵᠦ᠂ ᠣᠶ ᠰᠢᠭᠤᠶ ᠨᠤᠲᠤᠭ ᠪᠡᠯᠴᠢᠭᠡᠷ ᠤᠨ ᠠᠵᠤ ᠦᠢᠯᠡᠰ ᠢ | ᠪᠤᠵᠠᠭᠠᠶᠢᠷᠠᠭᠤᠯᠵᠤ᠂ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ | ᠴᠢᠬᠤᠯᠠ ᠶᠡᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠥᠷᠭᠡᠳᠭᠡᠬᠦ ᠬᠡᠷᠡᠭᠲᠡᠶ᠃ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠶᠢᠨ ᠬᠦᠷᠢᠶᠡᠨ ᠤ ᠤᠰᠤ ᠠᠷᠪᠢᠯᠠᠬᠤ᠂ ᠴᠢᠬᠢ ᠮᠣᠳᠣᠨ ᠤ | ᠬᠠᠩᠭᠠᠯᠭ᠎ᠠ ᠶᠢ ᠪᠠᠲᠤᠯᠠᠬᠤ ᠪᠠ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠢᠬᠢ ᠮᠣᠳᠣ ᠰᠣᠩᠭᠤᠵᠤ᠂ ᠡᠳᠡᠭᠡᠷᠡᠯᠲᠡ ᠶᠢᠨ ᠨᠤᠷᠮ᠎ᠠ ᠶᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ 2000 ᠲᠦᠮᠡᠨ ᠮᠦ ᠠᠴᠠ ᠳᠡᠭᠡᠭᠰᠢᠬᠢ ᠡᠯᠡᠰᠦ ᠶᠢ ᠵᠠᠰᠠᠬᠤ ᠣᠨ ᠤ ᠡᠭᠦᠷᠭᠡ ᠶᠢ | ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠶᠢᠨ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠤᠯᠤᠰ ᠤᠨ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠤᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠰᠠᠶᠢᠲᠤᠷ | ᠬᠡᠷᠡᠭᠵᠢᠭᠦᠯᠵᠦ᠂ ᠬᠦᠷᠰᠢ ᠵᠡᠷᠭᠡᠯᠡᠳᠡᠭᠡ ᠤᠯᠤᠰ ᠯᠤᠭ᠎ᠠ ᠶᠢᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ | ᠨᠠᠷᠢᠨ ᠨᠢᠮᠪᠠᠶ ᠤᠬᠠᠭᠠᠯᠠᠨ ᠲᠥᠰᠦᠪᠯᠡᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠵᠤ ᠭᠠᠳᠠᠭᠠᠳᠤ ᠪᠠᠯᠠ ᠶᠢ | ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠢᠨ | ᠭᠠᠳᠠᠭᠠᠳᠤ ᠳᠤ ᠠᠶᠢᠯᠴᠢᠯᠠᠵᠤ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠰᠠᠶᠢᠲᠤᠷ ᠨᠠᠶᠢᠳᠠᠪᠤᠷᠢᠵᠢᠭᠤᠯᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠤᠨ ᠪᠥᠲᠥᠭᠡᠨ ᠪᠠᠶᠢᠭᠤᠯᠤᠯᠲᠠ ᠠᠵᠢᠯᠯᠠᠭᠠᠨ ᠤ ᠬᠠᠮᠢᠶᠠᠷᠤᠯᠲᠠ ᠶᠢᠨ ᠠᠷᠭ᠎ᠠ ᠶᠢ ᠰᠤᠳᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠠᠶᠢᠬᠤ ᠡᠰᠡᠬᠦ᠂ ᠰᠠᠶᠢᠨ ᠪᠠᠶᠢᠬᠤ ᠡᠰᠡᠬᠦ᠂ | ᠬᠦᠴᠦᠷᠬᠡᠭ ᠪᠠᠶᠢᠬᠤ ᠡᠰᠡᠬᠦ ᠠᠰᠠᠭᠤᠳᠠᠯ ᠢ ᠰᠢᠢᠳᠪᠦᠷᠢᠯᠡᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ᠂ ᠴᠢᠳᠠᠪᠤᠷᠢᠲᠠᠨ ᠤ ᠡᠬᠢ ᠪᠠᠶᠠᠯᠢᠭ ᠢ ᠵᠤᠯᠭᠠᠯᠴᠠᠭᠤᠯᠤᠨ ᠬᠠᠮᠳᠤᠷᠠᠯᠴᠠᠭᠤᠯᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠭᠦᠨᠵᠡᠭᠡᠶ ᠠᠭᠤᠰᠤᠯᠴᠠᠯ ᠢ | ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ | ᠣᠷᠣᠭᠤᠯᠤᠬᠰᠠᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠦᠷᠢᠮ ᠤᠨ | ᠬᠠᠮᠢᠶᠠᠷᠤᠯᠲᠠ ᠶᠢᠨ ᠠᠷᠭ᠎ᠠ ᠶᠢ ᠬᠢᠨᠠᠨ ᠵᠥᠪᠯᠡᠵᠦ ᠪᠠᠲᠤᠯᠠᠨ᠂ ᠲᠣᠭᠲᠠᠭᠰᠠᠨ ᠪᠤᠯ ᠲᠠᠷᠦ᠋ᠢᠬᠠᠨ ᠭᠦᠢᠴᠡᠳᠭᠡᠵᠦ᠂ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠣᠷᠣᠯᠠᠨ ᠪᠦᠳᠦᠬᠡᠨ ᠪᠠᠶᠢᠭᠤᠯᠬᠤ ᠢᠨᠵᠧᠨᠧᠷᠢᠩ ᠢ ᠴᠢᠨᠠᠷ | ᠰᠠᠶᠢᠲᠠᠶ ᠰᠣᠳᠣᠨ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠢ᠃ 5000 ᠲᠦᠮᠡᠨ ᠲᠥᠭᠦᠷᠢᠭ ᠠᠴᠠ | ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠬᠰᠠᠨ 922 ᠲᠦᠷᠦᠯ ᠵᠦᠢᠯ ᠤᠨ ᠠᠬᠢᠴᠠ ᠶᠢ | ᠲᠦᠷᠭᠡᠳᠭᠡᠵᠦ᠂ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ | ᠲᠦᠢᠮᠣ ᠲᠥᠰᠦᠪ ᠠᠴᠠ ᠳᠠᠪᠠᠭᠤᠯᠤᠨ ᠪᠦᠲᠦᠭᠡᠨ ᠪᠠᠶᠢᠭᠤᠯᠬᠤ ᠪᠠ ᠪᠠᠷᠢᠯᠭ᠎ᠠ ᠶᠢᠨ ᠵᠣᠭᠤᠰ ᠢ ᠥᠷᠢᠲᠦᠬᠦ ᠶᠢ | ᠴᠢᠩᠭ᠎ᠠ ᠰᠡᠷᠭᠡᠶᠢᠯᠡᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠬᠰᠠᠨ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠬᠤ ᠵᠡᠷᠭᠡ | ᠶᠠᠪᠤᠳᠠᠯ ᠢ ᠰᠤᠳᠤᠯᠪᠠ᠃ |