ᠠᠶᠢᠮᠠᠭ ᠤᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/2
     4 ᠰᠠᠷ᠎ᠠ ᠶᠢᠨ 1᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ᠂ ᠨᠢᠭᠡ ᠭᠤᠤᠯ ᠰᠢᠵᠢᠮ ᠢ ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽157︾ ᠰᠡᠳᠬᠢᠮᠵᠢ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠠᠶᠢᠮᠠᠭ ᠤᠨ ᠨᠡᠶᠢᠭᠡᠮ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
1.jpg
    ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠬᠠᠶ ᠢᠦᠶ ᠬᠤᠷᠠᠯ ᠢ ᠡᠷᠭᠢᠯᠡᠪᠡ᠃ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠶ᠃
2.jpg
      ᠬᠤᠸᠠᠩ ᠶᠠ ᠯᠢ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠢ ᠭᠦᠨᠵᠡᠭᠡᠶ ᠣᠶᠢᠯᠠᠭᠠᠵᠤ᠂ ᠮᠠᠨ ᠤ ᠠᠶᠢᠮᠠᠭ ᠤᠨ ᠨᠡᠶᠢᠭᠡᠮ ᠤᠨ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠳᠤ ᠰᠡᠷᠭᠡᠭ ᠬᠠᠨᠳᠤᠵᠤ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠷᠢᠶᠡᠨ ᠳᠠᠬᠢ ︽ᠲᠣᠭᠲᠠᠭᠤᠨ︾᠎ ᠢᠶᠠᠷ ᠥᠭᠡᠷᠡᠴᠢᠯᠡᠯᠲᠡ ᠬᠥᠭᠵᠢᠯᠲᠡ ᠶᠢᠨ ︽ᠤᠷᠤᠭᠰᠢᠯᠠᠬᠤ︾᠎ ᠶᠢ ᠪᠠᠲᠤᠯᠠᠬᠤ ᠬᠡᠷᠡᠭᠲᠡᠶ᠃ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠬᠤᠶᠠᠷ ᠪᠦᠷᠬᠦᠴᠡ ᠶᠢᠨ ᠲᠠᠯ᠎ᠠ ᠪᠠᠷ ᠬᠡᠪᠴᠢᠶ᠎ᠡ ᠶᠢ ᠥᠷᠭᠡᠳᠬᠡᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ ᠲᠠᠯ᠎ᠠ ᠪᠠᠷ ᠬᠤᠣᠰ ᠴᠢᠭᠯᠡᠯ ᠢᠶᠠᠷ ᠬᠦᠴᠦᠯᠡᠵᠦ᠂ ᠬᠠᠮᠵᠢᠯᠴᠠᠨ ᠬᠥᠳᠡᠯᠦᠯᠴᠡᠬᠦ ᠶᠢ ᠭᠦᠨᠵᠡᠭᠡᠶᠢᠷᠡᠭᠦᠯᠬᠦ ᠲᠠᠯ᠎ᠠ ᠪᠠᠷ ᠲᠣᠭᠲᠠᠴᠠ ᠶᠢ ᠰᠢᠯᠤᠭᠤᠳᠬᠠᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠤᠷᠢᠶᠠᠯᠠᠬᠤ ᠬᠦᠴᠦᠨ᠂ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠲᠦᠰᠢᠭ ᠲᠤᠯᠭᠠᠭᠤᠷᠢ ᠶᠢ ᠪᠠᠶᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠵᠦ᠂ ᠳᠠᠷᠤᠭᠠᠰᠤ ᠶᠢ ᠬᠥᠩᠭᠡᠷᠡᠭᠦᠯᠦᠨ ᠴᠢᠳᠠᠪᠤᠷᠢ ᠣᠯᠭᠤᠬᠤ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠤᠨ  ᠣᠯᠠᠨ ᠳᠦᠮᠡᠨ ᠳᠤ ᠦᠢᠯᠡᠴᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠡᠳᠬᠢᠯ ᠲᠠᠯᠪᠢᠨ ᠰᠡᠳᠬᠢᠯᠭᠡ ᠲᠠᠢ ᠪᠠᠷ ᠰᠠᠶᠢᠲᠤᠷ ᠬᠢᠵᠦ᠂ ᠠᠷᠠᠳ ᠲᠦᠮᠡᠨ ᠤ ᠰᠠᠨᠠᠭᠤᠯᠭ᠎ᠠ ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠲᠥᠯᠥᠭᠡ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠬᠦ ᠬᠡᠷᠡᠭᠲᠡᠢ᠃ ᠨᠡᠶᠢᠭᠡᠮ ᠤᠨ ᠠᠵᠢᠯ ᠢ ᠰᠠᠶᠢᠲᠤᠷ ᠬᠢᠬᠦ ᠪᠦᠬᠦᠯᠢ ᠴᠣᠭᠴᠠ ᠶᠢᠨ ᠬᠠᠮᠲᠤᠷᠠᠯ ᠤᠨ ᠬᠦᠴᠦᠨ ᠢ ᠴᠢᠩᠭᠠᠳᠬᠠᠵᠤ᠂ ᠡᠭᠦᠷᠭᠡ ᠴᠢᠳᠠᠮᠵᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠠᠵᠢᠯ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠨᠢᠭᠡᠳᠭᠡᠬᠦ ᠰᠠᠯᠭᠠᠬᠤ ᠶᠢ  ᠣᠶᠠᠯᠳᠣᠭᠤᠯᠣᠭᠰᠠᠨ᠂ ᠬᠠᠮᠵᠢᠯᠴᠠᠨ ᠥᠨᠳᠥᠷ ᠪᠦᠲᠦᠮᠵᠢᠲᠡᠢ ᠪᠠᠶᠢᠬᠤ ᠠᠵᠢᠯ ᠤᠨ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠲᠡᠢ ᠬᠡᠪᠡ᠃     ᠬᠤᠷᠠᠯ ᠳᠡᠭᠡᠷ᠎ᠡ᠂ ᠠᠯᠠᠱᠠ ᠵᠡᠭᠦᠨ ᠬᠤᠰᠢᠭᠤ᠂ ᠡᠵᠡᠨ᠎ᠡ ᠬᠤᠰᠢᠭᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠤᠣᠯ ᠬᠠᠷᠢᠭᠤᠴᠠᠯᠭᠠᠲᠠᠨ ᠰᠠᠨᠠᠯ ᠢᠶᠠᠨ ᠰᠣᠯᠢᠯᠴᠠᠬᠤ ᠦᠭᠡ ᠬᠡᠯᠡᠪᠡ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠢ ᠲᠤᠬᠢᠷᠠᠭᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号