ᠠᠯᠠᠱᠠ ᠵᠡᠭᠦᠨ ᠬᠤᠰᠢᠭᠤ ᠤᠯᠠᠨ ᠲᠦᠮᠡᠨ ᠳᠤ ᠲᠥᠷᠥ ᠶᠢᠨ ᠪᠣᠳᠣᠯᠭ᠎ᠠ ᠣᠬᠠᠭᠤᠯᠣᠨ ᠠᠵᠢᠯ ᠣᠯᠭᠤᠯᠲᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/21
    ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠠᠶᠠᠨᠬᠤᠲᠠ ᠶᠢᠨ 6 ᠭᠠᠴᠠᠭ᠎ᠠ ᠲᠣᠰᠬᠤᠨ ᠵᠢᠴᠢ ᠠᠯᠠᠱᠠ ᠵᠡᠭᠦᠨ ᠬᠤᠰᠢᠭᠤᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠭᠡᠯᠡᠳ ᠵᠡᠭᠡᠯᠢ ᠭᠤᠳᠤᠮᠵᠢ ᠶᠢᠨ ᠠᠨᠳᠠ ᠨᠡᠶᠢᠭᠡᠮ ᠲᠣᠭᠤᠷᠢᠭ ᠵᠡᠷᠭᠡ ᠪᠠᠶᠢᠭᠤᠯᠭ᠎ᠠ ᠨᠢᠭᠡᠴᠡ ᠶᠢᠨ 15 ᠨᠠᠮ ᠤᠨ ᠡᠭᠦᠷ ᠲᠠᠢ ᠬᠠᠮᠲᠤᠷᠠᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠤ ᠠᠵᠢᠯ ᠤᠯᠬᠤ ᠳᠤ ᠬᠦᠴᠢᠷ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠪᠡ᠃    ᠥᠭᠡᠯᠡᠳ ᠵᠡᠭᠡᠯᠢ ᠭᠤᠳᠤᠮᠵᠢ ᠶᠢᠨ ᠰᠢᠭᠤᠳ ᠨᠡᠪᠲᠡᠷᠡᠭᠦᠯᠭᠡ ᠶᠢᠨ ᠲᠠᠰᠤᠭ ᠲᠤ᠂ ᠠᠵᠢᠯᠲᠠᠳ ᠰᠦᠯᠵᠢᠶᠡᠨ ᠳᠡᠭᠡᠷᠡᠬᠢ ᠲᠠᠪᠴᠠᠩ ᠢᠶᠠᠷ ᠤᠯᠠᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠠᠭᠤᠯᠭ᠎ᠠ ᠶᠢ ᠨᠠᠷᠢᠨ ᠲᠠᠶᠢᠯᠪᠤᠷᠢᠯᠠᠵᠤ ᠥᠭᠬᠦ ᠶᠢᠨ ᠬᠠᠮᠲᠤ ᠣᠯᠠᠨ ᠤ ᠠᠰᠠᠭᠤᠯᠲᠠ ᠶᠢ ᠬᠠᠷᠢᠭᠤᠯᠵᠦ ᠪᠠᠶᠢᠯ᠎ᠠ᠃ ᠡᠭᠦᠨ ᠠᠴᠠ ᠭᠠᠳᠠᠨ᠎ᠠ᠂ ᠰᠦᠯᠵᠢᠶᠡᠨ ᠭᠠᠳᠠᠨᠠᠬᠢ ᠭᠤᠤᠯ ᠬᠤᠷᠠᠯ ᠤᠨ ᠲᠠᠯᠠᠪᠠᠶ ᠶᠢ ᠪᠠᠶᠠᠨᠬᠤᠲᠠ ᠪᠠᠯᠭᠠᠰᠣᠨ ᠤ ᠵᠠᠰᠠᠭ ᠤᠨ ᠤᠷᠳᠤᠨ ᠤ ᠬᠤᠷᠠᠯ ᠤᠨ ᠬᠡᠷ ᠲᠤ ᠪᠠᠶᠢᠷᠢᠯᠠᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠯᠠᠨ ᠲᠦᠮᠡᠨ ᠳᠤ ᠠᠵᠢᠯ ᠣᠯᠵᠤ ᠦᠢᠯᠡᠰ ᠪᠤᠰᠬᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠶᠢᠨ ᠬᠠᠮᠲᠤ᠂ ᠰᠢᠯᠢᠳᠡᠭ ᠦᠢᠯᠡᠰ ᠪᠤᠰᠬᠠᠭᠴᠢ ᠶᠢ ᠤᠷᠢᠵᠤ ᠲᠤᠷᠰᠢᠯᠭ᠎ᠠ ᠪᠠᠨ ᠬᠤᠪᠢᠶᠠᠯᠴᠠᠨ᠂ ᠣᠯᠠᠨ ᠲᠦᠮᠡᠨ ᠤ ᠠᠵᠢᠯ ᠤᠯᠬᠤ ᠤᠷᠮ᠎ᠠ ᠵᠣᠷᠢᠭ ᠢ ᠬᠦᠭᠵᠢᠬᠡᠵᠡᠢ᠃ ᠲᠤᠷᠰᠢᠯᠭ᠎ᠠ ᠬᠤᠪᠢᠶᠠᠯᠴᠠᠭᠴᠢ ᠰᠢᠩ ᠺᠠᠶ ᠠᠴᠠ ᠶᠡᠭᠡ ᠰᠤᠷᠭᠠᠭᠤᠯᠢ ᠲᠡᠬᠦᠰᠦᠮᠡᠭᠴᠡ ᠤᠶᠤᠲᠠᠳ ᠤᠨ ᠨᠢᠭᠡ ᠯᠡ ᠤᠳᠠᠭᠠᠨ ᠤ ᠴᠢᠨᠠᠷᠲᠠᠶ ᠦᠢᠯᠡᠰ ᠴᠣᠭᠴᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠪᠠᠷ ᠸᠧᠶ ᠴᠤᠸᠠᠩ ᠪᠣᠯᠪᠠᠰᠣᠷᠠᠯ ᠤᠨ ᠵᠥᠪᠯᠡᠯᠭᠡ ᠥᠭᠬᠦ ᠬᠢᠵᠠᠭᠠᠷᠲᠤ ᠺᠣᠮᠫᠠᠨᠢ ᠶᠢ ᠡᠭᠦᠳᠦᠨ ᠪᠠᠶᠢᠭᠤᠯᠪᠠ᠃ ᠡᠨᠡ ᠬᠦ ᠪᠠᠯᠠ ᠮᠥᠩᠭᠦ ᠨᠢ ᠲᠡᠭᠦᠨ ᠳᠤ ᠲᠣᠨᠤᠭ ᠲᠥᠬᠦᠭᠡᠷᠦᠮᠵᠢ ᠬᠤᠳᠠᠯᠳᠤᠨ ᠠᠪᠬᠤ᠂ ᠲᠠᠯᠠᠪᠤᠷ ᠲᠦᠷᠢᠶᠡᠰᠦᠯᠡᠬᠦ ᠪᠠᠴᠢᠮ ᠱᠠᠭᠠᠷᠳᠠᠯᠭ᠎ᠠ ᠶᠢ ᠰᠢᠢᠳᠪᠦᠷᠢᠯᠡᠵᠦ ᠥᠭᠴᠡᠢ᠃ ︽ᠨᠠᠳᠠ ᠪᠠᠷ ᠵᠢᠱᠢᠶᠡᠯᠡᠪᠡᠯ᠂ ᠲᠡᠭᠦᠰᠦᠭᠰᠡᠨ ᠤ ᠳᠠᠷᠠᠭᠠᠬᠢ ᠬᠤᠶᠠᠷ ᠵᠢᠯ ᠤᠨ ᠳᠣᠲᠣᠷ᠎ᠠ᠂ ᠠᠵᠤ ᠠᠬᠤᠶᠢᠯᠠᠯ ᠢᠶᠠᠨ ᠳᠠᠩᠰᠠᠯᠠᠭᠤᠯᠬᠤ ᠶᠢᠨ ᠬᠠᠮᠲᠤ ᠲᠣᠭᠲᠠᠭᠤᠨ ᠢᠶᠠᠷ ᠡᠵᠡᠩᠨᠡᠵᠦ᠂ ᠦᠢᠯᠡᠰ ᠪᠤᠰᠬᠠᠬᠤ ᠨᠥᠬᠦᠪᠥᠷᠢ ᠶᠢ ᠤᠷᠤᠭᠰᠢᠲᠠᠶ ᠭᠤᠶᠤᠴᠢᠯᠠᠨ ᠤᠯᠪᠠ᠂ ᠲᠥᠷᠥ ᠶᠢᠨ ᠪᠣᠳᠣᠯᠭ᠎ᠠ ᠶᠢ ᠭᠤᠶᠤᠴᠢᠯᠠᠨ ᠮᠡᠳᠡᠭᠦᠯᠬᠦ ᠪᠥᠬᠦ ᠶᠠᠪᠤᠴᠠ ᠶᠢ ᠠᠵᠢᠯ ᠣᠯᠭᠤᠬᠤ ᠲᠥᠪ ᠤᠨ ᠲᠤᠰᠬᠠᠶ ᠬᠥᠮᠦᠨ ᠢᠶᠠᠷ ᠵᠢᠯᠣᠭᠤᠳᠣᠭᠤᠯᠤᠨ ᠪᠡᠶᠡᠯᠡᠭᠦᠯᠦᠭᠰᠡᠨ ᠪᠠᠶᠢᠨ᠎ᠠ︾ ᠭᠡᠵᠣ ᠰᠢᠩ ᠺᠠᠶ ᠶᠠᠷᠢᠨ᠎ᠠ᠃    ᠠᠵᠢᠯᠯᠠᠭ᠎ᠠ ᠳᠤ ᠠᠯᠠᠱᠠ ᠵᠡᠭᠦᠨ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠲᠥᠪ᠂ ᠡᠮ ᠡᠮᠨᠡᠯᠭᠡ ᠶᠢᠨ ᠳᠠᠭᠠᠳᠬᠠᠯ ᠤᠨ ᠲᠦᠪ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠬᠥᠳᠡᠭᠡ ᠲᠣᠰᠬᠤᠨ ᠤ ᠬᠤᠳᠠᠯᠳᠤᠭᠠᠨ ᠤ ᠦᠢᠯᠡᠰ ᠤᠨ ᠪᠠᠩᠬᠢ ᠵᠡᠷᠭᠡ ᠣᠯᠠᠨ ᠰᠠᠯᠠᠭ᠎ᠠ ᠮᠥᠴᠢᠷ ᠢ ᠤᠷᠢᠵᠤ ᠠᠵᠢᠯ ᠠᠯᠳᠠᠭᠰᠠᠳ ᠢ ᠬᠠᠪᠰᠤᠷᠤᠨ ᠲᠡᠳᠬᠦᠵᠦ᠂ ᠣᠯᠠᠨ ᠲᠦᠮᠡᠨ ᠳᠤ ᠲᠦᠷᠤ ᠶᠢᠨ ᠪᠤᠳᠤᠯᠭ᠎ᠠ ᠬᠦᠷᠭᠡᠭᠰᠡᠨ ᠪᠠᠶᠢᠨ᠎ᠠ᠃ ᠡᠭᠦᠨ ᠠᠴᠠ ᠭᠠᠳᠠᠨ᠎ᠠ᠂ ᠠᠵᠢᠯᠯᠠᠭ᠎ᠠ ᠨᠢ ᠪᠠᠰᠠ ︽ᠤᠷᠢᠬᠠᠨ ᠰᠠᠯᠬᠢᠨ ᠤ ᠠᠵᠢᠯᠯᠠᠭ᠎ᠠ︾᠂ ︽ᠠᠵᠢᠯ ᠣᠯᠭᠤᠯᠲᠠ ᠶᠢᠨ ᠲᠤᠰᠠᠯᠠᠮᠵᠢ︾ ᠵᠡᠷᠭᠡ ᠠᠵᠢᠯᠲᠠᠨ ᠡᠯᠰᠡᠬᠦ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ 45 ᠠᠵᠤ ᠠᠬᠤᠶᠢᠯᠠᠯ ᠢ ᠵᠣᠬᠢᠶᠠᠨ ᠪᠠᠶᠢᠭᠤᠯᠵᠤ 541 ᠠᠵᠢᠯ ᠤᠨ ᠪᠠᠶᠢᠷᠢ ᠬᠠᠩᠭᠠᠵᠡᠢ᠃ ᠠᠯᠠᠱᠠ ᠵᠡᠭᠦᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠰᠡᠴᠡᠩᠭᠤᠸ᠎ᠠ᠄ ︽ᠡᠨᠡ ᠤᠳᠠᠭᠠᠨ ᠤ ᠠᠵᠢᠯᠯᠠᠭ᠎ᠠ ᠨᠢ ᠠᠵᠤ ᠠᠬᠤᠶᠢᠯᠠᠯ ᠪᠠ ᠬᠤᠳᠠ ᠬᠦᠳᠡᠭᠡ ᠶᠢᠨ ᠠᠵᠢᠯᠳᠠᠨ ᠤ ᠬᠤᠭᠤᠷᠤᠨᠳᠤᠬᠢ ᠠᠵᠢᠯ ᠤᠨ ᠬᠠᠷᠢᠴᠠᠭ᠎ᠠ ᠶᠢ ᠪᠠᠶᠢᠭᠤᠯᠬᠤ ᠲᠠᠪᠴᠠᠩ ᠪᠣᠯᠬᠤ ᠮᠦᠷᠳᠡᠭᠡᠨ ᠠᠵᠢᠯ ᠤᠯᠬᠤ ᠶᠢ ᠠᠬᠢᠭᠤᠯᠬᠤ ᠳᠤ ᠠᠪᠤᠭᠰᠠᠨ ᠠᠷᠭ᠎ᠠ ᠠᠪᠴᠠᠯ ᠪᠤᠯᠤᠨ᠎ᠠ︾ ᠭᠡᠵᠣ ᠶᠠᠷᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号