4 ᠳ᠋ᠦ᠋ᠭᠡᠷ ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ | ᠤᠷᠢᠳ ᠬᠤᠵᠢᠳ ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ᠂ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠪᠠ ᠮᠣᠩᠭᠤᠯ ᠦᠨᠳᠦᠰᠦᠲᠡᠨ ᠤ ᠨᠢᠭᠡᠳᠦᠭᠡᠷ | ᠬᠡᠦᠬᠡᠳ ᠤᠨ ᠴᠡᠴᠡᠷᠯᠢᠭ ᠲᠤ ᠬᠦᠷᠴᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃ | | | | | | | | | | | | | | | | | | | | | ᠬᠤᠶᠠᠷ ᠪᠠᠭ᠎ᠠ ᠰᠤᠷᠭᠠᠭᠤᠯᠢ ᠳᠤ᠂ ᠬᠤᠸᠠᠩ ᠶᠠ ᠯᠢ ᠰᠤᠷᠭᠠᠭᠤᠯᠢ ᠶᠢᠨ ᠬᠠᠷᠢᠭᠤᠴᠠᠯᠭᠠᠲᠠᠨ᠂ ᠪᠠᠭᠰᠢ ᠪᠣᠯᠤᠨ | ᠰᠤᠷᠤᠭᠴᠢᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠪᠠᠭᠰᠢ ᠶᠢᠨ ᠡᠩᠨᠡᠭᠡᠨ ᠤ ᠪᠦᠲᠦᠴᠡ᠂ ᠬᠢᠴᠢᠶᠡᠯ ᠤᠨ | ᠪᠠᠶᠢᠷᠢᠯᠠᠭᠤᠯᠤᠯᠲᠠ ᠪᠣᠯᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠲᠡᠷᠡ᠂ ᠪᠠᠭ᠎ᠠ ᠰᠤᠷᠭᠠᠭᠤᠯᠢ ᠶᠢᠨ ᠱᠠᠳᠤ ᠦᠶ᠎ᠡ ᠪᠣᠯ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠤᠨ ᠰᠠᠭᠤᠷᠢ ᠶᠢ ᠪᠠᠬᠢᠵᠢᠭᠦᠯᠬᠦ ᠵᠠᠩᠭᠢᠯᠠᠭ᠎ᠠ ᠶᠢᠨ ᠱᠠᠳᠤ ᠦᠶ᠎ᠡ ᠪᠣᠯᠤᠨ᠎ᠠ᠂ ᠡᠨᠡ ᠬᠦ ᠴᠠᠭ ᠬᠤᠭᠤᠴᠠᠭ᠎ᠠ ᠶᠢ | ᠰᠠᠶᠢᠲᠤᠷ ᠠᠳᠬᠤᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠭᠰᠢ ᠶᠢᠨ ᠬᠦᠴᠦᠨ ᠢ | ᠰᠢᠯᠢᠳᠡᠭ ᠢ ᠨᠢ ᠰᠣᠩᠭᠤᠨ ᠲᠤᠬᠢᠷᠠᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠬᠡᠯᠪᠡᠷᠢ ᠶᠢ | ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠬᠡᠦᠬᠡᠳ ᠤᠳ ᠢ ᠨᠢᠬᠡ ᠰᠤᠷᠭᠠᠭᠤᠯᠢ ᠬᠠᠮᠲᠤ ᠶᠢᠨ ᠠᠩᠬᠢ ᠳᠤ | ᠰᠠᠭᠤᠯᠭᠠᠵᠦ᠂ ᠬᠠᠮᠲᠤ ᠪᠠᠷ ᠠᠭᠤᠰᠤᠯᠴᠠᠭᠤᠯᠵᠤ ᠬᠠᠷᠢᠯᠴᠠᠨ ᠠᠬᠢᠭᠤᠯᠬᠤ ᠶᠢ ᠠᠬᠢᠭᠤᠯᠵᠤ᠂ ᠬᠡᠦᠬᠡᠳ ᠤᠳ ᠲᠤ | ᠡᠷᠲᠡᠬᠡᠨ ᠬᠦᠯᠢᠶᠡᠨ ᠠᠪᠣᠭᠤᠯᠵᠦ᠂ ᠡᠷᠲᠡᠬᠡᠨ ᠬᠡᠷᠡᠭᠯᠡᠬᠦᠯᠵᠦ᠂ ᠡᠷᠲᠡᠬᠡᠨ ᠠᠰᠢᠭ ᠬᠦᠷᠲᠡᠭᠡᠬᠦ ᠬᠡᠷᠡᠭᠲᠡᠢ ᠭᠡᠪᠡ᠃ | | | | | | | | | | | | | | ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠨᠢᠭᠡᠳᠦᠭᠡᠷ ᠬᠡᠦᠬᠡᠳ ᠤᠨ ᠴᠡᠴᠡᠷᠯᠢᠭ ᠲᠤ᠂ | ᠬᠡᠦᠬᠡᠳ ᠤᠳ ᠬᠦᠳᠡᠯᠬᠡᠬᠡᠨ ᠬᠢᠵᠦ ᠪᠠᠶᠢᠪᠠ᠂ ᠬᠤᠸᠠᠩ ᠶᠠ ᠯᠢ ᠬᠡᠦᠬᠡᠳ ᠡᠯᠰᠡᠬᠦ᠂ ᠲᠤᠨᠤᠭ ᠲᠥᠬᠦᠭᠡᠷᠦᠮᠵᠢ᠂ | ᠬᠦᠳᠡᠯᠭᠡᠭᠡᠨ ᠤ ᠲᠤᠬᠢᠷᠠᠭᠤᠯᠤᠯᠳᠠ ᠵᠡᠷᠭᠡ ᠦᠨᠳᠦᠰᠦᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ | ᠬᠡᠦᠬᠡᠳ ᠤᠨ ᠴᠡᠴᠡᠷᠯᠢᠭ ᠤᠨ ᠪᠠᠭᠰᠢ ᠬᠠᠶᠢᠷ᠎ᠠ ᠬᠠᠯᠠᠮᠵᠢ ᠶᠢ ᠡᠪᠦᠷᠯᠡᠨ᠂ ᠨᠢᠭᠡ ᠰᠡᠳᠬᠢᠯ ᠢᠶᠠᠷ ᠬᠥᠮᠦᠨ ᠢ | ᠬᠥᠮᠦᠵᠢᠭᠦᠯᠵᠦ᠂ ᠬᠡᠦᠬᠡᠳ ᠤᠳ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠷᠲᠡᠬᠡᠨ | ᠰᠤᠷᠴᠤ ᠬᠡᠷᠡᠭᠯᠡᠬᠦᠯᠵᠦ᠂ ᠲᠡᠳᠡᠨ ᠤ ᠨᠡᠩ ᠲᠦᠷᠭᠡᠨ ᠨᠡᠩ ᠰᠠᠶᠢᠨ ᠢᠳᠡᠷᠡᠭᠦᠨ ᠢᠶᠠᠷ ᠦᠰᠦᠨ ᠪᠤᠶᠢᠵᠢᠬᠤ ᠳᠤ | ᠬᠦᠴᠦᠨ ᠨᠡᠮᠡᠷᠢᠯᠡᠬᠦ ᠬᠡᠷᠡᠭᠳᠡᠢ ᠬᠡᠵᠦ ᠵᠣᠷᠢᠭᠵᠢᠭᠤᠯᠪᠠ᠃ ᠲᠡᠷᠡ᠂ ᠬᠡᠦᠬᠡᠳ ᠤᠨ ᠱᠠᠲᠤ ᠪᠣᠯ ᠬᠡᠦᠬᠡᠳ ᠤᠨ ᠲᠠᠨᠢᠨ | ᠮᠡᠳᠡᠬᠦᠢ ᠶᠢᠨ ᠴᠢᠳᠠᠪᠤᠷᠢ ᠶᠢᠨ ᠬᠥᠭᠵᠢᠯᠲᠡ ᠬᠠᠮᠤᠭ ᠤᠨ ᠲᠦᠷᠭᠡᠨ ᠴᠠᠭ ᠬᠤᠭᠤᠴᠠᠭ᠎ᠠ ᠪᠣᠯᠤᠨ᠎ᠠ᠂ ᠦᠭᠡ ᠬᠡᠯᠡᠬᠦ᠂ | ᠵᠢᠭᠠᠨ ᠰᠤᠷᠭᠠᠬᠤ ᠨᠢ ᠡᠨᠡ ᠬᠦ ᠱᠠᠲᠤ ᠦᠶ᠎ᠡ ᠳᠤ ᠨᠡᠩ ᠴᠢᠬᠤᠯᠠ ᠶᠤᠮ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠬᠡᠦᠬᠡᠳ ᠤᠨ ᠬᠢᠴᠢᠶᠡᠯ ᠤᠨ ᠲᠠᠩᠬᠢᠮ᠂ ᠠᠮᠢᠳᠤᠷᠠᠯ᠂ ᠵᠤᠭ᠎ᠠ ᠴᠡᠩᠭᠡᠯ ᠤᠨ ᠡᠯ᠎ᠡ ᠲᠠᠯ᠎ᠠ ᠳᠤ | ᠠᠭᠤᠰᠤᠯᠴᠠᠭᠤᠯᠵᠤ᠂ ᠣᠶᠢᠷ᠎ᠠ ᠬᠠᠪᠢ ᠳᠠᠭᠠᠨ ᠳᠠᠷᠤᠶ ᠰᠤᠷᠤᠭᠴᠢ ᠡᠯᠰᠡᠬᠦ ᠴᠡᠴᠡᠷᠯᠢᠭ ᠲᠤ ᠣᠷᠣᠭᠤᠯᠬᠤ ᠶᠢ | ᠢᠳᠡᠪᠬᠢᠲᠡᠢ ᠠᠬᠢᠭᠤᠯᠵᠤ᠂ ᠬᠡᠦᠬᠡᠳ ᠲᠤ ᠨᠥᠬᠦᠴᠡᠯ ᠪᠦᠷᠢᠯᠳᠦᠭᠦᠯᠵᠦ ᠣᠷᠴᠢᠨ ᠲᠣᠭᠤᠷᠢᠨ ᠢ ᠪᠤᠢ ᠪᠣᠯᠭᠠᠵᠤ᠂ | ᠦᠭᠡ ᠬᠡᠯᠡ ᠶᠢᠨ ᠬᠢᠴᠢᠶᠡᠯ ᠢ ᠰᠠᠶᠢᠲᠤᠷ ᠨᠡᠭᠡᠭᠡᠵᠦ᠂ ᠬᠡᠦᠬᠡᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠨᠡᠩ ᠰᠠᠶᠢᠲᠤᠷ ᠬᠡᠷᠡᠭᠯᠡᠬᠦ ᠶᠢ ᠠᠬᠢᠭᠤᠯᠵᠤ᠂ ᠲᠡᠳᠡᠨ ᠤ ᠢᠷᠡᠭᠡᠳᠦᠢ ᠶᠢ ᠨᠡᠩ ᠬᠡᠬᠡᠨ ᠰᠠᠷᠠᠭᠤᠯ | ᠪᠣᠯᠭᠠᠬᠤ ᠬᠡᠷᠡᠭᠲᠡᠶ ᠭᠡᠪᠡ᠃ | ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠢᠦ ᠳ᠋ᠧ ᠼᠦᠢ ᠣᠷᠣᠯᠴᠠᠵᠠᠶ᠃ | |