4 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ | ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠳᠣᠣᠱᠯᠠᠭᠤᠯᠵᠦ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠬᠤᠷᠠᠯ ᠢ ᠡᠷᠬᠢᠯᠡᠪᠡ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠬᠦᠷᠰᠢ ᠵᠡᠷᠭᠡᠯᠡᠳᠡᠭᠡ ᠭᠠᠵᠠᠷ ᠣᠷᠣᠨ ᠤ | ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠬᠤᠯᠪᠣᠭᠳᠠᠯ ᠪᠥᠬᠦᠶ ᠪᠠᠶᠠᠷ ᠤᠨ ᠵᠠᠬᠢᠳᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ | ᠪᠠᠶᠢᠭᠤᠯᠬᠤ ᠲᠠᠢ ᠭᠦᠨᠵᠡᠭᠡᠶ ᠠᠭᠤᠰᠤᠯᠴᠠᠵᠤ᠂ ᠤᠯᠤᠰ ᠤᠨ ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠡᠷᠡᠰ | ᠦᠢᠯᠡᠴᠢᠯᠡᠵᠦ᠂ ᠬᠦᠷᠰᠢ ᠵᠡᠷᠭᠡᠯᠡᠳᠡᠭᠡ ᠭᠠᠵᠠᠷ ᠣᠷᠣᠨ ᠤ ᠠᠵᠢᠯ ᠤᠨ ᠡᠭᠦᠷᠭᠡ ᠶᠢ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠤ᠂ ᠮᠣᠩᠭᠤᠯ ᠤᠯᠤᠰ ᠤᠨ ᠬᠤᠯᠪᠣᠭᠳᠠᠯ ᠪᠥᠬᠦᠶ ᠠᠶᠢᠮᠠᠭ ᠭᠠᠵᠠᠷ ᠣᠷᠣᠨ ᠯᠤᠭ᠎ᠠ ᠶᠢᠨ | ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠤᠬᠠᠭᠤᠯᠭ᠎ᠠ | ᠲᠠᠨᠢᠯᠴᠠᠭᠤᠯᠭ᠎ᠠ ᠶᠢ ᠴᠢᠩᠭᠠᠳᠬᠠᠵᠤ᠂ ᠠᠵᠤ ᠠᠬᠤᠶ ᠠᠷᠠᠯᠵᠢᠶᠠᠨ ᠤ ᠶᠠᠪᠤᠯᠴᠠᠭ᠎ᠠ ᠵᠢᠴᠢ ᠰᠣᠶᠣᠯ᠂ ᠵᠢᠭᠤᠯᠴᠢᠯᠠᠯ᠂ | ᠰᠤᠷᠭᠠᠨ ᠬᠥᠮᠦᠵᠢᠯ᠂ ᠡᠮ ᠡᠮᠨᠡᠯᠭᠡ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠲᠠᠰᠤᠷᠠᠯᠲᠠ | ᠥᠬᠡᠶ ᠥᠷᠭᠡᠳᠬᠡᠵᠦ᠂ ︽ᠠᠯᠠᠱᠠ ᠶᠢᠨ ᠴᠢᠳᠠᠪᠤᠷᠢ︾ ᠪᠠᠷ ᠪᠥᠬᠦ ᠤᠯᠤᠰ ᠤᠨ ᠭᠠᠳᠠᠭᠠᠳᠤ ᠬᠠᠷᠢᠯᠴᠠᠭᠠᠨ ᠤ | ᠬᠡᠷᠡᠭᠴᠡᠭᠡ ᠳᠤ ᠦᠢᠯᠡᠴᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠰᠯᠡᠯ ᠤᠨ ᠠᠯᠪᠠᠨ ᠵᠢᠷᠤᠮ ᠤᠨ ᠮᠣᠳᠣ ᠳᠠᠷᠢᠬᠤ | ᠠᠵᠢᠯᠯᠠᠭ᠎ᠠ ᠳᠤ ᠣᠷᠣᠯᠴᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠣᠶᠢᠯᠠᠭᠠᠵᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠣᠭᠤᠭᠠᠷᠠᠭᠤᠯᠤᠯᠲᠠ ᠶᠢ ᠬᠥᠭᠵᠢᠭᠦᠯᠬᠦ᠂ | ᠨᠣᠭᠤᠭᠠᠷᠠᠭᠤᠯᠤᠯᠲᠠ ᠶᠢ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠮᠠᠨ ᠤ ᠠᠶᠢᠮᠠᠭ ᠤᠨ ᠪᠥᠬᠦ | ᠠᠷᠠᠳ ᠤᠨ ᠠᠯᠪᠠᠨ ᠵᠢᠷᠤᠮ ᠤᠨ ᠡᠯᠡᠰᠦ ᠶᠢ ᠵᠠᠰᠠᠬᠤ ᠶᠢ ᠭᠦᠨᠵᠡᠭᠡᠶ ᠠᠬᠢᠭᠤᠯᠵᠤ᠂ ᠵᠣᠬᠢᠶᠠᠨ ᠪᠠᠶᠢᠭᠤᠯᠤᠨ | ᠳᠠᠶᠢᠴᠢᠯᠠᠬᠤ ᠡᠷᠴᠢᠮ ᠢᠶᠠᠨ ᠴᠢᠩᠭᠠᠷᠠᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ | ᠠᠵᠢᠯ ᠲᠥᠷᠥᠯ ᠤᠨ ᠣᠷᠣᠯᠴᠠᠬᠤ ᠨᠣᠷᠮ᠎ᠠ᠂ ᠡᠯᠡᠰᠦ ᠶᠢ ᠵᠠᠰᠠᠬᠤ ᠪᠦᠷᠬᠦᠴᠡ ᠶᠢ ᠥᠷᠭᠡᠳᠬᠡᠵᠦ᠂ ᠣᠶ ᠰᠢᠭᠤᠶ | ᠨᠣᠳᠤᠭ ᠪᠡᠯᠴᠢᠭᠡᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠠᠯᠠᠱᠠ ᠶᠢᠨ ᠠᠮᠢ ᠠᠬᠤᠶ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠴᠢᠩᠭ᠎ᠠ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ | ᠠᠵᠢᠯᠯᠠᠭ᠎ᠠ︾ ᠶᠢ ᠥᠷᠨᠢᠭᠦᠯᠬᠦ᠂ ︽157︾ ᠰᠡᠳᠬᠢᠴᠡ ᠶᠢ ᠭᠦᠨᠵᠡᠭᠡᠶᠢᠷᠡᠭᠦᠯᠬᠦ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ᠂ | ᠪᠣᠳᠠᠲᠤ ᠠᠵᠢᠯᠯᠠᠭ᠎ᠠ ᠪᠠᠷ ᠢᠶᠠᠨ ᠳᠣᠣᠱᠯᠠᠭᠤᠯᠣᠨ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠪᠣᠳᠠᠲᠠᠶ ᠠᠵᠢᠯ | ᠪᠠ ᠬᠥᠭᠵᠢᠯᠲᠡ ᠶᠢᠨ ᠪᠣᠳᠠᠲᠤ ᠠᠮᠵᠢᠯᠲᠠ ᠳᠡᠭᠡᠷ᠎ᠡ ᠢᠯᠡᠷᠡᠭᠦᠯᠬᠦ ᠬᠡᠷᠡᠭᠲᠡᠶ᠃ ᠲᠠᠶᠢᠯᠬᠤ ᠰᠡᠳᠬᠢᠬᠦᠶ ᠪᠠᠨ | ᠴᠢᠩᠭᠠᠳᠬᠠᠵᠤ᠂ ᠥᠭᠡᠷᠡᠴᠢᠯᠡᠯᠲᠡ ᠶᠢᠨ ᠰᠡᠳᠬᠢᠬᠦᠶ ᠪᠠ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷ ᠠᠵᠤ | ᠦᠢᠯᠡᠰ ᠤᠨ ᠪᠦᠲᠦᠴᠡ ᠶᠢᠨ ︽ᠳᠥᠷᠪᠡᠨ ᠠᠷᠪᠢᠨ ᠳᠥᠷᠪᠡᠨ ᠴᠥᠭᠡᠨ︾᠂ ᠰᠢᠨ᠎ᠡ ᠡᠨᠧᠷᠭᠢ ᠶᠢᠨ ᠨᠥᠭᠡᠴᠡ ᠶᠢ | ᠰᠢᠩᠭᠡᠭᠡᠬᠦ᠂ ᠲᠡᠮᠡᠭᠡᠨ ᠤ ᠠᠵᠤ ᠦᠢᠯᠡᠰ ᠤᠨ ᠬᠡᠪᠴᠢᠶᠡᠵᠢᠭᠰᠡᠨ ᠬᠥᠭᠵᠢᠯᠲᠡ᠂ ᠪᠣᠭᠤᠮᠲᠠ ᠶᠢᠨ ︽ᠳᠠᠮᠵᠢᠨ | ᠦᠩᠭᠡᠷᠡᠭᠰᠡᠨ ᠴᠣ᠋ ᠠᠰᠢᠭ ᠬᠦᠷᠳᠡᠬᠦ ᠦᠬᠡᠢ︾ ᠵᠡᠷᠭᠡ ᠬᠦᠴᠢᠷ ᠠᠰᠠᠭᠤᠳᠠᠯ ᠢ ᠲᠦᠷᠭᠡᠨ ᠰᠢᠢᠳᠪᠦᠷᠢᠯᠡᠬᠦ ᠬᠡᠷᠡᠭᠲᠡᠶ᠃ | ᠪᠥᠬᠦ ᠲᠠᠯ᠎ᠠ ᠶᠢᠨ ᠦᠵᠡᠯᠲᠡ ᠶᠢ ᠪᠣᠶ ᠪᠣᠯᠭᠠᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠪᠠ ᠭᠠᠵᠠᠷ ᠣᠷᠣᠨ ᠤ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠰᠢᠨ᠎ᠡ | ᠡᠨᠧᠷᠭᠢ᠂ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠠᠯᠠᠱᠠ ᠳᠤ ᠨᠠᠩ ᠣᠯᠠᠨ ᠦᠷ᠎ᠡ ᠪᠦᠲᠦᠭᠡᠯ ᠭᠠᠷᠭᠠᠬᠤ ᠬᠡᠷᠡᠭᠲᠡᠶ᠃ ᠲᠥᠪ ᠤᠨ ᠲᠣᠭᠤᠷᠢᠨ ᠪᠠᠶᠢᠴᠠᠭᠠᠬᠤ ᠠᠵᠢᠯ ᠢ | ᠪᠦᠬᠦ ᠬᠦᠴᠦᠨ ᠢᠶᠠᠷ ᠢᠶᠠᠨ ᠬᠠᠮᠵᠢᠨ ᠰᠠᠶᠢᠲᠤᠷ ᠬᠢᠵᠦ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠭᠰᠠᠨ | ᠡᠯ᠎ᠡ ᠵᠦᠢᠯ ᠤᠨ ᠡᠭᠦᠷᠭᠡ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠳᠤ ᠪᠦᠬᠦ ᠣᠷᠣᠨ ᠤ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠪᠠᠷ | ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠡᠯ᠎ᠡ ᠵᠦᠢᠯ ᠤᠨ ᠡᠭᠦᠷᠭᠡ | ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ | ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠠᠮᠳᠣ ᠨᠡᠶᠢᠳᠡ ᠶᠢᠨ ᠨᠠᠮ ᠤᠨ | ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ︽ᠬᠤᠶᠠᠷ ᠢ ᠬᠠᠮᠣᠷᠣᠭᠤᠯᠬᠤ︾ ᠶᠢ ᠠᠬᠢᠭᠤᠯᠵᠤ᠂ ︽ | ᠬᠤᠶᠠᠷ ᠴᠢᠳᠠᠮᠵᠢ︾ ᠶᠢ ᠴᠢᠩᠭᠠᠳᠬᠠᠵᠤ᠂ ︽ᠬᠤᠶᠠᠷ ᠵᠢᠭᠰᠠᠭᠠᠯ ᠤᠨ ᠭᠠᠵᠠᠷ︾ ᠢ ᠪᠠᠶᠢᠭᠤᠯᠤᠨ | ᠬᠦᠴᠦᠷᠬᠡᠭᠵᠢᠭᠦᠯᠵᠦ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠤᠷᠢᠶᠠᠯᠠᠬᠤ ᠬᠦᠴᠦᠨ᠂ ᠨᠢᠭᠲᠠᠷᠠᠯ ᠤᠨ | ᠬᠦᠴᠦᠨ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ᠪᠦᠬᠦ ᠠᠶᠢᠮᠠᠭ ᠤᠨ ᠤᠢ ᠰᠢᠭᠤᠢ ᠶᠢᠨ ᠳᠠᠷᠤᠭ᠎ᠠ ᠶᠢᠨ ᠳᠦᠷᠢᠮ᠂ ᠭᠤᠣᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ᠂ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠨᠣᠳᠤᠭ ᠪᠡᠯᠴᠢᠭᠡᠷ ᠤᠨ ᠡᠬᠢ ᠪᠠᠶᠠᠯᠢᠭ ᠢ | ᠬᠠᠮᠠᠭᠠᠯᠠᠬᠤ ᠪᠠ ᠤᠰᠤᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠡᠯᠡᠰᠦᠨ ᠤ ᠠᠵᠤ ᠦᠢᠯᠡᠰ ᠢ ᠪᠤᠶᠢᠵᠢᠭᠤᠯᠬᠤ ᠪᠠ ᠤᠰᠤᠨ ᠤ ᠠᠮᠢ ᠠᠬᠤᠢ ᠶᠢ ᠰᠡᠷᠭᠦᠭᠡᠬᠦ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠵᠦ | ᠤᠨᠲᠠᠷᠠᠭᠠᠬᠤ᠂ ᠤᠢ ᠰᠢᠭᠤᠢ ᠨᠤᠲᠤᠭ ᠪᠡᠯᠴᠢᠭᠡᠷ ᠤᠨ ᠬᠤᠷᠣᠬᠠᠢ ᠶᠢᠨ ᠬᠥᠨᠥᠭᠡᠯ ᠪᠠ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠠᠰᠢᠭᠯᠠᠬᠤ᠂ ᠭᠤᠣᠯ ᠮᠥᠷᠡᠨ ᠨᠠᠭᠤᠷ ᠴᠥᠭᠦᠷᠥᠮ ᠤᠨ ᠤᠯᠠᠨ ᠡᠬᠢᠳᠤ ᠪᠣᠬᠢᠷᠲᠤᠯ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠯᠪᠡᠷ | ᠪᠤᠰᠤ ᠪᠠᠷ ᠣᠯᠤᠭᠰᠠᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠤ ︽ᠠᠯᠠᠱᠠ ᠠᠶᠢᠮᠠᠭ ᠤᠨ ︿ᠲᠠᠪᠤᠨ ᠶᠡᠭᠡ ᠡᠭᠦᠷᠭᠡ﹀ ᠶᠢᠨ 2025 ᠣᠨ ᠤ ᠭᠤᠣᠯᠳᠠᠯᠭ᠎ᠠ ᠲᠠᠢ | ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠬᠠᠭᠤᠳᠠᠰᠣ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ | ᠪᠥᠭᠡᠳ ᠪᠠᠰᠠ ᠪᠤᠰᠤᠳ ᠵᠦᠢᠯᠡᠰ ᠢ ᠰᠤᠳᠤᠯᠵᠠᠢ᠃ |