4 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ | ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠮᠧᠩ ᠱᠠᠩ ᠪᠠᠩᠬᠢ ᠶᠢᠨ ᠨᠠᠮ ᠤᠨ | ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠦᠸᠧ ᠯᠢᠨ ᠨᠡᠷ ᠲᠠᠢ ᠠᠭᠤᠯᠵᠠᠪᠠ᠃ | | | | | | | | | | | | ᠬᠤᠸᠠᠩ ᠶᠠ ᠯᠢ ᠭᠦᠸᠧ ᠯᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠮᠧᠩ ᠱᠠᠩ | ᠪᠠᠩᠬᠢ ᠠᠯᠠᠱᠠ ᠲᠠᠢ ᠤᠷᠳᠤ ᠬᠤᠭᠤᠴᠠᠭ᠎ᠠ ᠪᠠᠷ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ | ᠴᠡᠷᠢᠭ ᠤᠨ ᠶᠠᠪᠤᠳᠠᠯ ᠤᠨ ᠬᠤᠶᠠᠷ ᠶᠡᠭᠡ ᠰᠠᠭᠤᠷᠢᠨ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠦ᠂ | ᠣᠷᠣᠨ ᠨᠤᠲᠤᠭ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠮᠧᠩ ᠱᠠᠩ ᠪᠠᠩᠬᠢ ᠶᠢᠨ ᠬᠦᠴᠦᠨ ᠴᠢᠳᠠᠯ ᠢᠶᠠᠨ | ᠢᠳᠡᠪᠬᠢᠲᠡᠢ ᠡᠷᠭᠦᠪᠡ᠃ ᠣᠳᠣᠬᠠᠨ ᠳᠤ᠂ ᠠᠯᠠᠱᠠ ᠶᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ | ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ︽157︾ ᠰᠡᠳᠬᠢᠮᠵᠢ ᠶᠢ ᠯᠠᠪᠳᠠᠭᠤᠨ ᠪᠠᠲᠤᠲᠠᠢ ᠠᠬᠢᠭᠤᠯᠵᠤ᠂ | ᠰᠢᠨ᠎ᠡ ᠡᠨᠧᠷᠭᠢ᠂ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠣᠶᠣᠯ ᠵᠢᠭᠤᠯᠴᠢᠯᠠᠯ ᠵᠡᠷᠭᠡ ᠠᠵᠤ | ᠦᠢᠯᠡᠰ ᠤᠨ ᠬᠥᠭᠵᠢᠯᠲᠡ ᠭᠡᠰᠡᠨ ᠦᠭᠡᠢ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠰᠤᠷᠭᠠᠨ | ᠬᠥᠮᠦᠵᠢᠯ ᠡᠮ ᠡᠮᠨᠡᠯᠭᠡ ᠵᠡᠷᠭᠡ ᠦᠢᠯᠡᠰ ᠤᠨ ᠬᠥᠭᠵᠢᠯᠲᠡ ᠳᠤ ᠴᠥᠮ ᠶᠡᠭᠡ ᠬᠡᠮᠵᠢᠶᠡᠨ ᠤ ᠪᠡᠯᠡ ᠮᠥᠩᠭᠦ ᠪᠠ | ᠠᠮᠢᠳᠤᠯᠢᠭ ᠮᠥᠩᠭᠦᠨ ᠭᠦᠢᠯᠭᠡᠭᠡᠨ ᠤ ᠦᠢᠯᠡᠴᠢᠯᠡᠭᠡ ᠱᠠᠭᠠᠷᠳᠠᠭᠳᠠᠵᠤ ᠪᠠᠶᠢᠨ᠎ᠠ᠃ ᠮᠧᠩ ᠱᠠᠩ ᠪᠠᠩᠬᠢ | ᠥᠩᠭᠡᠷᠡᠭᠰᠡᠨ ᠲᠠᠢ ᠪᠠᠨ ᠠᠳᠠᠯᠢ ᠪᠠᠷ ᠠᠯᠠᠱᠠ ᠶᠢ ᠳᠡᠮᠵᠢᠵᠦ᠂ ᠨᠠᠩ ᠰᠢᠯᠢᠳᠡᠭ ᠮᠥᠩᠭᠦᠨ ᠭᠦᠢᠯᠭᠡᠭᠡᠨ ᠤ | ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠤᠷᠤᠯᠳᠤᠭᠠᠨ ᠤ ᠵᠠᠮ ᠢ ᠭᠠᠷ ᠬᠤᠯᠪᠣᠨ ᠨᠡᠭᠡᠭᠡᠵᠦ᠂ ᠬᠠᠷᠢᠯᠴᠠᠨ | ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠬᠦᠰᠡᠵᠦ ᠪᠠᠶᠢᠨ᠎ᠠ ᠭᠡᠪᠡ᠃ | | | | | | | | | | | | | | ᠭᠦᠸᠧ ᠯᠢᠨ ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠣᠷᠳᠣ ᠬᠤᠭᠤᠴᠠᠭᠠᠨ ᠤ ᠲᠤᠷᠰᠢ | ᠮᠧᠩ ᠱᠠᠩ ᠪᠠᠩᠬᠢ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ᠂ ᠠᠯᠠᠱᠠ ᠶᠢᠨ ᠡᠬᠢ | ᠪᠠᠶᠠᠯᠢᠭ ᠥᠪᠡᠷᠮᠢᠴᠡ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠢᠷᠡᠭᠡᠳᠦᠢ ᠶᠢᠨ ᠬᠥᠭᠵᠢᠯᠲᠡ ᠶᠢᠨ ᠣᠷᠣᠨ | ᠵᠠᠢ ᠲᠦᠢᠯ ᠤᠨ ᠥᠷᠭᠡᠨ ᠠᠭᠤᠳᠠᠮ ᠶᠤᠮ᠃ ᠮᠧᠩ ᠱᠠᠩ ᠪᠠᠩᠬᠢ ᠣᠷᠣᠨ ᠨᠤᠲᠤᠭ ᠤᠨ ᠬᠥᠭᠵᠢᠯᠲᠡ ᠶᠢᠨ ᠶᠡᠭᠡ | ᠲᠠᠯ᠎ᠠ ᠳᠤ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠴᠤ᠂ ᠠᠯᠠᠱᠠ ᠶᠢᠨ ᠠᠵᠤ ᠦᠢᠯᠡᠰ ᠤᠨ | ᠬᠥᠭᠵᠢᠯᠲᠡ ᠪᠠ ᠮᠥᠩᠭᠦᠨ ᠭᠦᠢᠯᠭᠡᠭᠡᠨ ᠤ ᠬᠡᠷᠡᠭᠴᠡᠭᠡ ᠶᠢᠨ ᠲᠣᠭᠤᠷᠢᠨ ᠳᠤ ᠨᠠᠩ ᠴᠢᠨᠠᠷ ᠰᠠᠶᠢᠲᠠᠶ ᠨᠠᠷᠢᠯᠢᠭ | ᠣᠨᠣᠪᠴᠢᠳᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ | ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠬᠡᠪᠡ᠃ | ᠮᠥᠩᠬᠡ ᠠᠭᠤᠯᠵᠠᠯᠲᠠ ᠳᠤ ᠤᠷᠤᠯᠴᠠᠪᠠ᠃ |