2025 ᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠵᠠᠷᠯᠢᠭ
ᠨᠡᠶᠢᠲᠡᠯᠡᠭᠰᠡᠨ ᠴᠠᠭ᠄
2025/4/22
ᠡᠯ᠎ᠡ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ᠂ ᠲᠥᠪ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠡᠯ᠎ᠡ ᠨᠢᠭᠡᠴᠡ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠳᠤ᠄     ᠶᠡᠷᠦᠩᠬᠡᠶ ᠱᠦᠵᠢ ᠰᠢ ᠶᠢᠨ ᠫᠢᠩ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠪᠦᠲᠦᠮᠵᠢᠲᠡᠶ ᠰᠡᠷᠭᠡᠶᠢᠯᠡᠨ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠲᠦᠢᠮᠡᠷ ᠢ ᠰᠡᠷᠭᠡᠶᠢᠯᠡᠬᠦ ᠲᠦᠷᠢᠮ︾᠂ ︽ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠤᠯᠤᠰ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠤᠨ ︽ᠰᠢᠨ᠎ᠡ ᠪᠠᠶᠢᠳᠠᠯ ᠳᠣᠤᠷᠠᠬᠢ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠰᠠᠨᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠵᠠᠷᠯᠢᠭ ᠢ ᠨᠡᠶᠢᠳᠡᠯᠡᠶ᠎ᠡ᠄    ᠨᠢᠭᠡ᠂ 2025 ᠣᠨ ᠤ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ    ᠪᠥᠬᠦ ᠠᠶᠢᠮᠠᠭ ᠤᠨ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ 3 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ᠂ 6 ᠳ᠋ᠤᠭᠠᠷ ᠰᠠᠷ᠎ᠠ ᠶᠢᠨ 15 ᠤ ᠡᠳᠦᠷ ᠪᠣᠯᠣᠨ᠎ᠠ᠂ ᠡᠭᠦᠨ ᠳᠤ 3 ᠳ᠋ᠤᠭᠠᠷ ᠰᠠᠷ᠎ᠠ ᠶᠢᠨ 15 ᠤ ᠡᠳᠦᠷ ᠠᠴᠠ 4 ᠳ᠋ᠦ᠋ᠭᠡᠷ ᠰᠠᠷ᠎ᠠ ᠶᠢᠨ 30 ᠤ ᠡᠳᠦᠷ  ᠪᠣᠯ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠬᠦᠰᠬᠦ ᠬᠤᠭᠤᠴᠠᠭ᠎ᠠ ᠪᠣᠯᠤᠨ᠎ᠠ︔ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠨᠢ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠬᠢᠯᠡᠨ᠂ 11 ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠂ ᠡᠭᠦᠨ ᠳᠤ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 30 ᠤ ᠡᠳᠦᠷ ᠪᠣᠯ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠬᠦ ᠬᠤᠭᠤᠴᠠᠭ᠎ᠠ ᠪᠣᠯᠤᠨ᠎ᠠ᠃ ᠡᠯ᠎ᠡ ᠬᠤᠰᠢᠭᠤ ᠣᠷᠣᠨ ᠨᠢ ᠲᠣᠰ ᠭᠠᠵᠠᠷ ᠤᠨ ᠢᠶᠠᠨ ᠪᠠᠶᠢᠭᠠᠯᠢ ᠶᠢᠨ ᠠᠭᠤᠷ ᠠᠮᠢᠰᠬᠤᠯ ᠤᠨ ᠨᠥᠬᠦᠴᠡᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠨ ᠂ ᠲᠣᠭᠲᠠᠭᠠᠯ ᠶᠣᠰᠣᠭᠠᠷ ᠳᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠲᠣᠬᠢᠷᠠᠭᠤᠯᠤᠯᠲᠠ ᠬᠢᠬᠦ ᠪᠤᠶᠤ ᠴᠢᠩᠭ᠎ᠠ ᠰᠡᠷᠭᠡᠶᠢᠯᠡᠯᠲᠡ ᠶᠢᠨ ᠵᠠᠷᠯᠢᠭ ᠨᠡᠶᠢᠲᠡᠯᠡᠵᠦ᠂ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠨᠡᠶᠢᠭᠡᠮ ᠳᠤ ᠨᠡᠶᠢᠲᠡᠯᠡᠬᠦ ᠶᠢᠨ ᠬᠠᠮᠲᠤ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠎ᠠ᠃    ᠬᠤᠶᠠᠷ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ    ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢᠶᠠᠷ ᠭᠤᠤᠯ ᠪᠣᠯᠭᠠᠭᠰᠠᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ᠂ ᠡᠭᠦᠷᠭᠡ ᠴᠢᠳᠠᠮᠵᠢᠳᠦ ᠰᠠᠯᠠᠭ᠎ᠠ ᠮᠥᠴᠢᠷ᠂ ᠣᠶ ᠰᠢᠭᠤᠶ ᠨᠤᠲᠤᠭ ᠪᠡᠯᠴᠢᠭᠡᠷ ᠤᠨ ᠡᠵᠡᠩᠨᠡᠯᠲᠡ ᠶᠢᠨ ᠭᠤᠤᠯ ᠴᠣᠭᠴᠠ ᠵᠡᠷᠭᠡ ᠭᠤᠷᠪᠠᠨ ᠱᠠᠳᠣᠨ ᠠᠴᠠ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠶᠠᠷ ᠵᠢᠴᠢ ᠲᠡᠭᠦᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠪᠤᠶᠤ ᠬᠠᠮᠢᠶᠠᠷᠤᠯᠲᠠ ᠶᠢᠨ ᠣᠷᠣᠨ ᠪᠦᠰᠡ ᠳᠤ ᠬᠤᠯᠪᠣᠭᠳᠠᠪᠠᠯ᠂ ᠬᠠᠮᠢᠶ᠎ᠠ ᠪᠥᠬᠦᠶ ᠵᠠᠰᠠᠭ ᠤᠨ ᠣᠷᠳᠣᠨ ᠪᠤᠶᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠬᠠᠮᠲᠤᠷᠠᠨ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠲᠠᠯ᠎ᠠ ᠶᠢᠨ ᠬᠠᠮᠲᠤᠷᠠᠨ ᠰᠡᠷᠭᠡᠶᠢᠯᠡᠬᠦ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠮᠲᠤᠷᠠᠨ ᠰᠡᠷᠭᠡᠶᠢᠯᠡᠬᠦ ᠣᠷᠣᠨ ᠪᠦᠰᠡ ᠶᠢᠨ ᠳᠣᠲᠣᠷᠠᠬᠢ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠶ᠃ ᠳᠦᠢᠮᠡᠷ ᠣᠯᠠᠨ ᠡᠭᠦᠰᠬᠦ ᠣᠷᠣᠨ ᠢ ᠴᠠᠭᠳᠠᠨ ᠲᠣᠭᠤᠷᠢᠵᠤ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠰᠡᠷᠭᠡᠭ ᠭᠠᠵᠠᠷ ᠣᠷᠣᠨ ᠪᠣᠯᠤᠨ ᠴᠢᠬᠤᠯᠠ ᠳᠦᠭᠦᠭᠡᠷᠦᠮᠵᠢ ᠶᠢ ᠴᠢᠩᠭ᠎ᠠ ᠰᠡᠷᠭᠡᠶᠢᠯᠡᠨ ᠰᠠᠶᠢᠳᠣᠷ ᠬᠠᠮᠠᠭᠠᠯᠠᠬᠤ ᠬᠡᠷᠡᠭᠲᠡᠶ᠃    ᠭᠤᠷᠪᠠ᠂ ᠬᠡᠭᠡᠷ᠎ᠡ ᠶᠢᠨ ᠳᠦᠢᠮᠡᠷ ᠢ ᠴᠢᠩᠭ᠎ᠠ ᠬᠢᠵᠠᠭᠠᠷᠯᠠᠨ᠎ᠠ    ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠣᠷᠣᠨ ᠳᠤ ᠡᠷᠬᠡᠪᠰᠢ ᠳᠣᠤᠷᠠᠬᠢ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠄    ︵ᠨᠢᠭᠡ︶ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠣᠷᠣᠨ ᠳᠤ ᠲᠠᠮᠠᠬᠢ ᠲᠠᠲᠠᠬᠤ᠂ ᠠᠲᠠᠷ ᠢ ᠭᠠᠯᠳᠠᠬᠤ᠂ ᠬᠡᠭᠡᠷ᠎ᠡ ᠬᠤᠭᠤᠯᠠᠯᠠᠬᠤ᠂ ᠡᠰᠢ ᠰᠦᠷᠡᠯ ᠰᠢᠲᠠᠭᠠᠬᠤ᠂ ᠬᠤᠭ ᠨᠣᠪᠰᠢ ᠰᠢᠲᠠᠭᠠᠬᠤ᠂ ᠲᠠᠷᠢᠶᠠᠨ ᠳᠠᠯᠠᠩ ᠢ ᠭᠠᠯᠳᠠᠬᠤ᠂ ᠬᠤᠸᠠᠷ ᠫᠤᠤᠵᠢᠩ ᠲᠠᠯᠪᠢᠬᠤ ᠵᠡᠷᠭᠡ ᠬᠡᠭᠡᠷ᠎ᠡ ᠭᠠᠳᠠᠨ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ ᠴᠢᠩᠭ᠎ᠠ ᠬᠤᠷᠢᠭᠯᠠᠵᠦ᠂ ᠭᠠᠯ ᠡᠭᠦᠰᠭᠡᠭᠴᠢ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠤᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠣᠷᠣᠨ ᠳᠤ ᠣᠷᠣᠬᠤ ᠶᠢ ᠴᠢᠩᠭ᠎ᠠ ᠬᠤᠷᠢᠭᠯᠠᠬᠤ ᠬᠡᠷᠡᠭᠲᠡᠶ᠃    ︵ᠬᠤᠶᠠᠷ︶ ᠦᠢᠯᠡᠳᠪᠦᠷᠢᠯᠡᠯ ᠤᠨ ᠴᠢᠨᠠᠷᠲᠠᠶ ᠭᠠᠯ ᠬᠡᠷᠡᠭᠯᠡᠬᠦ ᠳᠤ ᠬᠠᠷᠢᠶ᠎ᠠ ᠭᠠᠵᠠᠷ ᠤᠨ ᠣᠶ ᠰᠢᠭᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠶᠠᠪᠣᠭᠳᠠᠭᠤᠯᠵᠦ ᠪᠣᠯᠬᠤ ᠪᠥᠭᠡᠳ ᠴᠢᠬᠤᠯᠠ ᠪᠦᠬᠦᠢ ᠳᠦᠢᠮᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠣᠨ᠎ᠠ᠃    ︵ᠭᠤᠷᠪᠠ︶ ᠲᠣᠭᠲᠠᠭᠠᠯ ᠶᠣᠰᠣᠭᠠᠷ ᠠᠯᠠᠱᠠ ᠠᠭᠤᠯᠠ᠂ ᠲᠤᠤᠷᠠᠶ ᠶᠢᠨ ᠣᠶ ᠶᠢᠨ ᠰᠢᠭᠤᠶᠢᠲᠤ ᠣᠷᠣᠨ ᠤ ᠣᠷᠣᠵᠤ ᠭᠠᠷᠬᠤ ᠭᠠᠵᠠᠷ ᠲᠤ ᠪᠠᠶᠢᠴᠠᠭᠠᠬᠤ ᠥᠷᠲᠡᠭᠡ ᠪᠠ ᠳᠦᠢᠮᠡᠷ ᠢ ᠰᠡᠷᠭᠡᠶᠢᠯᠡᠬᠦ ᠰᠡᠷᠡᠮᠵᠢ ᠶᠢᠨ ᠫᠠᠶᠢᠰᠠ ᠭᠠᠷᠭᠠᠵᠤ ᠂ ᠣᠷᠣᠵᠤ ᠭᠠᠷᠬᠤ ᠲᠡᠷᠭᠡ ᠪᠠ ᠬᠥᠮᠦᠰ ᠨᠢ ᠳᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠬᠦ ᠬᠡᠷᠡᠭᠲᠡᠶ᠃ ᠶᠠᠮᠠᠷᠪᠠ ᠨᠢᠭᠡᠴᠡ ᠪᠠ ᠬᠤᠪᠢ ᠬᠦᠮᠦᠨ ᠪᠠᠶᠢᠴᠠᠭᠠᠬᠤ ᠶᠢ ᠬᠠᠷᠰᠢᠯᠠᠵᠤ᠂ ᠪᠠᠶᠢᠴᠠᠭᠠᠬᠤ ᠶᠢ ᠲᠡᠪᠴᠢᠵᠦ ᠪᠣᠯᠬᠤ ᠦᠬᠡᠢ᠃    ᠳᠥᠷᠪᠡ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠴᠢᠩᠭᠠᠳᠬᠠᠨ᠎ᠠ    ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠪᠠᠶᠢᠭᠤᠯᠤᠮᠵᠢ ᠨᠢ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠳᠦᠢᠮᠡᠷ ᠢ ᠤᠨᠲᠠᠷᠠᠭᠠᠬᠤ ᠡᠯ᠎ᠡ ᠡᠩᠨᠡᠭᠡ ᠨᠢ ᠰᠢᠨᠵᠢᠯᠡᠬᠦ ᠤᠬᠠᠭᠠᠨᠴᠢ ᠪᠠᠷ ᠳᠦᠢᠮᠡᠷ ᠢ ᠤᠨᠲᠠᠷᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ ︽ᠳᠦᠢᠮᠡᠷ ᠡᠬᠦᠰᠪᠡᠯ ᠵᠠᠪᠠᠯ ᠮᠡᠳᠡᠭᠦᠯᠬᠦ᠂ ᠮᠡᠳᠡᠭᠦᠯᠬᠦ ᠣᠨᠳᠠᠷᠠᠭᠠᠬᠤ ᠶᠢ ᠵᠡᠷᠭᠡᠪᠡᠷ ᠶᠠᠪᠤᠭᠤᠯᠬᠤ᠂ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ︾ ᠵᠠᠷᠴᠢᠮ ᠢ ᠪᠠᠷᠢᠮᠲᠠᠯᠠᠵᠤ᠂ ᠮᠡᠳᠡᠭᠦᠯᠬᠦ ᠥᠬᠡᠶ ᠨᠢᠭᠤᠬᠤ᠂ ᠬᠤᠵᠢᠮᠳᠠᠨ ᠮᠡᠳᠡᠭᠦᠯᠬᠦ ᠵᠡᠷᠭᠡ ᠦᠢᠯᠡ ᠠᠵᠢᠯᠯᠠᠭ᠎ᠠ ᠠᠴᠠ ᠰᠠᠬᠢᠯᠭ᠎ᠠ ᠪᠠᠲᠤ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠨᠦᠭᠦᠳ ᠳᠦᠢᠮᠡᠷ ᠤᠨ ᠪᠠᠶᠢᠳᠠᠯ ᠢ ᠨᠢᠭᠲᠠ ᠬᠢᠨᠠᠨ ᠬᠡᠮᠵᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠦᠨ᠂ ᠡᠩᠨᠡᠭᠡᠨ ᠤ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠪᠠᠨ ᠴᠢᠩᠭᠠᠳᠬᠠᠨ᠂ ᠭᠡᠨᠡᠳᠲᠡ ᠶᠢᠨ ᠳᠦᠢᠮᠡᠷ ᠢ ᠦᠳᠲᠡᠷ ᠲᠦᠷᠭᠡᠨ ᠣᠨᠳᠠᠷᠠᠭᠠᠵᠦ᠂ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ︽ᠡᠷᠲᠡ ᠠᠴᠠ ᠣᠨᠳᠠᠷᠠᠭᠠᠬᠤ᠂ ᠪᠠᠭ᠎ᠠ ᠳᠤᠨᠢ ᠣᠨᠳᠠᠷᠠᠭᠠᠬᠤ᠂ ᠪᠦᠳᠦᠮᠵᠢᠳᠡᠢ ᠣᠨᠳᠠᠷᠠᠭᠠᠬᠤ︾ ᠶᠢ ᠦᠨᠡᠨᠬᠦ ᠪᠠᠲᠤᠯᠠᠬᠤ ᠬᠡᠷᠡᠭᠲᠡᠶ᠃ ᠳᠦᠢᠮᠡᠷ ᠢ ᠤᠨᠲᠠᠷᠠᠭᠠᠬᠤ ᠳᠤ ᠬᠠᠷᠢᠶ᠎ᠠ ᠭᠠᠵᠠᠷ ᠢᠶᠠᠷ ᠨᠢ ᠭᠤᠣᠯ ᠪᠣᠯᠭᠠᠨ᠂ ᠨᠢᠭᠡᠳᠦᠯᠲᠡᠢ ᠵᠢᠯᠣᠭᠤᠳᠴᠤ᠂ ᠰᠢᠨᠵᠢᠯᠡᠬᠦ ᠤᠬᠠᠭᠠᠨᠴᠢ ᠪᠠᠷ ᠤᠨᠲᠠᠷᠠᠭᠠᠨ᠎ᠡ᠃ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠲᠤᠰᠬᠠᠢ ᠮᠡᠷᠭᠡᠵᠢᠯ ᠤᠨ ᠵᠢᠯᠤᠭᠤᠳᠤᠯᠭ᠎ᠠ᠂ ᠳᠣᠰᠬᠠᠢ ᠵᠠᠮ ᠢᠶᠠᠷ ᠵᠠᠮᠨᠠᠵᠤ᠂ ᠤᠯᠠᠨ ᠲᠦᠮᠡᠨ ᠢ ᠳᠦᠢᠮᠡᠷ ᠢ ᠤᠨᠲᠠᠷᠠᠭᠠᠬᠤ ᠡᠮᠦᠨ᠎ᠡ ᠹᠷᠣᠨᠲ ᠤᠨ ᠠᠵᠢᠯ ᠳᠤ ᠰᠢᠭᠤᠳ ᠣᠷᠣᠯᠴᠠᠭᠤᠯᠬᠤ ᠠᠴᠠ ᠡᠷᠡᠰ ᠵᠠᠶᠢᠯᠠᠰᠬᠢᠵᠦ᠂ ᠨᠠᠰᠤᠲᠠᠨ᠂ ᠨᠠᠰᠤᠨ ᠳᠤ ᠦᠯᠦ ᠬᠦᠷᠦᠭᠰᠡᠳ᠂ ᠰᠤᠷᠤᠭᠴᠢᠳ ᠳᠦᠢᠮᠡᠷ ᠢ ᠤᠨᠲᠠᠷᠠᠭᠠᠬᠤ ᠳᠤ ᠣᠷᠣᠯᠴᠠᠬᠤ ᠶᠢ ᠬᠤᠷᠢᠭᠯᠠᠵᠦ᠂ ᠬᠥᠮᠦᠨ ᠬᠠᠷ᠎ᠠ ᠦᠬᠦᠵᠦ ᠰᠢᠷᠬᠠᠲᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠭᠠᠷᠤᠭᠰᠠᠨ ᠤ ᠳᠠᠷᠠᠭ᠎ᠠ᠂ ᠬᠠᠷᠢᠶ᠎ᠠ ᠭᠠᠵᠠᠷ ᠤᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠨᠢ ᠲᠣᠭᠲᠠᠭᠰᠠᠨ ᠴᠠᠭ ᠲᠤ ᠳᠡᠭᠡᠷ᠎ᠡ ᠨᠢᠭᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠬᠡᠷ ᠲᠤ ᠳᠦᠢᠮᠡᠷ ᠢ ᠣᠨᠳᠠᠷᠠᠭᠠᠭᠰᠠᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠮᠡᠳᠡᠭᠡ ᠵᠠᠩᠭᠢ ᠶᠢᠨ ᠰᠠᠭᠠᠳ ᠥᠬᠡᠶ ᠨᠡᠪᠲᠡᠷᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠤᠨᠲᠠᠷᠠᠭᠠᠬᠤ ᠡᠩᠨᠡᠭᠡ 24 ᠴᠠᠭ ᠢᠶᠠᠷ ᠵᠢᠵᠢᠭᠦᠷᠯᠡᠬᠦ᠂ ᠠᠵᠢᠯ ᠳᠤ ᠪᠡᠯᠡᠳᠬᠡᠬᠦ᠂ ᠡᠮᠦᠨ᠎ᠡ ᠹᠷᠣᠨᠲ ᠲᠤ ᠰᠠᠭᠤᠵᠤ ᠰᠡᠷᠭᠡᠶᠢᠯᠡᠬᠦ ᠲᠣᠭᠲᠠᠴᠠ ᠶᠢ ᠬᠡᠷᠡᠭᠵᠢᠭᠦᠯᠦᠨ ᠂ ᠳᠦᠢᠮᠡᠷ ᠤᠨ ᠡᠮᠦᠨᠡᠬᠢ ᠵᠠᠷᠯᠢᠭ ᠬᠦᠯᠢᠶᠡᠬᠦ ᠪᠠᠶᠢᠳᠠᠯ ᠢ ᠪᠠᠲᠤᠯᠠᠵᠤ᠂ ᠳᠦᠢᠮᠡᠷ ᠤᠨ ᠪᠠᠶᠢᠳᠠᠯ ᠤᠨ ᠮᠡᠳᠡᠭᠦᠯᠦᠯᠲᠡ ᠶᠢ ᠣᠯᠤᠭᠰᠠᠨ ᠤ ᠳᠠᠷᠠᠭ᠎ᠠ ᠲᠦᠷᠭᠡᠨ ᠬᠦᠳᠡᠯᠵᠦ᠂ ᠰᠢᠭᠤᠷᠬᠠᠢ ᠠᠵᠢᠯᠯᠠᠬᠤ ᠬᠡᠷᠡᠭᠲᠡᠶ᠃ ᠬᠠᠤᠯᠢ ᠶᠣᠰᠣᠭᠠᠷ  ᠳᠦᠢᠮᠡᠷ ᠢ ᠣᠨᠳᠠᠷᠠᠭᠠᠬᠤ ᠶᠢ ᠪᠠᠷᠢᠮᠲᠠᠯᠠᠵᠤ᠂ ᠡᠭᠦᠰᠦᠭᠰᠡᠨ ᠳᠦᠢᠮᠡᠷ ᠤᠨ ᠪᠠᠶᠢᠳᠠᠯ ᠢ ᠦᠳᠲᠡᠷ ᠲᠦᠷᠭᠡᠨ ᠪᠠᠶᠢᠴᠠᠭᠠᠨ ᠳᠣᠲᠣᠯᠠᠵᠤ᠂ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠪᠣᠯᠤᠨ ᠬᠠᠷᠢᠭᠤᠴᠠᠯᠭᠠᠲᠠᠨ ᠢ ᠬᠠᠤᠯᠢ ᠰᠠᠬᠢᠯᠭ᠎ᠠ ᠪᠠᠲᠤ ᠶᠣᠰᠣᠭᠠᠷ ᠵᠠᠯᠬᠠᠭᠠᠨ ᠰᠢᠳᠬᠡᠨ᠎ᠡ᠃    ᠲᠠᠪᠤ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠣᠨ᠎ᠠ    ᠡᠯ᠎ᠡ ᠭᠠᠵᠠᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠤᠨ ᠳᠠᠯᠳᠠ ᠡᠷᠡᠰᠳᠡᠯ ᠢ ᠪᠦᠬᠦ ᠲᠠᠯ᠎ᠠ  ᠠᠴᠠ᠂ ᠪᠦᠬᠦᠨ ᠢ ᠬᠠᠮᠣᠷᠣᠭᠤᠯᠣᠨ ᠪᠠᠶᠢᠴᠠᠭᠠᠵᠦ᠂ ᠡᠯ᠎ᠡ ᠱᠠᠲᠤᠨ ᠤ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠣᠭᠤᠳᠬᠤ ᠭᠠᠵᠠᠷ ᠤᠨ ᠬᠠᠷᠢᠭᠤᠴᠠᠯᠭᠠᠲᠠᠨ ᠪᠣᠯᠤᠨ ᠪᠦᠷᠢᠯᠳᠦᠬᠦᠨ ᠨᠢᠬᠡᠴᠡ ᠶᠢᠨ ᠬᠠᠷᠢᠭᠤᠴᠠᠯᠭᠠᠲᠠᠨ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠨ ᠵᠢᠯᠣᠭᠤᠳᠤᠨ ᠪᠠᠶᠢᠴᠠᠭᠠᠵᠤ᠂ ᠳᠠᠯᠳᠠ ᠡᠷᠡᠰᠳᠡᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠪᠦᠬᠦᠨ ᠢ ᠬᠠᠮᠣᠷᠬᠤ ᠬᠡᠷᠡᠭᠲᠡᠶ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠬᠦᠯᠦᠨ ᠬᠤᠯᠪᠣᠭᠳᠠᠯ ᠪᠦᠬᠦᠢ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃    ᠵᠢᠷᠭᠤᠭ᠎ᠠ᠂ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ    ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ︵ᠨᠢᠬᠡᠴᠡ︶ ᠨᠢ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠳᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠪᠠ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠬᠦ ᠠᠵᠢᠯ ᠤᠨ ︽ᠲᠠᠪᠤ ᠳᠤ ᠣᠷᠣᠬᠤ︾ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠠᠰᠢᠭᠯᠠᠨ᠂ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠰᠡᠷᠡᠮᠵᠢᠯᠡᠭᠦᠯᠬᠦ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠡᠪ ᠵᠠᠩᠰᠢᠯ ᠢ ᠨᠢ ᠥᠭᠡᠷᠡᠴᠢᠯᠡᠵᠦ᠂ ᠪᠣᠯᠪᠠᠰᠤᠨ ᠠᠮᠤᠷ ᠲᠦᠪᠰᠢᠨ ᠢᠶᠠᠷ ᠭᠠᠯ ᠬᠡᠷᠡᠭᠯᠡᠬᠦ ᠶᠢ ᠰᠠᠨᠠᠭᠠᠴᠢᠯᠠᠨ᠂ ᠣᠯᠠᠨ ᠨᠡᠶᠢᠲᠡ ᠶᠢᠨ ᠬᠠᠷᠢᠭᠤᠴᠠᠯᠭᠠᠲᠤ ᠤᠬᠠᠮᠰᠠᠷ᠂ ᠠᠮᠤᠷ ᠲᠦᠪᠰᠢᠨ ᠤ ᠤᠬᠠᠮᠰᠠᠷ ᠪᠠ ᠬᠠᠤᠯᠢ ᠪᠠᠷ ᠵᠠᠰᠠᠬᠤ ᠤᠬᠠᠮᠰᠠᠷ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠤᠷᠢᠳᠴᠢᠯᠠᠨ ᠰᠡᠷᠭᠡᠶᠢᠯᠡᠬᠦ᠂ ᠠᠶᠤᠯ ᠠᠴᠠ ᠵᠠᠶᠢᠯᠠᠬᠤ᠂ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠪᠠ ᠭᠠᠮᠰᠢᠭ ᠢ ᠪᠠᠭᠠᠰᠬᠠᠬᠤ ᠴᠢᠳᠠᠪᠤᠷᠢ ᠶᠢ  ᠳᠡᠭᠡᠭᠰᠢᠯᠡᠬᠦᠯᠦᠨ᠎ᠡ᠃    ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠣᠯᠵᠤ ᠮᠡᠳᠡᠪᠡᠯ᠂ ᠳᠠᠷᠦ᠋ᠢᠬᠠᠨ ᠣᠶ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠮᠡᠳᠡᠬᠦᠯᠬᠦ ᠤᠲᠠᠰᠤ 12119 ᠶᠢ ᠵᠠᠯᠭᠠᠬᠤ ᠬᠡᠷᠡᠭᠲᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号