ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠳᠣᠣᠱᠯᠠᠭᠤᠯᠣᠨ ᠨᠠᠶᠢᠳᠠᠪᠤᠷᠢᠵᠢᠭᠤᠯᠤᠬᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2025/4/22
    4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠭᠡᠨ ᠪᠠᠶᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠡᠢ᠃    ᠬᠤᠷᠠᠯ ᠠᠴᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠪᠠᠷ ᠶᠡᠷᠦᠩᠬᠡᠢ ᠭᠠᠷᠳᠡᠴᠡ ᠪᠣᠯᠭᠠᠵᠤ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠪᠦᠬᠦ ᠤᠯᠤᠰ ᠤᠨ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠶᠢ ᠠᠬᠢᠭᠤᠯᠵᠤ᠂ ᠰᠣᠶᠣᠯ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠰᠣᠶᠣᠯ ᠤᠨ ᠪᠠᠶᠢᠭᠤᠯᠤᠯ ᠲᠣᠭᠲᠡᠴᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠣᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠦᠲᠦᠭᠡᠬᠦ ᠶᠠᠰᠤ ᠴᠢᠨᠠᠷ ᠪᠠ ᠡᠵᠡᠩᠨᠡᠯᠲᠡ ᠶᠢᠨ ᠦᠷ᠎ᠡ ᠠᠰᠢᠭ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠬᠤᠳᠠ ᠪᠣᠯᠤᠨ ᠬᠥᠳᠡᠭᠡ ᠲᠣᠰᠬᠤᠨ ᠤ ᠰᠣᠶᠣᠯ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠨᠳᠦᠰᠦᠨ ᠱᠠᠲᠤᠨ ᠤ ᠰᠢᠯᠢᠳᠡᠭ ᠰᠣᠶᠣᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠵᠦ᠂ ᠪᠦᠬᠦ ᠨᠡᠶᠢᠭᠡᠮ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠢ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠣᠳᠬ᠎ᠠ ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠷᠠᠳ ᠲᠤ ᠠᠰᠢᠭ ᠬᠦᠷᠲᠡᠭᠡᠵᠦ ᠠᠷᠠᠳ ᠲᠤ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠵᠤ᠂ ᠥᠷᠭᠡᠨ ᠣᠯᠠᠨ ᠲᠦᠮᠡᠨ ᠳᠤ ᠨᠠᠮ ᠤᠨ ᠠᠴᠢ ᠶᠢ ᠮᠡᠳᠡᠷᠡᠭᠦᠯᠵᠦ᠂ ᠨᠠᠮ ᠤᠨ ᠰᠠᠶᠢᠨ ᠢ ᠮᠡᠳᠡᠭᠦᠯᠬᠦ ᠬᠡᠷᠡᠭᠲᠡᠶ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠨ ᠤᠯᠠᠮᠵᠢᠯᠠᠬᠤ ᠪᠣᠯᠤᠨ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠡᠷᠬᠢᠨ ᠲᠣᠭᠤᠷᠢᠨ ᠤ ᠤᠯᠤᠰ ᠪᠣᠯᠤᠨ ᠭᠠᠵᠠᠷ ᠣᠷᠣᠨ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠥᠪᠥᠷ ᠮᠣᠩᠭᠤᠯ ᠢᠶᠠᠷ ᠴᠣᠩᠬᠤ ᠪᠣᠯᠭᠠᠵᠤ ᠳᠤᠮᠳᠠᠳᠤ ᠤᠯᠤᠰ ᠤᠨ ᠵᠣᠷᠢᠯᠲᠠ ᠶᠢ ᠨᠡᠩ ᠰᠠᠶᠢᠲᠤᠷ ᠤᠬᠠᠭᠤᠯᠤᠨ ᠲᠠᠨᠢᠯᠴᠠᠭᠤᠯᠵᠤ᠂ ᠳᠤᠮᠳᠠᠳᠤ ᠶᠢᠨ ᠰᠣᠶᠣᠯ ᠢ ᠤᠯᠠᠮᠵᠢᠯᠠᠵᠤ᠂ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃    ᠬᠤᠷᠠᠯ ᠠᠴᠠ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠠᠯᠢ ᠣᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ ᠢᠳᠡᠪᠬᠢᠲᠡᠶ ᠦᠷ᠎ᠡ ᠪᠦᠲᠦᠮᠵᠢ ᠤᠯᠪᠠ᠃ ᠡᠯ᠎ᠡ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭᠠᠨ ᠤ ᠲᠠᠯ᠎ᠠ ᠠᠴᠠ ᠥᠭᠡᠷᠡᠴᠢᠯᠡᠯᠲᠡ ᠶᠢᠨ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠨᠡᠩ ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠬᠤ ᠬᠡᠷᠡᠭᠲᠡᠢ᠃ ᠲᠥᠰᠦᠯ᠂ ᠨᠠᠶᠢᠳᠠᠪᠤᠷᠢᠵᠢᠭᠤᠯᠤᠯᠲᠠ᠂ ᠱᠠᠯᠠᠪᠳᠠᠭᠤᠯᠤᠨ ᠪᠠᠶᠢᠴᠠᠭᠠᠯᠲᠠ᠂ ᠦᠷ᠎ᠡ ᠳ᠋ᠦᠩ᠂ ᠱᠠᠩᠨᠠᠵᠤ ᠲᠣᠷᠭᠠᠬᠤ ᠠᠴᠠ ᠭᠠᠷᠳᠠᠵᠤ ᠪᠦᠬᠦ ᠬᠡᠯᠬᠢᠶ᠎ᠠ ᠪᠠᠷ ᠥᠭᠡᠷᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠥᠭᠡᠷᠡᠴᠢᠯᠡᠯᠲᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠢᠨ᠎ᠠ ᠬᠠᠨᠳᠤᠰᠢ ᠰᠢᠨ᠎ᠡ ᠪᠠᠶᠢᠳᠠᠯ ᠰᠢᠨ᠎ᠡ ᠡᠭᠦᠷᠭᠡ ᠳᠤ ᠰᠠᠭᠤᠷᠢᠯᠠᠨ ᠠᠯᠳᠠᠭ᠎ᠠ ᠪᠤᠷᠤᠭᠤ ᠪᠠᠨ ᠵᠠᠯᠠᠷᠠᠭᠤᠯᠬᠤ᠂ ᠲᠣᠭᠲᠡᠴᠡ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠢ ᠢᠯᠡᠷᠡᠭᠦᠯᠵᠦ ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠪᠣᠳᠠᠲᠠᠢ ᠠᠰᠠᠭᠤᠳᠠᠯ ᠨᠤᠭᠤᠳ ᠠᠴᠠ ᠡᠬᠢᠯᠡᠨ ᠥᠭᠡᠷᠡᠴᠢᠯᠡᠬᠦ ᠶᠢ ᠪᠠᠷᠢᠮᠲᠠᠯᠠᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤ ᠴᠢᠭᠯᠡᠭᠦᠯᠦᠨ ᠥᠭᠡᠷᠡᠴᠢᠯᠡᠯᠲᠡ ᠶᠢᠨ ᠰᠡᠳᠭᠢᠮᠵᠢ ᠶᠢ ᠲᠥᠯᠥᠪᠵᠢᠭᠦᠯᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠳᠤᠮᠳᠠᠬᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠭᠦᠨᠵᠡᠭᠡᠶ ᠳ᠋ᠦᠩᠨᠡᠵᠦ᠂ ᠴᠠᠭ ᠲᠤᠬᠠᠶ ᠳᠤᠨᠢ ᠳᠡᠯᠭᠡᠷᠡᠭᠦᠯᠵᠦ᠂ ᠨᠠᠩ ᠣᠯᠠᠨ ︽ᠴᠢᠬᠢ ᠮᠣᠳᠣ︾ ᠶᠢ ︽ᠣᠶ ᠰᠢᠭᠤᠶ︾ ᠪᠣᠯᠭᠠᠨ ᠬᠤᠪᠢᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠳᠣ ᠦᠵᠡᠯᠲᠡ ᠪᠣᠯᠤᠨ ᠪᠦᠬᠦ ᠲᠠᠯ᠎ᠠ ᠶᠢᠨ ᠦᠵᠡᠯ ᠤᠬᠠᠮᠰᠠᠷ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠦᠢᠯᠡᠴᠢᠯᠡᠵᠦ᠂ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号