ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2025 ᠣᠨ ᠤ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/4/22
    4 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠰᠤᠷᠤᠯᠴᠠᠯᠭ᠎ᠠ ᠶᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠰᠤᠷᠤᠯᠴᠠᠯᠭ᠎ᠠ ᠳᠡᠭᠡᠷ᠎ᠡ᠂ ᠲᠥᠪ ᠤᠨ ᠨᠠᠮ ᠤᠨ ᠲᠡᠦᠬᠡ ᠰᠤᠳᠤᠯᠬᠤ ᠲᠠᠰᠤᠭ ᠤᠨ ᠤᠤᠯ ᠤᠨ ᠳᠡᠳ᠋ ᠡᠷᠬᠢᠯᠡᠭᠴᠢ ᠹᠧᠩ ᠵᠢᠶᠦ᠋ᠨ ᠤᠷᠢᠯᠭ᠎ᠠ ᠪᠠᠷ ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠪᠡ᠃ ᠸᠠᠩ ᠯᠢ ᠰᠢᠶᠠ᠂ ᠯᠢᠦ ᠱᠤᠸᠠᠩ᠂ ᠪᠦᠦ ᠭᠠᠩ᠂ ᠯᠢ ᠢᠦᠶ ᠭᠠᠩ᠂ ᠬᠦᠦᠳᠠᠭᠤᠯᠠ᠂ ᠪᠦᠦ ᠰᠢᠶᠠᠨ ᠬᠤᠸᠠ ᠦᠭᠡ ᠬᠡᠯᠡᠪᠡ᠃    ᠰᠦᠨ ᠱᠤᠤ ᠴᠧᠩ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢᠨ ᠠᠭᠤᠯᠤᠭᠳᠠᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠭᠦᠨ ᠭᠦᠨᠵᠡᠭᠡᠢ ᠶᠤᠮ᠂ ᠪᠢᠳᠡ ᠨᠡᠪᠲᠡᠷᠬᠡᠢ ᠤᠩᠰᠢᠵᠤ ᠨᠠᠷᠢᠯᠢᠭ ᠤᠩᠰᠢᠵᠤ ᠰᠤᠳᠤᠯᠤᠨ ᠤᠩᠰᠢᠵᠤ᠂ ᠪᠠᠶᠢᠩᠭᠤ ᠰᠤᠷᠤᠯᠴᠠᠵᠤ ᠪᠠᠶᠢᠩᠭᠤ ᠰᠡᠳᠭᠢᠵᠦ ᠪᠠᠶᠢᠩᠭᠤ ᠣᠶᠢᠯᠠᠭᠠᠵᠤ᠂ ᠲᠡᠭᠦᠨ ᠤ ᠳᠣᠲᠣᠷᠠᠬᠢ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ ᠪᠣᠯᠤᠨ ᠡᠷᠡᠰ ᠪᠠᠲᠤ ᠵᠣᠷᠢᠭ ᠢ ᠭᠦᠨᠵᠡᠭᠡᠢ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠣᠶᠢᠷ᠎ᠠ ᠶᠢᠨ ᠬᠡᠳᠦᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠰᠤᠷᠲᠠᠯ ᠤᠨ ᠪᠠᠶᠢᠭᠤᠯᠤᠯᠲᠠ ᠶᠢᠨ ᠬᠠᠮ ᠠᠷᠭ᠎ᠠ ᠬᠡᠮᠵᠢᠶ᠎ᠡ ᠶᠢ ᠠᠪᠴᠤ᠂ ᠪᠦᠬᠦ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠰᠤᠷᠲᠠᠯ ᠢᠯᠡᠳᠲᠡ ᠰᠠᠶᠢᠵᠢᠷᠠᠵᠤ᠂ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠢᠯᠡᠷᠬᠡᠶ ᠳᠡᠭᠡᠭᠰᠢᠯᠡᠭᠰᠡᠨ ᠪᠣᠯᠪᠠᠴᠤ ︽ᠳᠥᠷᠪᠡᠨ ᠰᠤᠷᠲᠠᠯ︾ ᠤᠨ ᠠᠰᠠᠭᠤᠳᠠᠯ ᠲᠠᠯᠳᠠ ᠪᠠᠷ ᠤᠨᠳᠤᠤᠰᠢᠵᠤ᠂ ᠶᠠᠩᠵᠤ ᠬᠡᠯᠪᠡᠷᠢ ᠨᠢ ᠰᠢᠨᠡᠳᠴᠦ᠂ ᠳᠠᠬᠢᠨ ᠰᠡᠷᠭᠦᠬᠦ ᠳᠠᠯᠳᠠ ᠭᠡᠮ ᠮᠥᠨ ᠬᠦ ᠪᠠᠭ᠎ᠠ ᠪᠤᠰᠤ ᠣᠷᠣᠰᠢᠵᠤ᠂ ᠰᠤᠷᠲᠠᠯ ᠢ ᠬᠤᠪᠢᠷᠠᠭᠤᠯᠬᠤ᠂ ᠰᠢᠨ᠎ᠡ ᠰᠤᠷᠲᠠᠯ ᠢ ᠪᠣᠶ ᠪᠣᠯᠭᠠᠬᠤ ᠡᠭᠦᠷᠭᠡ ᠪᠠᠰᠠ ᠮᠠᠰᠢ ᠬᠠᠲᠠᠭᠤ ᠪᠡᠷᠬᠡ ᠪᠠᠶᠢᠨ᠎ᠠ᠃ ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠭᠡᠬᠦ ᠰᠡᠷᠭᠡᠭ ᠲᠠᠨᠢᠯᠳᠠ ᠶᠢ ᠢᠮᠠᠭᠲᠠ ᠪᠠᠲᠤᠯᠠᠵᠤ᠂ ᠰᠤᠷᠲᠠᠯ ᠤᠨ ᠠᠷᠬᠠᠭ ᠭᠡᠮ ᠳᠤ ᠴᠥᠬᠦᠷᠡᠰᠢ ᠦᠭᠡᠢ ᠮᠡᠰᠡ ᠵᠠᠰᠠᠯ ᠬᠢᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢᠨ ᠰᠤᠷᠤᠯᠴᠠᠯᠭ᠎ᠠ ᠬᠦᠮᠦᠵᠢᠯ ᠢ ᠭᠦᠨᠵᠡᠭᠡᠢ ᠳᠣᠣᠱᠯᠠᠭᠤᠯᠬᠤ ᠶᠢ ᠲᠣᠭᠤᠷᠢᠨ ᠪᠠᠶᠢᠴᠠᠭᠠᠯᠳᠠ ᠶᠢᠨ ᠬᠢᠨᠠᠯᠳᠠ ᠶᠢ ᠬᠦᠯᠢᠶᠠᠬᠦ ᠲᠠᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠮᠥᠷᠲᠡᠭᠡᠨ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠴᠠᠭ ᠲᠤᠬᠠᠢ ᠳᠤᠨᠢ ᠣᠨᠣᠪᠴᠢᠲᠠᠢ ᠨᠠᠶᠢᠳᠠᠪᠤᠷᠢᠵᠢᠭᠤᠯᠵᠤ᠂ ︽1 + 1﹀ 2︾ ᠶᠢᠨ ᠦᠷ᠎ᠡ ᠪᠦᠲᠦᠮᠵᠢ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠦᠷᠢᠮ ᠲᠣᠭᠲᠠᠭᠠᠯ ᠲᠣᠭᠲᠠᠭᠠᠵᠤ ᠰᠠᠬᠢᠯᠭ᠎ᠠ ᠪᠠᠲᠤ ᠬᠡᠷᠡᠭᠵᠢᠭᠦᠯᠬᠦ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠬᠤ ᠶᠢ ᠵᠣᠷᠢᠭᠵᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠲᠦᠷᠢᠮ ᠲᠣᠭᠲᠠᠭᠠᠯ ᠲᠣᠭᠲᠠᠭᠠᠬᠤ ᠳᠠᠭᠠᠨ ᠪᠣᠳᠠᠲᠠᠢ ᠠᠰᠠᠭᠤᠳᠠᠯ ᠢ ᠪᠣᠳᠠᠲᠠᠢ ᠵᠠᠳᠠᠯᠵᠤ᠂ ︽ᠨᠢᠭᠡ ᠲᠦᠯᠬᠢᠭᠦᠷ ᠢᠶᠠᠷ ᠨᠢᠭᠡ ᠣᠨᠢᠰᠤ ᠶᠢ ᠨᠡᠭᠡᠭᠡᠬᠦ︾ ᠶᠢ ᠴᠢᠷᠮᠠᠶᠢᠨ ᠪᠡᠶᠡᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠳᠤ ᠦᠷᠳᠡᠭ ᠤᠨ ᠤᠳᠤᠷᠢᠳᠤᠮᠵᠢ ᠶᠢ ᠵᠠᠯᠠᠷᠠᠭᠤᠯᠬᠤ᠂ ᠶᠠᠪᠤᠴᠠ ᠶᠢᠨ ᠭᠠᠷ ᠲᠦᠷᠦᠯᠳᠠ ᠶᠢ ᠪᠠᠭᠠᠰᠬᠠᠬᠤ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠲᠠᠯᠳᠠ ᠢᠳᠡᠪᠬᠢᠵᠢᠯ ᠢ ᠲᠠᠶᠢᠴᠢᠯᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠦᠳᠤᠯᠤᠨ ᠵᠢᠯᠣᠭᠤᠳᠴᠤ ᠵᠣᠷᠢᠭᠲᠠᠢ ᠪᠠᠷ᠂ ᠦᠨᠡᠨ ᠪᠣᠳᠠᠲᠠᠢ ᠪᠠᠷ ᠠᠵᠢᠯᠯᠠᠬᠤ ᠪᠤᠯᠭᠠᠵᠤ᠂ ᠰᠤᠷᠲᠠᠯ ᠢ ᠠᠳᠬᠤᠨ ᠠᠵᠢᠯ ᠢ ᠠᠬᠢᠭᠤᠯᠬᠤ᠂ ᠠᠵᠢᠯ ᠢ ᠠᠳᠬᠤᠨ ᠰᠤᠷᠲᠠᠯ ᠢ ᠴᠢᠩᠭᠠᠳᠬᠠᠬᠤ ᠰᠠᠶᠢᠨ ᠣᠷᠴᠢᠯ ᠢ ᠤᠯᠠᠮ ᠨᠢᠭᠡ ᠠᠯᠬᠤᠮ ᠪᠦᠷᠢᠯᠳᠦᠭᠦᠯᠬᠦ ᠬᠡᠷᠡᠭᠲᠡᠢ ᠭᠡᠵᠦ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号