4 ᠰᠠᠷ᠎ᠠ ᠶᠢᠨ 19 ᠤ ᠡᠳᠦᠷ᠂ ᠰᠦᠨ ᠱᠤᠤ ᠴᠧᠩ᠂ ᠸᠠᠩ ᠯᠢ ᠰᠢᠶᠠ᠂ ᠵᠠᠩ ᠶᠠᠨ ᠺᠦᠨ ᠵᠡᠷᠭᠡ | ᠥᠪᠡᠷᠲᠡᠭᠡᠨ ᠵᠠᠰᠠᠬᠤ ᠣᠷᠣᠨ ᠤ ᠮᠤᠵᠢ ᠠᠷᠮᠢ ᠶᠢᠨ ᠲᠠᠰ ᠤᠨ ᠤᠳᠤᠷᠢᠳᠬᠤ ᠨᠥᠬᠦᠳ ᠬᠥᠬᠡᠬᠤᠲᠠ ᠶᠢᠨ ᠰᠢᠨ᠎ᠡ | ᠬᠤᠲᠠ ᠲᠣᠭᠤᠷᠢᠭ ᠤᠨ ᠵᠢᠶ ᠱᠠ ᠴᠡᠴᠡᠷᠯᠢᠭ ᠲᠤ ᠬᠦᠷᠴᠤ᠂ ᠺᠠᠳ᠋ᠷ ᠣᠯᠠᠨ ᠲᠦᠮᠡᠨ ᠲᠠᠢ ᠬᠠᠮᠲᠤ ᠪᠠᠷ ᠠᠯᠪᠠᠨ | ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃ | ᠮᠣᠳᠣ ᠲᠠᠷᠢᠬᠤ ᠭᠠᠵᠠᠷ ᠲᠤ ᠬᠦᠷᠦᠮᠡᠭᠴᠡ᠂ ᠰᠦᠨ ᠱᠤᠤ ᠴᠧᠩ ᠨᠡᠷ ᠺᠠᠳ᠋ᠷ ᠤᠯᠠᠨ ᠲᠦᠮᠡᠨ ᠲᠠᠢ ᠬᠠᠮᠲᠤ | ᠶᠠᠭᠠᠷᠠᠯᠲᠠᠢ ᠠᠵᠢᠯᠯᠠᠵᠤ᠂ ᠬᠠᠶᠢᠲᠠᠩ᠂ ᠡᠯᠪᠡᠭᠡᠳᠤ ᠴᠡᠴᠡᠭ᠂ ᠵᠡᠷᠯᠢᠭ ᠲᠤᠭᠤᠷ ᠵᠡᠷᠭᠡ ᠴᠢᠬᠢ ᠮᠣᠳᠣ ᠶᠢ ᠲᠠᠷᠢᠪᠠ᠃ | ᠰᠦᠨ ᠱᠤᠤ ᠴᠧᠩ ᠬᠦᠷᠵᠡ ᠠᠳᠬᠤᠨ ᠰᠢᠷᠣᠢ ᠨᠡᠮᠡᠬᠦ ᠶᠢᠨ ᠬᠠᠮᠳᠦ ᠠᠬᠤᠢ ᠲᠠᠯᠠᠪᠠᠢ ᠳᠤ ᠪᠠᠶᠢᠭᠰᠠᠨ | ᠨᠥᠬᠦᠳ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠨᠤᠭᠤᠭᠠᠨ ᠪᠣᠯ ᠥᠪᠥᠷ ᠮᠣᠩᠭᠤᠯ ᠤᠨ ᠳᠡᠪᠢᠰᠭᠡᠷ ᠥᠩᠭᠡ | ᠮᠥᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ | ᠲᠡᠷᠢᠭᠦᠨ ᠴᠢᠬᠤᠯᠠ ᠡᠭᠦᠷᠭᠡ ᠪᠤᠯ ᠳᠠᠷᠤᠶ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠠᠪᠤᠳᠠᠯ ᠪᠣᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ | ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠪᠠᠷ ᠭᠤᠣᠯᠳᠠᠯᠭ᠎ᠠ ᠪᠣᠯᠭᠠᠵᠤ᠂ ᠴᠠᠭ ᠢ | ᠠᠮᠵᠢᠨ ᠨᠣᠭᠤᠭᠠᠷᠠᠭᠤᠯᠤᠯᠲᠠ ᠶᠢ ᠨᠡᠮᠡᠭᠳᠡᠭᠦᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠤᠯᠤᠰ ᠤᠨ | ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ ᠮᠠᠨ ᠤ | ᠣᠷᠣᠨ ᠤ ᠠᠭᠤᠷ ᠠᠮᠢᠰᠬᠤᠯ ᠤᠨ ᠣᠨᠴᠠᠯᠢᠭ ᠪᠣᠯᠤᠨ ᠬᠥᠷᠥᠰᠥ ᠰᠢᠷᠣᠶ ᠶᠢᠨ ᠨᠥᠬᠦᠴᠡᠯ ᠳᠤ ᠰᠠᠭᠤᠷᠢᠯᠠᠨ᠂ ᠲᠤᠰ | ᠭᠠᠵᠠᠷ ᠣᠷᠣᠨ ᠳᠤ ᠳᠣᠭᠢᠷᠠᠬᠤ ᠣᠶ ᠮᠣᠳᠣᠨ ᠤ ᠡᠭᠦᠯᠳᠡᠷ ᠢ ᠰᠢᠨᠵᠢᠯᠡᠬᠦ ᠤᠬᠠᠭᠠᠨᠴᠢ ᠪᠠᠷ ᠰᠣᠩᠭᠤᠬᠤ ᠬᠡᠷᠡᠭᠲᠡᠶ᠃ | ᠣᠶᠢᠵᠢᠭᠤᠯᠤᠯᠲᠠ ᠶᠢᠨ ᠲᠡᠷᠢᠭᠦᠨ ᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠮᠧᠬᠠᠨᠢᠭ ᠢᠶᠠᠷ ᠣᠶᠢᠵᠢᠭᠤᠯᠬᠤ | ᠡᠷᠴᠢᠮ ᠢᠶᠠᠨ ᠴᠢᠩᠭᠠᠷᠠᠭᠤᠯᠤᠨ᠂ ᠬᠤᠶᠢᠳᠤᠬᠢ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠨᠠᠷᠢᠨ ᠨᠢᠮᠪᠠᠢ | ᠰᠠᠶᠢᠲᠤᠷ ᠬᠢᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠪᠦᠲᠦᠮᠵᠢᠲᠡᠢ ᠰᠡᠷᠭᠡᠶᠢᠯᠡᠨ ᠵᠠᠰᠠᠵᠤ᠂ ᠲᠠᠷᠢᠪᠠᠯ | ᠨᠤᠭᠤᠭᠠᠷᠠᠭᠤᠯᠵᠦ ᠴᠢᠳᠠᠬᠤ ᠶᠢ ᠪᠠᠲᠤᠯᠠᠬᠤ ᠬᠡᠷᠡᠭᠲᠡᠢ ᠭᠡᠪᠡ᠃ ᠡᠨᠡ ᠬᠦ ᠬᠤᠭᠤᠴᠠᠭᠠᠨ ᠳᠤ᠂ ᠰᠦᠨ ᠱᠤᠤ ᠴᠧᠩ | ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠬᠠᠮᠢᠶ᠎ᠠ ᠪᠦᠬᠦᠢ ᠪᠠᠶᠢᠳᠠᠯ ᠢ ᠣᠶᠢᠯᠠᠭᠠᠵᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠬᠠᠮᠵᠢᠯᠴᠠᠭ᠎ᠠ ᠪᠠᠨ ᠴᠢᠩᠭᠠᠳᠬᠠᠵᠤ᠂ ᠲᠠᠯᠠᠨ ᠬᠠᠷ᠎ᠠ ᠠᠭᠤᠯᠠ ᠶᠢ | ᠬᠠᠮᠲᠤ ᠪᠠᠷ ᠰᠠᠶᠢᠲᠤᠷ ᠰᠠᠬᠢᠨ ᠬᠠᠮᠠᠭᠠᠯᠠᠵᠤ ᠰᠠᠶᠢᠲᠤᠷ ᠠᠰᠢᠭᠯᠠᠬᠤ ᠬᠡᠷᠡᠭᠲᠡᠢ ᠭᠡᠵᠦ ᠵᠠᠬᠢᠪᠠ᠃ | ᠠᠵᠢᠯᠯᠠᠭ᠎ᠠ ᠳᠠᠭᠤᠰᠬᠤ ᠠᠴᠠ ᠡᠮᠦᠨ᠎ᠡ᠂ ᠰᠦᠨ ᠱᠤᠤ ᠴᠧᠩ ᠪᠠᠰᠠ ᠮᠣᠳᠣ ᠲᠠᠷᠢᠬᠤ ᠳᠤ ᠣᠷᠣᠯᠴᠠᠭᠰᠠᠨ | ᠬᠡᠦᠬᠡᠳ ᠤᠳ ᠢ ᠰᠠᠶᠢᠲᠤᠷ ᠰᠤᠷᠤᠯᠴᠠᠵᠤ᠂ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠤ᠂ ᠮᠣᠳᠣ ᠲᠠᠷᠢᠵᠤ | ᠣᠶᠢᠵᠢᠭᠤᠯᠬᠤ ᠮᠡᠲᠦ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠢᠯᠡᠭᠦᠬᠡᠨ ᠣᠷᠣᠯᠴᠠᠵᠤ᠂ | ᠬᠥᠳᠡᠯᠮᠦᠷᠢᠯᠡᠬᠦ ᠪᠠᠷ ᠳᠠᠮᠵᠢᠨ ᠡᠷᠡᠭᠦᠯ ᠢᠶᠠᠷ ᠦᠭᠡᠳᠡᠯᠡᠨ ᠳᠠᠪᠰᠢᠬᠤ᠂ ᠡᠬᠡ ᠪᠠᠶᠢᠭᠠᠯᠢ ᠪᠠᠨ ᠬᠠᠶᠢᠷᠠᠯᠠᠬᠤ ᠰᠠᠶᠢᠨ | ᠳᠠᠳᠬᠠᠯ ᠲᠠᠢ ᠪᠣᠯᠬᠤ ᠶᠢ ᠳᠣᠲᠣᠨᠣ ᠪᠠᠷ ᠵᠣᠷᠢᠭᠵᠢᠭᠤᠯᠪᠠ᠃ | ᠬᠥᠬᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ ᠤ ᠮᠤᠵᠢ ᠶᠢᠨ ᠳᠡᠰ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ | ᠥᠪᠥᠷ ᠮᠣᠩᠭᠤᠯ ᠤᠨ ᠶᠡᠷᠦᠩᠬᠡᠢ ᠠᠩᠬᠢ ᠶᠢᠨ ᠠᠷᠮᠢ ᠶᠢᠨ ᠳᠡᠰ ᠤᠨ ᠤᠳᠤᠷᠢᠳᠬᠤ ᠨᠥᠬᠦᠳ ᠠᠵᠢᠯᠯᠠᠭ᠎ᠠ ᠳᠤ | ᠣᠷᠣᠯᠴᠠᠵᠠᠢ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠪᠥᠬᠦ ᠣᠷᠣᠨ ᠳᠤ ᠨᠢᠭᠡᠨᠲᠡ 401.08 ᠲᠦᠮᠡᠨ ᠰᠠᠭᠤᠷᠢ | ᠠᠯᠪᠠᠨ ᠵᠢᠷᠤᠮ ᠤᠨ ᠮᠣᠳᠣ ᠳᠠᠷᠢᠵᠤ᠂ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠢ ᠰᠢᠨ᠎ᠡ ᠪᠠᠷ 20 | ᠪᠠᠶᠢᠭᠤᠯᠵᠤ᠂ 81.16 ᠲᠦᠮᠡᠨ ᠬᠥᠮᠦᠨ ᠤᠳᠠᠭ᠎ᠠ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ | ᠣᠷᠣᠯᠴᠠᠪᠠ᠃ |