ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠵᠠᠢ
ᠨᠡᠶᠢᠲᠡᠯᠡᠭᠰᠡᠨ ᠴᠠᠭ᠄
2025/4/22
   4 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠭᠡᠨ ᠪᠥᠲᠥᠭᠡᠨ ᠪᠠᠶᠢᠭᠤᠯᠤᠶ᠎ᠡ︾ ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠰᠣᠶᠣᠯ ᠤᠨ ᠪᠠᠶᠢᠭᠤᠯᠤᠯᠲᠠ ᠶᠢ ᠪᠥᠬᠦ ᠤᠯᠤᠰ ᠤᠨ ᠳᠡᠭᠡᠳᠦ ᠲᠦᠪᠰᠢᠨ ᠲᠡᠶᠢᠰᠢ ᠠᠭᠢᠭᠤᠯᠬᠤ ᠬᠡᠷᠡᠭᠲᠡᠶ᠃ ᠤᠯᠠᠭᠠᠨᠮᠥ᠋ᠴᠢᠷ ᠵᠡᠷᠭᠡ ᠦᠨᠳᠦᠰᠦᠨ ᠱᠠᠲᠤᠨ ᠤ ᠣᠳᠬ᠎ᠠ ᠤᠷᠠᠯᠢᠭ ᠤᠨ ᠡᠩᠨᠡᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠰᠠᠶᠢᠲᠤᠷ ᠤᠬᠠᠭᠤᠯᠬᠤ ᠬᠡᠷᠡᠭᠲᠡᠶ᠃ ᠲᠡᠦᠬᠡ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ᠂ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠰᠠᠨ︾ ᠰᠠᠭᠤᠷᠢᠨ ᠳᠡᠭᠡᠷ᠎ᠡ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠡᠯ᠎ᠡ ᠵᠦᠢᠯ ᠤᠨ ᠠᠵᠢᠯ ᠳᠠᠭᠠᠨ ᠳᠣᠣᠱᠯᠠᠭᠤᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠳᠠᠯᠠᠵᠤ᠂ ᠰᠦᠯᠵᠢᠶᠡᠨ ᠳᠡᠭᠡᠷᠡᠬᠢ ᠪᠠ ᠪᠤᠳᠠᠳᠤ ᠴᠤᠭᠴᠠ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠨ ᠬᠠᠮᠢᠶᠠᠷᠬᠤ ᠬᠡᠷᠡᠭᠲᠡᠢ ᠭᠡᠵᠤ ᠴᠢᠬᠤᠯᠠᠴᠢᠯᠠᠪᠠ᠃   ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 172 ᠳ᠋ᠤᠭᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠬᠦᠷᠢᠶᠡᠨ ᠳᠠᠬᠢ ᠥᠭᠡᠷᠡᠴᠢᠯᠡᠯᠲᠡ ᠶᠢᠨ ᠡᠭᠦᠷᠭᠡ ᠶᠢ ᠠᠯᠢ ᠴᠢᠳᠠᠬᠤ ᠪᠠᠷ ᠲᠦᠷᠭᠡᠨ ᠠᠬᠢᠭᠤᠯᠵᠤ᠂ ᠪᠣᠭᠤᠮᠲᠠ ᠰᠢᠪᠲᠤᠯᠬᠤ ᠡᠷᠴᠢ ᠵᠣᠷᠢᠭ ᠢᠶᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠲᠦᠷᠭᠡᠨ ᠤᠯᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠵᠠᠢ᠃   ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢ ᠤᠳᠠᠭᠠᠰᠢᠷᠠᠭᠤᠯᠵᠤ ᠪᠣᠯᠬᠤ ᠦᠭᠡᠢ᠂ ᠭᠦᠢᠴᠡᠳᠭᠡᠯ ᠲᠤᠭ᠎ᠠ ᠶᠢ ᠪᠠᠭᠤᠷᠠᠭᠤᠯᠵᠦ ᠪᠣᠯᠬᠤ ᠦᠭᠡᠢ᠂ ᠡᠭᠦᠷᠭᠡ ᠶᠢ ᠬᠠᠰᠤᠵᠤ ᠪᠣᠯᠬᠤ ᠦᠭᠡᠢ ᠪᠠᠶᠢᠬᠤ ᠶᠢ ᠪᠠᠷᠢᠮᠳᠠᠯᠠᠵᠦ᠂ ᠳᠡᠳ᠋ ᠲᠡᠷᠢᠭᠦᠯᠡᠭᠴᠢ ᠨᠡᠷ ᠠᠵᠤ ᠠᠬᠤᠢ ᠶᠢᠨ ᠲᠤᠬᠢᠷᠠᠭᠤᠯᠤᠯᠲᠠ ᠶᠢ ᠴᠢᠩᠭ᠎ᠠ ᠠᠳᠬᠤᠵᠤ᠂ ᠭᠦᠢᠴᠡᠳᠭᠡᠯ ᠲᠤᠭ᠎ᠠ ᠶᠢ ᠨᠠᠷᠢᠨ ᠬᠤᠪᠢᠶᠠᠨ ᠨᠡᠪᠲᠡᠷᠬᠡᠢ ᠵᠠᠳᠠᠯᠵᠤ᠂ ︽ᠨᠢᠭᠡ ᠱᠤᠭᠤᠮ︾ ᠤᠨ ᠲᠣᠭᠲᠡᠴᠡ ᠶᠣᠰᠣᠭᠠᠷ᠂ ᠶᠠᠮᠠᠷ ᠠᠰᠠᠭᠤᠳᠠᠯ ᠣᠷᠣᠰᠢᠵᠤ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠶᠢᠨ ᠣᠨ ᠤ ᠡᠭᠦᠷᠭᠡ ᠶᠢ ᠲᠦᠷᠭᠡᠪᠴᠢᠯᠡᠨ ᠠᠬᠢᠭᠤᠯᠵᠤ᠂ ᠢᠯᠠᠩᠭᠤᠶ᠎ᠠ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠠᠵᠤ ᠠᠬᠤᠶᠢᠯᠠᠯ ᠬᠦᠴᠢᠷᠳᠡᠯ ᠲᠠᠢ ᠦᠶ᠎ᠡ ᠳᠤ ᠴᠠᠭ ᠲᠤᠬᠠᠢ ᠳᠤᠨᠢ ᠬᠠᠪᠰᠤᠷᠬᠤ ᠬᠡᠷᠡᠭᠲᠡᠢ᠃ ᠪᠠᠯᠠ ᠣᠷᠣᠭᠤᠯᠤᠯᠲᠠ ᠪᠠ ᠬᠡᠷᠡᠭᠯᠡᠭᠡ ᠶᠢ ᠴᠢᠩᠭ᠎ᠠ ᠠᠳᠬᠤᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠬᠦ ᠬᠠᠷᠠᠯᠲᠠ ᠶᠢ ᠵᠤᠷᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠬᠡᠷᠡᠭᠯᠡᠭᠡ ᠶᠢ ᠦᠷᠭᠦᠯᠵᠢᠯᠡᠨ ᠠᠬᠢᠭᠤᠯᠵᠤ᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠳᠤ ᠣᠷᠣᠭᠤᠯᠬᠤ ᠲᠠᠸᠠᠷ ᠢ ᠳᠠᠬᠢᠨ 6 ᠲᠥᠷᠥᠯ ᠨᠡᠮᠡᠭᠳᠡᠭᠦᠯᠬᠦ ᠬᠡᠷᠡᠭᠲᠡᠶ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠬᠦ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠶ᠃ ᠠᠰᠠᠭᠤᠳᠠᠯ ᠰᠶᠢᠳᠪᠦᠷᠢᠯᠡᠬᠦ ᠰᠡᠳᠭᠢᠬᠦᠶ ᠪᠠ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠤᠷᠲᠠᠯ ᠢ ᠰᠠᠶᠢᠵᠢᠷᠠᠭᠤᠯᠬᠤ ᠲᠠᠯ᠎ᠠ ᠪᠠᠷ ᠦᠨᠡᠨ ᠪᠣᠳᠠᠲᠠᠶ ᠠᠵᠢᠯᠯᠠᠵᠤ᠂ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号