4 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠪᠠᠢ ᠬᠠᠢ ᠯᠢᠨ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠭᠦ | ᠠᠶᠢᠮᠠᠭ ᠪᠣᠯᠣᠨ ᠡᠯ᠎ᠡ ᠬᠤᠰᠢᠭᠤ ᠣᠷᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ᠂ ᠴᠢᠬᠤᠯᠠ ᠶᠡᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠷᠠᠯᠵᠢᠶᠠᠴᠢᠨ ᠤᠷᠢᠵᠤ ᠪᠡᠯᠡ ᠣᠷᠣᠭᠤᠯᠤᠭᠰᠠᠨ ᠪᠠᠶᠢᠳᠠᠯ ᠢ | ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠤᠨ᠂ ᠲᠠᠷᠠᠭᠠᠴᠢ ᠶᠢᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | | | | | | | | | | | | | | | | | ᠬᠤᠷᠠᠯ ᠠᠴᠠ᠂ ᠬᠠᠷᠠᠯᠲᠠ ᠪᠠᠨ ᠪᠠᠭᠤᠷᠠᠭᠤᠯᠬᠤ ᠦᠭᠡᠢ᠂ ᠡᠭᠦᠷᠭᠡ ᠪᠠᠨ ᠪᠠᠭᠠᠰᠬᠠᠬᠤ ᠦᠭᠡᠢ ᠪᠠᠶᠢᠬᠤ ᠶᠢ | ᠪᠠᠷᠢᠮᠲᠠᠯᠠᠵᠤ᠂ ᠠᠵᠤ ᠠᠬᠤᠢ ᠶᠢᠨ ᠡᠷᠭᠢᠯᠲᠡ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠠᠰᠠᠭᠤᠳᠠᠯ ᠬᠦᠷᠦᠯᠴᠡᠬᠦ | ᠦᠭᠡᠢ ᠲᠠᠯ᠎ᠠ ᠶᠢ ᠭᠦᠨᠵᠡᠭᠡᠢ ᠡᠷᠢᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ᠂ ᠳᠤᠲᠠᠭᠤᠳᠠᠯ ᠢ | ᠲᠦᠷᠭᠡᠨ ᠨᠥᠬᠦᠪᠦᠷᠢᠯᠡᠨ᠂ ᠠᠬᠢᠴᠠ ᠶᠢ ᠲᠦᠷᠭᠡᠳᠬᠡᠬᠦ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠪᠦᠭᠦ ᠬᠦᠴᠦᠨ ᠢᠶᠠᠷ ᠰᠠᠶᠢᠲᠤᠷ ᠠᠳᠬᠤᠵᠤ᠂ ᠭᠠᠷᠳᠠᠮ ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ | ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠡᠷᠲᠡ ᠡᠬᠢᠯᠡᠭᠦᠯᠬᠦ᠂ ᠪᠡᠯᠡ ᠣᠷᠣᠭᠤᠯᠬᠤ | ᠶᠣᠰᠣᠲᠠᠢ ᠪᠦᠭᠦᠨ ᠢ ᠣᠷᠣᠭᠤᠯᠬᠤ ᠶᠢ ᠪᠠᠲᠤᠯᠠᠨ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ | ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ ᠠᠵᠢᠯ ᠢ ᠴᠢᠩᠭᠠᠳᠬᠠᠵᠤ᠂ ᠦᠷ᠎ᠡ ᠳ᠋ᠦᠩ ᠢᠶᠠᠷ ᠦᠨᠡᠯᠡᠬᠦ᠂ ᠶᠡᠭᠡ ᠪᠠᠭ᠎ᠠ | ᠲᠦᠷᠦᠯ ᠵᠦᠢᠯ ᠢ ᠵᠡᠷᠭᠡ ᠪᠠᠷ ᠠᠳᠬᠤᠬᠤ ᠪᠠ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ ᠪᠠᠷᠢᠮᠲᠠᠯᠠᠨ᠂ | ᠠᠵᠤ ᠠᠬᠤᠶᠢᠯᠠᠯ ᠤᠨ ᠲᠦᠷᠦᠯ ᠵᠦᠢᠯ ᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ | ᠠᠷᠠᠯᠵᠢᠶᠠᠴᠢᠨ ᠤᠷᠢᠬᠤ ᠬᠢᠷᠢ ᠭᠡᠮ ᠪᠠ ᠦᠷ᠎ᠡ ᠠᠰᠢᠭ ᠢ ᠳᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ᠃ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠮᠠᠯ ᠠᠵᠤ ᠠᠬᠤᠢ | ᠲᠠᠷᠢᠶᠠᠯᠠᠩ ᠤᠨ ᠦᠢᠯᠡᠰ ᠢ ᠨᠠᠷᠢᠯᠢᠭ ᠭᠦᠨᠵᠡᠭᠡᠢ ᠡᠳ᠋ᠰᠢᠭᠦᠯᠬᠦ᠂ ᠦᠢᠯᠡᠳᠬᠦᠨ ᠤ ᠦᠷᠳᠡᠭ ᠢ ᠨᠡᠮᠡᠭᠳᠡᠭᠦᠯᠬᠦ ᠠᠵᠢᠯ ᠢ | ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ ᠪᠠ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠪᠠᠷᠢᠮᠲᠠᠯᠠᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠡᠯ᠎ᠡ ᠵᠦᠢᠯ ᠤᠨ ᠠᠵᠢᠯᠯᠠᠭ᠎ᠠ ᠶᠢ | ᠰᠠᠶᠢᠲᠤᠷ ᠡᠷᠭᠢᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠲᠠᠲᠠᠬᠤ ᠬᠦᠴᠦᠨ ᠢ ᠨᠡᠮᠡᠭᠳᠡᠭᠦᠯᠬᠦ ᠬᠡᠷᠡᠭᠲᠡᠢ᠃ ᠡᠵᠡᠩᠨᠡᠯᠲᠡ | ᠶᠢᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ | ᠭᠦᠨᠵᠡᠭᠡᠶᠢᠷᠡᠭᠦᠯᠦᠨ᠂ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠢᠲᠡᠭᠡᠯ ᠵᠣᠷᠢᠭ ᠢ ᠨᠢ | ᠬᠥᠪᠴᠢᠯᠡᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ | ᠴᠢᠩᠭᠠᠳᠬᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠠᠳᠬᠤᠬᠤ ᠶᠢᠨ ᠬᠠᠮᠲᠤ᠂ | ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠳᠠᠷᠤᠢ | ᠲᠦᠷᠭᠡᠨ ᠴᠡᠭᠴᠡᠯᠡᠨ ᠵᠠᠰᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠵᠠᠰᠠᠬᠤ ᠶᠢ | ᠲᠦᠷᠭᠡᠨ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ | ᠬᠢᠵᠦ᠂ ᠠᠷᠭ᠎ᠠ ᠪᠦᠭᠦᠨ ᠢ ᠰᠦᠪᠡᠭᠴᠢᠯᠡᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠂ ᠠᠶᠤᠯᠭᠦᠢ | ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠪᠠ ᠤᠢ | ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ | ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠢᠮᠠᠭ ᠤᠨ ᠤᠳᠤᠷᠢᠳᠤᠯᠭ᠎ᠠ ᠮᠥᠩᠬᠡ᠂ ᠪᠦᠦ ᠶᠧ᠂ ᠯᠢᠦ ᠴᠥᠩ ᠰᠢᠶᠣᠣ᠂ ᠯᠢᠦ ᠳ᠋ᠧ ᠼᠦᠢ᠂ ᠯᠢ ᠵᠢᠶᠦ᠋ᠨ | ᠬᠤᠷᠠᠯ ᠳᠤ ᠣᠷᠣᠯᠴᠠᠵᠠᠢ᠃ | | | |