ᠬᠤᠸᠠᠩ ᠶᠠ ᠯᠢ ᠠᠯᠠᠱᠠ ᠵᠡᠭᠦᠨ ᠬᠤᠰᠢᠭᠤᠨ ᠤ ᠬᠡᠰᠡᠭ ᠠᠵᠤ ᠠᠬᠤᠶᠢᠯᠠᠯ ᠢᠶᠠᠷ ᠪᠠᠶᠢᠴᠠᠭᠠᠨ ᠰᠤᠳᠤᠯᠤᠯᠲᠠ ᠬᠢᠵᠦ ᠠᠵᠤ ᠠᠬᠤᠶᠢᠯᠠᠯ ᠤᠨ ᠬᠦᠴᠢᠷᠳᠡᠯ ᠢ ᠲᠤᠬᠠᠢ ᠶᠢᠨ ᠲᠠᠯᠠᠪᠤᠷ ᠲᠤ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2025/4/25
    4 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠤᠷᠢᠳ ᠬᠤᠵᠢᠳ ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠺᠤᠮᠫᠠᠨᠢ ᠪᠠ ᠠᠯᠠᠱᠠ ᠵᠡᠭᠦᠨ ᠬᠤᠰᠢᠭᠤᠨ ᠤ ᠵᠤᠯᠵᠠᠭ᠎ᠠ ᠰᠢᠵᠢᠷ ᠠᠯᠲᠠᠨ ᠤ ᠨᠡᠭᠡᠭᠡᠨ ᠬᠥᠭᠵᠢᠭᠦᠯᠦᠯᠲᠡ ᠶᠢᠨ ᠺᠤᠮᠫᠠᠨᠢ᠂ ᠶᠦᠨ ᠳ᠋ᠡ ᠱᠸᠡᠭ ᠨᠧᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠺᠤᠮᠫᠠᠨᠢ᠂ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠳᠤ ᠭᠦᠨᠵᠡᠭᠡᠶᠢᠷᠡᠨ᠂ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠣᠰ ᠲᠣᠰ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠬᠠᠢ ᠶᠢᠨ ᠲᠠᠯᠠᠪᠤᠷ ᠲᠤ ᠠᠵᠢᠯᠯᠠᠨ ᠠᠵᠤ ᠠᠬᠤᠶᠢᠯᠠᠯ ᠤᠨ ᠪᠣᠳᠠᠲᠤ ᠬᠦᠴᠢᠷᠳᠡᠯ ᠢ ᠰᠢᠢᠳᠪᠦᠷᠢᠯᠡᠭᠰᠡᠨ ᠪᠠᠶᠢᠨ᠎ᠠ᠃
1.jpg
    ᠥᠪᠥᠷ ᠮᠣᠩᠭᠤᠯ ᠤᠨ ᠰᠢ ᠶᠢᠨ ᠠᠭᠤᠷᠬᠠᠢ ᠶᠢᠨ ᠺᠤᠮᠫᠠᠨᠢ ᠪᠣᠯᠣᠨ ᠠᠯᠠᠱᠠ ᠵᠡᠭᠦᠨ ᠬᠤᠰᠢᠭᠤᠨ ᠤ ᠵᠤᠯᠵᠠᠭ᠎ᠠ ᠰᠢᠵᠢᠷ ᠠᠯᠲᠠᠨ ᠤ ᠨᠡᠭᠡᠭᠡᠨ ᠬᠥᠭᠵᠢᠭᠦᠯᠦᠯᠲᠡ ᠶᠢᠨ ᠺᠤᠮᠫᠠᠨᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠬᠤᠸᠠᠩ ᠶᠠ ᠯᠢ ᠪᠠᠷᠢᠯᠭ᠎ᠠ ᠶᠢᠨ ᠠᠬᠢᠴᠠ ᠶᠢ ᠨᠠᠷᠢᠨ ᠪᠠᠶᠢᠴᠠᠭᠠᠨ ᠦᠵᠡᠵᠦ᠂ ᠲᠦᠷᠦᠯ ᠵᠦᠢᠯ ᠤᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠢ ᠨᠠᠷᠢᠨ ᠬᠢᠨᠠᠮᠠᠭᠠᠢ ᠰᠣᠨᠣᠰᠴᠠᠢ᠃ ᠶᠠᠷᠢᠯᠴᠠᠬᠤ ᠬᠤᠷᠠᠯ ᠳᠡᠭᠡᠷ᠎ᠡ᠂ ᠲᠥᠷᠥᠯ ᠵᠦᠢᠯ ᠢ ᠲᠦᠯᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠭᠠᠵᠠᠷ ᠰᠢᠷᠣᠢ᠂ ᠭᠠᠷᠳᠠᠮ᠂ ᠪᠡᠯᠡ ᠮᠥᠩᠭᠦ᠂ ᠴᠠᠭᠢᠯᠭᠠᠨ ᠲᠣᠣᠷᠵᠢᠯ᠂ ᠵᠠᠮ ᠬᠠᠷᠢᠯᠴᠠᠭ᠎ᠠ ᠵᠡᠷᠭᠡ ᠠᠰᠠᠭᠤᠳᠠᠯ ᠳᠤ ᠴᠢᠭᠯᠡᠭᠦᠯᠦᠨ ︽ᠶᠠᠮᠠᠷ ᠠᠷᠭ᠎ᠠ ᠪᠠᠷᠢᠯ ᠠᠪᠬᠤ᠂ ᠬᠡᠵᠢᠶ᠎ᠡ ᠪᠡᠶᠡᠯᠡᠭᠦᠯᠬᠦ᠂ ᠠᠵᠤ ᠠᠬᠤᠶᠢᠯᠠᠯ ᠬᠠᠨᠤᠮᠵᠢᠲᠠᠢ ᠡᠰᠡᠬᠦ︾ ᠲᠤᠬᠠᠢ ᠬᠠᠮᠢᠶ᠎ᠠ ᠪᠦᠬᠦᠢ ᠭᠠᠵᠠᠢ ᠣᠷᠣᠨ ᠪᠣᠯᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠢᠶᠠᠷ ᠨᠢᠭᠡ ᠨᠢᠭᠡ ᠪᠠᠷ ᠬᠠᠷᠢᠭᠤᠯᠲᠠ ᠭᠢᠯᠭᠡᠵᠤ᠂ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠬᠥᠭᠵᠢᠯᠲᠡ ᠳᠤ ᠦᠢᠯᠡᠴᠢᠯᠡᠬᠦ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠲᠤᠳᠬᠠᠨ᠂ ᠰᠡᠳᠬᠢᠯ ᠲᠠᠯᠪᠢᠨ ᠬᠦᠴᠦ ᠣᠷᠣᠭᠤᠯᠵᠤ ᠪᠠᠶᠢᠭᠠᠳ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠡᠵᠡᠩᠨᠡᠯᠲᠡ ᠶᠢᠨ ᠣᠷᠴᠢᠨ ᠨᠥᠬᠦᠴᠡᠯ᠂ ᠴᠢᠬᠤᠯᠠ ᠡᠯᠧᠮᠧᠨ᠋ᠲ ᠤᠨ ᠬᠠᠩᠭᠠᠯᠭ᠎ᠠ᠂ ᠭᠠᠷᠳᠠᠮ ᠭᠦᠢᠴᠡᠳᠬᠡᠬᠦ᠂ ᠪᠡᠯᠡ ᠬᠤᠷᠠᠮᠳᠤᠭᠤᠯᠬᠤ ᠵᠢᠭᠡᠯᠡᠯᠭᠡ ᠵᠡᠷᠭᠡ ᠡᠯ᠎ᠡ ᠲᠠᠯ᠎ᠠ ᠳᠤ ᠴᠥᠮ ᠠᠷᠭ᠎ᠠ ᠪᠦᠭᠦᠨ ᠢ ᠰᠦᠪᠡᠭᠴᠢᠯᠡᠨ ᠠᠬᠢᠴᠠ ᠶᠢ ᠲᠦᠷᠭᠡᠳᠬᠡᠨ᠂ᠠᠵᠤ ᠠᠬᠤᠶᠢᠯᠠᠯ ᠤᠨ ᠵᠣᠭᠰᠣᠴᠠ ᠠᠴᠠ ᠠᠰᠠᠭᠤᠳᠠᠯ ᠢ ᠪᠣᠳᠣᠯᠬᠢᠯᠠᠨ ᠠᠵᠢᠯ ᠢᠶᠠᠨ ᠬᠢᠵᠦ᠂ᠢᠯᠡᠭᠦᠦ ᠬᠢᠵᠦ ᠳᠡᠶᠢᠯᠭᠦ ᠨᠢ ᠢᠯᠡᠭᠦᠦ ᠬᠢᠵᠦ᠂ᠤᠷᠤᠭᠰᠢ ᠨᠢ ᠠᠬᠢᠭᠤᠯᠵᠤ ᠳᠡᠶᠢᠯᠭᠦ ᠶᠢ ᠨᠢ ᠠᠬᠢᠭᠤᠯᠤᠨ᠂ ᠡᠭᠦᠷᠭᠡ ᠬᠠᠷᠢᠭᠤᠴᠠᠯᠭ᠎ᠠ ᠪᠠᠨ ᠲᠣᠳᠣᠳᠬᠠᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠬᠠᠷᠢᠯᠴᠠᠨ ᠬᠠᠮᠵᠢᠯᠴᠠᠵᠤ ᠵᠣᠬᠢᠴᠠᠭᠤᠯᠬᠤ ᠦᠷ᠎ᠡ ᠠᠰᠢᠭ ᠢ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
2.jpg
3.jpg
    ᠶᠦᠨ ᠳ᠋ᠡ ᠱᠸᠡᠭ ᠨᠧᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠺᠤᠮᠫᠠᠨᠢ ᠪᠠ ᠷᠧᠨ ᠾᠧ ᠰᠢᠨ᠎ᠡ ᠡᠨᠧᠷᠭᠢ ᠶᠢᠨ ᠰᠢᠨᠵᠢᠯᠡᠭᠡ ᠮᠡᠷᠭᠡᠵᠢᠯ ᠤᠨ ᠺᠤᠮᠫᠠᠨᠢ ᠪᠣᠯ ᠬᠠᠮᠤᠭ ᠤᠨ ᠡᠷᠲᠡ ᠠᠯᠠᠱᠠ ᠳᠤ ᠢᠷᠡᠭᠰᠡᠨ ᠬᠤᠶᠠᠷ ᠲᠣᠨᠣᠭᠯᠠᠯ ᠦᠢᠯᠡᠳᠪᠦᠷᠢᠯᠡᠬᠦ ᠠᠵᠤ ᠠᠬᠤᠶᠢᠯᠠᠯ ᠪᠠᠶᠢᠵᠤ᠂ ᠶᠠᠷᠢᠯᠴᠠᠭᠠᠨ ᠤ ᠳᠤᠮᠳᠠ ᠠᠵᠤ ᠠᠬᠤᠶᠢᠯᠠᠯ ᠤᠨ ᠬᠢᠨ ᠭᠠᠷᠤᠯᠲᠠ ᠪᠠᠨ ᠨᠡᠮᠡᠭᠳᠡᠭᠦᠯᠬᠦ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ ᠪᠠᠶᠢᠬᠤ ᠶᠢ ᠣᠶᠢᠯᠠᠭᠠᠭᠰᠠᠨ ᠤ ᠲᠠᠷᠠᠭ᠎ᠠ ᠬᠤᠸᠠᠩ ᠶᠠ ᠯᠢ᠂ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ  ᠬᠢᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠰᠡᠳᠬᠢᠯ ᠳᠡᠭᠡᠨ ᠲᠠᠯᠪᠢᠵᠤ᠂ ᠡᠵᠡᠩᠨᠡᠯᠲᠡ ᠬᠥᠭᠵᠢᠯᠲᠡ ᠶᠢ ᠨᠢ ᠪᠦᠭᠦ ᠬᠦᠴᠦᠨ ᠢᠶᠠᠷ ᠳᠡᠮᠵᠢᠵᠦ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠠᠵᠤ ᠠᠬᠤᠶᠢᠯᠠᠯ ᠳᠤ ᠵᠠᠬᠢᠶᠠᠯᠠᠭ᠎ᠠ ᠡᠷᠢᠵᠦ᠂ ᠵᠠᠬ᠎ᠠ ᠳᠡᠯᠭᠡᠭᠦᠷ ᠢ ᠨᠢ ᠥᠷᠭᠡᠳᠬᠡᠨ᠂ ᠪᠦᠭᠦ ᠠᠶᠢᠮᠠᠭ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠨ ᠦᠢᠯᠡᠳᠪᠦᠷᠢᠯᠡᠯ ᠪᠠᠶᠢᠭᠤᠯᠤᠯᠲᠠ ᠪᠠᠨ ᠲᠦᠷᠭᠡᠳᠬᠡᠵᠦ᠂ ᠲᠣᠯᠣᠭᠠᠶᠢᠯᠠᠭᠴᠢ ᠪᠠ ᠬᠡᠯᠬᠢᠶᠡᠵᠢᠯ ᠤᠨ ᠭᠤᠣᠯᠯᠠᠬᠤ ᠦᠢᠯᠡᠳᠦᠯ ᠢᠶᠠᠨ ᠪᠠᠳᠠᠷᠠᠭᠤᠯᠤᠨ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠪᠠᠷ ᠲᠠᠮᠵᠢᠨ ᠨᠡᠩ ᠠᠷᠪᠢᠨ ᠰᠢᠯᠢᠳᠡᠭ ᠠᠵᠤ ᠠᠬᠤᠶᠢᠯᠠᠯ᠂ ᠬᠠᠮᠢᠶᠠᠳᠠᠬᠤ ᠲᠦᠷᠦᠯ ᠵᠦᠢᠯ ᠢ ᠳᠠᠳᠠᠨ ᠠᠪᠴᠢᠷᠠᠵᠤ᠂ ᠬᠦᠴᠦᠨ ᠵᠦᠢᠯ ᠢ ᠲᠥᠪᠯᠡᠷᠡᠭᠦᠯᠦᠨ ᠠᠰᠢᠭᠯᠠᠬᠤ ᠬᠡᠪᠴᠢᠶᠡᠵᠢᠭᠰᠡᠨ ᠦᠢᠯᠡᠳᠦᠯ ᠢ ᠪᠤᠶ ᠪᠣᠯᠭᠠᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶᠡᠵᠢᠯ ᠢ ᠪᠠᠶᠢᠭᠤᠯᠤᠨ ᠤᠷᠲᠤᠳᠬᠠᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠣᠷᠢᠭᠵᠢᠭᠤᠯᠪᠠ᠃    ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠸᠧᠢ ᡁᠢ ᠭᠦᠸᠧ᠂ ᠪᠦᠦ ᠶᠧ ᠪᠠᠷ᠎ᠠ ᠪᠣᠯᠵᠤ ᠪᠠᠶᠢᠴᠠᠭᠠᠨ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号