ᠬᠤᠸᠠᠩ ᠶᠠ ᠯᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠳᠤ ᠬᠦᠷᠴᠦ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2025/4/25
     4 ᠰᠠᠷ᠎ᠠ ᠶᠢᠨ 24 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠠ ᠵᠠᠩᠭᠢᠯᠠᠭ᠎ᠠ ᠶᠢᠨ ᠺᠠᠳ᠋ᠷ ᠲᠠᠢ ᠶᠠᠷᠢᠯᠴᠠᠨ ᠰᠣᠯᠢᠯᠴᠠᠵᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠪᠠ ᠭᠤᠤᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠡᠶᠢᠭᠡᠮ ᠤᠨ ᠪᠠᠲᠤᠯᠠᠭ᠎ᠠ ᠶᠢᠨ ᠲᠣᠤᠷ ᠢ ᠥᠨᠳᠥᠷ ᠲᠦᠪᠰᠢᠨ ᠢᠶᠠᠷ ᠪᠠᠲᠤ ᠰᠦᠯᠵᠢᠵᠦ᠂ ᠥᠨᠳᠥᠷ ᠱᠠᠭᠠᠷᠳᠠᠯᠭ᠎ᠠ ᠪᠠᠷ ᠡᠶ᠎ᠡ ᠵᠣᠬᠢᠴᠠᠩᠭᠤᠶ ᠬᠠᠷᠢᠴᠠᠭ᠎ᠠ ᠶᠢ ᠪᠠᠶᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠡᠯ᠎ᠡ ᠵᠦᠢᠯ ᠤᠨ ᠠᠵᠢᠯ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
1.jpg
    ᠬᠤᠸᠠᠩ ᠶᠠ ᠯᠢ᠂ ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠠᠵᠢᠯ ᠣᠯᠭᠤᠯᠲᠠ ᠶᠢ ᠰᠠᠶᠢᠲᠤᠷ ᠠᠳᠬᠤᠬᠤ ᠪᠣᠯ ᠠᠷᠠᠳ ᠤᠨ ᠠᠮᠢᠳᠤᠷᠠᠯ ᠢ ᠪᠠᠲᠤᠯᠠᠬᠤ ᠶᠢᠨ ᠵᠠᠩᠭᠢᠯᠠᠭ᠎ᠠ ᠮᠥᠨ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠬᠦ ᠪᠣᠯ ᠡᠨᠡ ᠵᠢᠯ ᠤᠨ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠢᠯ ᠤᠨ ᠨᠢᠭᠡ ᠪᠣᠯᠤᠨ᠎ᠠ᠂ ︽ᠠᠵᠢᠯᠯᠠᠭ᠎ᠠ︾ ᠪᠣᠯᠤᠭᠰᠠᠨ ᠤ ᠬᠤᠪᠢ ᠳᠤ᠂ ᠡᠩ ᠤᠨ ᠪᠠᠶᠢᠳᠠᠯ ᠠᠴᠠ ᠳᠠᠪᠠᠭᠰᠠᠨ ᠠᠷᠭ᠎ᠠ ᠬᠡᠮᠵᠢᠶ᠎ᠡ ᠠᠪᠴᠤ᠂ ᠬᠠᠷᠠᠯᠲᠠ ᠪᠠᠨ ᠥᠨᠳᠥᠷ ᠪᠣᠯᠭᠠᠵᠤ᠂ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠡᠯ᠎ᠡ ᠵᠦᠢᠯ ᠤᠨ ᠠᠵᠢᠯ ᠢᠶᠠᠨ ᠤᠷᠤᠭᠰᠢ ᠠᠬᠢᠭᠤᠯᠵᠤ᠂ ᠨᠠᠶᠢᠳᠠᠪᠤᠷᠢᠵᠢᠭᠤᠯᠤᠨ᠂ ᠭᠦᠢᠴᠡᠳ ᠠᠵᠢᠯ ᠣᠯᠭᠤᠯᠲᠠ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠮᠦᠨ ᠠᠮᠠ ᠶᠢᠨ ᠲᠥᠪᠯᠡᠷᠡᠯ ᠤᠨ ᠨᠡᠮᠡᠭᠳᠡᠯ ᠢ ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠠᠵᠢᠯ ᠠᠯᠳᠠᠯᠲᠠ ᠶᠢᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠶᠢ ᠴᠢᠩᠭᠠᠳᠬᠠᠵᠤ᠂ ᠠᠵᠤ ᠠᠬᠤᠶᠢᠯᠠᠯ ᠢ ᠳᠡᠮᠵᠢᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠳᠠᠷᠤᠭᠠᠰᠤ ᠶᠢ ᠬᠥᠩᠭᠡᠷᠡᠭᠦᠯᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯ ᠣᠯᠭᠤᠯᠲᠠ ᠶᠢᠨ ᠲᠣᠭᠲᠠᠭᠤᠨ ᠢ ᠳᠠᠶᠢᠴᠢᠯᠠᠬᠤ ᠬᠡᠷᠡᠭᠲᠡᠢ᠃ ᠠᠵᠢᠯ ᠣᠯᠭᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠴᠢᠳᠠᠪᠤᠷᠢᠲᠠᠨ ᠤ ᠰᠢᠨ᠎ᠡ ᠳᠦᠷᠦ ᠶᠢᠨ ᠪᠣᠳᠣᠯᠭ᠎ᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠠᠮᠢᠳᠤᠯᠢᠭ ᠬᠡᠷᠡᠭᠯᠡᠵᠦ᠂ ᠵᠠᠬ᠎ᠠ ᠳᠡᠯᠭᠡᠭᠦᠷᠴᠢᠯᠡᠭᠰᠡᠨ᠂ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠨᠡᠩ ᠤᠯᠠᠨ ᠠᠵᠢᠯ ᠣᠯᠭᠤᠯᠲᠠ᠂ ᠳᠠᠳᠤᠯᠭ᠎ᠠ ᠶᠢᠨ ᠪᠠᠶᠢᠷᠢ ᠶᠢ ᠨᠡᠭᠡᠭᠡᠨ᠂ ᠲᠦᠷᠦ ᠶᠢᠨ ᠪᠤᠳᠤᠯᠭ᠎ᠠ ᠪᠠᠷ ᠬᠥᠮᠦᠨ ᠢ ᠲᠠᠲᠠᠬᠤ᠂ ᠠᠵᠢᠯ ᠤᠨ ᠪᠠᠶᠢᠷᠢ ᠪᠠᠷ ᠬᠥᠮᠦᠨ ᠢ ᠲᠠᠲᠠᠬᠤ᠂ ᠬᠤᠳᠠ ᠳᠤ ᠬᠥᠮᠦᠨ ᠢ ᠦᠯᠡᠳᠡᠭᠡᠬᠦ ᠬᠡᠷᠡᠭᠲᠡᠢ᠃ ᠠᠵᠢᠯ ᠣᠯᠭᠤᠯᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠵᠡᠯᠲᠡ ᠪᠠᠨ ᠬᠤᠪᠢᠷᠠᠭᠤᠯᠬᠤ ᠶᠢ ᠬᠦᠳᠦᠯᠦᠨ ᠵᠢᠯᠣᠭᠤᠳᠬᠤ ᠶᠢ ᠴᠢᠬᠤᠯᠠᠴᠢᠯᠠᠵᠤ᠂ ᠠᠵᠢᠯ ᠣᠯᠭᠤᠯᠲᠠ ᠶᠢᠨ ᠦᠢᠯᠡᠴᠢᠯᠡᠭᠡ ᠪᠣᠯᠤᠨ ᠦᠢᠯᠡᠰ ᠪᠤᠰᠬᠠᠬᠤ ᠤᠷ᠎ᠠ ᠴᠢᠳᠠᠪᠤᠷᠢ ᠶᠢᠨ ᠪᠣᠯᠪᠠᠰᠤᠷᠠᠯ ᠢ ᠣᠨᠣᠪᠴᠢᠳᠠᠢ ᠥᠷᠨᠢᠭᠦᠯᠵᠦ᠂ ᠠᠵᠢᠯ ᠤᠨ ᠪᠠᠶᠢᠷᠢ ᠶᠢ ᠳᠦᠪᠯᠡᠷᠡᠬᠦᠯᠬᠦ ᠪᠠ ᠠᠵᠢᠯᠴᠢᠨ ᠬᠡᠷᠡᠭᠯᠡᠬᠦ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠰᠠᠶᠢᠲᠤᠷ ᠪᠠᠶᠢᠭᠤᠯᠵᠤ᠂ ᠬᠥᠮᠦᠨ ᠠᠵᠢᠯ ᠤᠨ ᠪᠠᠶᠢᠷᠢ ᠬᠠᠷᠢᠯᠴᠠᠨ ᠵᠣᠬᠢᠴᠠᠬᠤ᠂ ᠬᠠᠩᠭᠠᠯᠭ᠎ᠠ ᠬᠡᠷᠡᠭᠴᠡᠭᠡ ᠵᠣᠬᠢᠴᠠᠬᠤ ᠶᠢ ᠠᠬᠢᠭᠤᠯᠵᠤ᠂ ᠨᠡᠩ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠠᠵᠢᠯ ᠣᠯᠤᠭᠰᠠᠨ ᠬᠥᠮᠦᠰ ᠢ ᠬᠠᠪᠰᠤᠷᠤᠨ ᠲᠡᠳᠬᠦᠬᠦ ᠶᠢ ᠴᠢᠩᠭᠠᠳᠬᠠᠵᠤ᠂ ︽ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ︾ ᠵᠡᠷᠭᠡ ᠠᠷᠭ᠎ᠠ ᠬᠡᠯᠪᠡᠷᠢ ᠪᠠᠷ ᠨᠡᠩ ᠤᠯᠠᠨ  ᠠᠵᠢᠯ ᠤᠨ ᠪᠠᠶᠢᠷᠢ ᠶᠢ ᠨᠡᠭᠡᠭᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠣᠨᠴᠠᠭᠠᠢ ᠬᠦᠮᠦᠰ᠂ ᠠᠵᠢᠯ ᠣᠯᠭᠤᠯᠲᠠ ᠦᠭᠡᠢ ᠭᠡᠷ ᠪᠦᠯᠢ᠂ ᠶᠠᠳᠠᠭᠤ ᠠᠴᠠ ᠠᠩᠭᠢᠵᠢᠷᠠᠭᠰᠠᠨ  ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠢᠯᠢᠳᠡᠭ ᠰᠤᠷᠲᠠᠯ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠪᠡ᠃
2.jpg
3.jpg
     ᠡᠨᠡ ᠬᠦ ᠬᠤᠭᠤᠴᠠᠭᠠᠨ ᠳᠤ᠂ ᠬᠤᠸᠠᠩ ᠶᠠ ᠯᠢ ᠠᠯᠠᠱᠠ ᠠᠶᠢᠮᠠᠭ ᠤᠨ ᠪᠠᠷᠢᠮᠵᠢᠶᠠᠵᠢᠭᠰᠠᠨ ᠴᠠᠭᠠᠰᠤ ᠬᠡᠷᠡᠭᠯᠡᠬᠦ ᠦᠭᠡᠢ ᠪᠣᠯᠪᠠᠰᠤᠷᠠᠯ ᠰᠢᠯᠭᠠᠯᠲᠠ ᠶᠢᠨ ᠰᠠᠭᠤᠷᠢᠨ ᠭᠠᠵᠠᠷ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠠᠮᠲᠤᠷᠠᠨ ᠡᠶᠡᠳᠡᠭᠦᠯᠬᠦ ᠲᠥᠪ ᠪᠣᠯᠤᠨ ᠬᠥᠨᠳᠡᠯᠡᠨ ᠠᠴᠠ ᠲᠠᠰᠤᠯᠬᠤ ᠲᠢᠩᠬᠢᠮ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠰᠠᠭᠤᠷᠢᠨ ᠭᠠᠵᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃     ᠸᠧᠢ ᡁᠢ ᠭᠦᠸᠧ᠂ ᠯᠢᠦ ᠴᠥᠩ ᠰᠢᠶᠤᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号