︽ᠪᠥᠬᠦ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2025/4/25
    ᠨᠢᠭᠡ᠂ ᠲᠥᠰᠦᠯ ᠢ ᠨᠡᠶᠢᠲᠡᠯᠡᠭᠰᠡᠨ ᠠᠬᠤᠶ ᠪᠠᠶᠢᠳᠠᠯ    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠣᠯ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠠᠴᠠ ᠴᠢᠬᠤᠯᠠ ᠵᠦᠢᠯ ᠮᠥᠨ᠂ ᠠᠮᠤᠷ ᠢ ᠬᠠᠮᠠᠭᠠᠯᠠᠬᠤ ᠡᠩᠨᠡᠭᠡ ᠨᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠴᠢᠬᠤᠯᠠ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ᠂ ᠲᠡᠭᠦᠨ ᠤ ᠬᠡᠪ ᠴᠢᠨᠠᠷ ᠪᠠ ᠴᠢᠳᠠᠪᠤᠷᠢ ᠨᠢ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠡᠪ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠲᠠᠢ ᠰᠢᠭᠤᠳ ᠬᠤᠯᠪᠣᠭᠳᠠᠵᠤ ᠪᠠᠶᠢᠳᠠᠭ᠃ ᠪᠥᠬᠦ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠪᠠ ᠪᠡᠶ᠎ᠡ ᠶᠢᠨ ᠲᠠᠮᠢᠷ ᠤᠨ ᠣᠷᠳᠣᠨ ᠤ ᠠᠮᠤᠷ ᠲᠦᠪᠰᠢᠨ ᠤ ᠬᠠᠮᠢᠶᠠᠷᠤᠯᠲᠠ ᠪᠠ ᠰᠡᠷᠭᠡᠶᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ︽ᠪᠥᠬᠦ ᠠᠶᠢᠮᠠᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ ᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠬᠡᠷᠡᠭᠵᠢᠭᠦᠯᠬᠦ ᠲᠥᠰᠦᠯ︾ ᠢ ᠣᠨᠴᠠᠭᠠᠶᠢᠯᠠᠨ ᠲᠣᠭᠲᠠᠭᠠᠪᠠ᠃    ᠬᠤᠶᠠᠷ᠂ ᠭᠤᠣᠯ ᠬᠠᠷᠠᠯᠳᠠ    ︵ᠨᠢᠭᠡ︶ ᠠᠵᠢᠯᠲᠠᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ  ᠡᠷᠡᠰᠳᠡᠯ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 36 ᠳ᠋ᠤᠭᠠᠷ ᠲᠣᠭᠠᠲᠤ︶ ︽ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠵᠢᠷᠤᠮᠵᠢᠯ ︵ᠲᠤᠷᠰᠢᠨ ᠬᠡᠷᠡᠭᠵᠢᠭᠦᠯᠬᠦ︶︾ ︵ᠠᠯᠪᠠᠨ ᠵᠠᠰᠠᠬᠤ ﹇2015﹈ 168︶ ᠤᠨ ᠲᠠᠪᠤᠳᠤᠭᠠᠷ ᠵᠦᠢᠯ᠂ ︽ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠠᠭᠠᠷᠳᠠᠯᠭ᠎ᠠ︾ ︵GB/T29315— 2022︶ ᠶᠢᠨ ᠵᠢᠷᠭᠤᠳᠤᠭᠠᠷ ᠵᠦᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠨᠤᠭᠤᠳ ᠠᠮᠤᠷ ᠢ ᠬᠠᠮᠠᠭᠠᠯᠠᠬᠤ ᠡᠩᠨᠡᠭᠡ ᠪᠠᠶᠢᠭᠤᠯᠵᠤ᠂ ᠪᠠᠭᠰᠢ ᠰᠤᠷᠤᠭᠴᠢ ᠠᠵᠢᠯᠲᠠᠨ ᠠᠵᠢᠯᠴᠢᠨ ᠤ ᠶᠡᠷᠦᠩᠬᠡᠶ ᠲᠤᠭ᠎ᠠ ᠨᠢ 100 ᠬᠥᠮᠦᠨ ᠬᠦᠷᠬᠦ ᠦᠬᠡᠢ ᠰᠤᠷᠭᠠᠭᠤᠯᠢ ᠳᠤ ᠲᠤᠰᠬᠠᠶ ᠠᠮᠤᠷ ᠢ ᠬᠠᠮᠠᠭᠠᠯᠠᠭᠴᠢ ᠶᠢ ᠠᠳᠠᠭ ᠲᠠᠭᠠᠨ 1  ᠲᠣᠬᠢᠷᠠᠭᠤᠯᠬᠤ ᠬᠡᠷᠡᠭᠲᠡᠶ︔ 100 ᠠᠴᠠ ᠢᠯᠡᠬᠦᠦ 1000 ᠬᠥᠮᠦᠨ ᠬᠦᠷᠬᠦ ᠦᠬᠡᠢ ᠰᠤᠷᠭᠠᠭᠤᠯᠢ ᠨᠤᠭᠤᠳ ᠲᠤᠰᠬᠠᠶ ᠠᠮᠤᠷ ᠢ ᠬᠠᠮᠠᠭᠠᠯᠠᠭᠴᠢ  ᠶᠢ 2 ᠲᠣᠬᠢᠷᠠᠭᠤᠯᠬᠤ ᠬᠡᠷᠡᠭᠲᠡᠶ︔ 1000 ᠬᠥᠮᠦᠨ ᠠᠴᠠ ᠢᠯᠡᠬᠦᠦ ᠰᠤᠷᠭᠠᠭᠤᠯᠢ 500 ᠰᠤᠷᠤᠭᠴᠢ ᠨᠡᠮᠡᠭᠳᠡᠬᠦ ᠪᠦᠷᠢ ᠲᠤᠰᠬᠠᠶ ᠠᠮᠤᠷ ᠢ ᠬᠠᠮᠠᠭᠠᠯᠠᠭᠴᠢ ᠶᠢ 1 ᠨᠡᠮᠡᠵᠦ ᠲᠣᠬᠢᠷᠠᠭᠤᠯᠬᠤ ᠬᠡᠷᠡᠭᠲᠡᠶ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠲᠤᠰᠬᠠᠶ ᠠᠮᠤᠷ ᠢ ᠬᠠᠮᠠᠭᠠᠯᠠᠭᠴᠢ ᠶᠢ ᠠᠳᠠᠭ ᠲᠠᠭᠠᠨ 2 ᠢ ᠲᠣᠬᠢᠷᠠᠭᠤᠯᠵᠣ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠪᠠᠶᠢᠷᠢ ᠳᠤ ᠰᠠᠭᠤᠬᠤ ᠰᠤᠷᠤᠭᠴᠢ 300 ᠨᠡᠮᠡᠭᠳᠡᠬᠦ ᠪᠦᠷᠢ ᠲᠤᠰᠬᠠᠶ ᠠᠮᠤᠷ ᠢ ᠬᠠᠮᠠᠭᠠᠯᠠᠭᠴᠢ ᠶᠢ 1 ᠨᠡᠮᠡᠵᠣ ᠲᠣᠬᠢᠷᠠᠭᠤᠯᠬᠤ ᠬᠡᠷᠩᠳᠠᠢ᠃    ︵ᠬᠤᠶᠠᠷ︶ ᠳᠣᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠬᠦᠯᠦᠨ᠎ᠡ᠃ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠵᠢᠯᠲᠠᠳ ︽ᠠᠮᠤᠷ ᠢ ᠬᠠᠮᠠᠭᠠᠯᠠᠬᠤ  ᠦᠢᠯᠡᠴᠢᠯᠡᠭᠡ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠬᠠᠮᠲᠤᠷᠠᠨ ᠳᠠᠷᠤᠮᠠᠯᠯᠠᠨ ᠶᠠᠪᠤᠭᠤᠯᠤᠭᠰᠠᠨ ︽ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠴᠠᠭᠳᠠᠭᠠᠨ ᠤ ᠲᠠᠰᠤᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠤᠨ ᠲᠣᠭᠲᠠᠭᠠᠯ ᠶᠣᠰᠣᠭᠠᠷ ᠰᠢᠯᠢᠳᠡᠭ ᠢ ᠨᠢ ᠰᠣᠩᠭᠤᠨ ᠤᠷᠢᠵᠤ ᠬᠡᠷᠡᠭᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠵᠤ᠂ ᠪᠣᠯᠪᠠᠰᠤᠷᠠᠭᠤᠯᠬᠤ ᠠᠷᠭ᠎ᠠ ᠮᠠᠶ᠋ᠢᠭ ᠢ ᠪᠠᠶᠠᠯᠢᠭᠵᠢᠭᠤᠯᠤᠨ᠂ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    ︵ᠭᠤᠷᠪᠠ︶ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠠᠮᠤᠷ ᠢ ᠬᠠᠮᠠᠭᠠᠯᠠᠬᠤ ᠦᠢᠯᠡᠴᠢᠯᠡᠭᠡ ᠬᠠᠮᠢᠶᠠᠷᠤᠯᠲᠠ ᠶᠢᠨ ᠳᠦᠷᠢᠮ︾ ᠤᠨ ᠳᠥᠷᠪᠡᠳᠦᠭᠡᠷ ᠪᠦᠯᠦᠭ ᠤᠨ ᠠᠷᠪᠠ ᠶᠢᠰᠦᠳᠦᠭᠡᠷ ᠵᠦᠢᠯ ᠢ ᠦᠨᠳᠦᠰᠦᠯᠡᠨ᠂ ᠠᠮᠤᠷ ᠢ ᠬᠠᠮᠠᠭᠠᠯᠠᠬᠤ ᠡᠩᠨᠡᠭᠡ ᠶᠢ ᠪᠣᠯᠪᠠᠰᠤᠷᠠᠭᠤᠯᠬᠤ ᠤᠷᠢᠬᠤ᠂ ᠬᠢᠨᠠᠨ ᠰᠢᠯᠭᠠᠬᠤ᠂ ᠱᠠᠩᠨᠠᠬᠤ ᠲᠣᠷᠭᠠᠬᠤ᠂ ᠠᠵᠢᠯ ᠠᠴᠠ ᠨᠢ ᠪᠠᠭᠤᠯᠭᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠠᠮᠤᠷ ᠢ ᠬᠠᠮᠠᠭᠠᠯᠠᠬᠤ ᠠᠵᠢᠯᠲᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠣᠯᠤᠨ ᠠᠵᠢᠯ ᠤᠨ ᠵᠢᠷᠤᠮᠵᠢᠯ ᠢ ᠲᠣᠳᠣᠷᠬᠠᠶᠢᠯᠠᠨ᠂ ᠠᠮᠤᠷ ᠢ ᠬᠠᠮᠠᠭᠠᠯᠠᠬᠤ ᠡᠩᠨᠡᠭᠡᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠢᠯ ᠤᠨ ᠦᠷ᠎ᠡ ᠪᠦᠲᠦᠮᠵᠢ ᠪᠣᠯᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠶ᠃    ᠭᠤᠷᠪᠠ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ    ︵ᠨᠢᠭᠡ︶ ᠠᠵᠢᠯᠲᠠᠨ ᠡᠯᠰᠡᠬᠦ ᠶᠢ ᠴᠢᠩᠳᠠᠯᠠᠨ᠎ᠠ᠃ ᠡᠯᠰᠡᠬᠦ ᠪᠠᠷᠢᠮᠵᠢᠶ᠎ᠠ ᠶᠢ ᠲᠣᠳᠣᠷᠬᠠᠶᠢᠯᠠᠬᠤ ᠳᠤ᠂ ᠳᠣᠣᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ ᠳᠤᠮᠳᠠᠳᠤ ᠤᠯᠤᠰ ᠤᠨ ᠠᠷᠠᠳ ᠢᠷᠭᠡᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠪᠠᠶᠢᠵᠤ᠂ ᠨᠠᠰᠤ ᠨᠢ 18 ᠠᠴᠠ 55 ᠪᠦᠬᠦᠯᠢ ᠨᠠᠰᠣᠨ ᠤ᠂ ᠠᠩᠬᠠᠨ ᠤ ᠲᠤᠰᠢᠶᠠᠯ ᠤᠨ ᠨᠠᠰᠤ ᠨᠢ ᠪᠦᠬᠦᠯᠢ 50 ᠨᠠᠰᠤᠨ ᠠᠴᠠ ᠬᠡᠲᠦᠷᠡᠵᠦ ᠪᠣᠯᠬᠤ ᠥᠬᠡᠶ︔ ᠪᠡᠶ᠎ᠡ ᠮᠠᠬᠠᠪᠣᠳ ᠨᠢ ᠡᠷᠡᠭᠦᠯ ᠴᠢᠭᠢᠷᠠᠭ᠂ ᠵᠠᠩ ᠰᠤᠷᠲᠠᠯ ᠨᠢ ᠰᠠᠶᠢᠨ ᠪᠠᠶᠢᠵᠤ᠂ ᠬᠠᠮᠠᠭᠠᠯᠠᠭᠴᠢ ᠶᠢᠨ ᠦᠨᠡᠮᠯᠡᠯ ᠲᠠᠢ ᠪᠠᠶᠢᠬᠤ ᠬᠡᠷᠡᠭᠲᠡᠶ᠃ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠪᠡᠶ᠎ᠡ ᠮᠠᠬᠠᠪᠣᠳ ᠤᠨ ᠬᠡᠪ ᠴᠢᠨᠠᠷ ᠰᠠᠶᠢᠨ ᠪᠥᠭᠡᠳ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠦᠭᠡᠢ ᠬᠥᠮᠦᠰ᠃ ᠡᠭᠦᠨ ᠤ ᠬᠠᠮᠲᠤ ᠳᠡᠣᠬᠡ ᠶᠢ ᠨᠢ ᠴᠢᠩᠭ᠎ᠠ ᠬᠢᠨᠠᠨ ᠪᠠᠶᠢᠴᠠᠭᠠᠬᠤ ᠠᠵᠢᠯ ᠢ ᠦᠷᠨᠢᠬᠦᠯᠦᠨ᠎ᠡ᠂ ᠡᠭᠦᠨ ᠳᠤ ᠮᠠᠭᠤ ᠠᠵᠢᠯᠯᠠᠭ᠎ᠠ ᠥᠬᠡᠶ᠂ ᠬᠠᠤᠯᠢ ᠠᠴᠠ ᠵᠥᠷᠢᠴᠡᠵᠦ ᠶᠠᠯ᠎ᠠ ᠬᠢᠭᠰᠡᠨ ᠲᠡᠮᠳᠡᠭᠯᠡᠯ ᠥᠬᠡᠶ᠂ ᠠᠮᠤᠷ ᠢ ᠬᠠᠮᠠᠭᠠᠯᠠᠭᠴᠢ ᠶᠢᠨ ᠦᠨᠡᠮᠯᠡᠯ ᠤᠨ ᠲᠡᠮᠳᠡᠭᠯᠡᠯ ᠪᠠ ᠬᠤᠪᠢ ᠬᠥᠮᠦᠨ ᠤ ᠢᠲᠡᠭᠡᠮᠵᠢ ᠶᠢᠨ ᠪᠠᠶᠢᠳᠠᠯ ᠵᠡᠷᠭᠡ ᠶᠢ ᠪᠠᠭᠲᠠᠭᠠᠵᠤ᠂ ᠤᠯᠤᠰ ᠲᠥᠷᠥ ᠶᠢᠨ ᠳᠠᠯ᠎ᠠ ᠪᠠᠷ ᠨᠠᠶᠢᠳᠠᠪᠤᠷᠢᠲᠠᠶ᠂ ᠣᠪᠣᠷ ᠰᠤᠷᠲᠠᠯ ᠨᠢ ᠰᠢᠯᠢᠳᠡᠭ ᠰᠠᠶᠢᠨ᠂ ᠰᠤᠷᠭᠠᠭᠤᠯᠢ ᠶᠢᠨ ᠬᠦᠷᠢᠶᠡᠨ ᠤ ᠠᠮᠤᠷ ᠢ ᠬᠠᠮᠠᠭᠠᠯᠠᠬᠤ ᠠᠵᠢᠯ ᠢ ᠡᠭᠦᠷᠭᠡᠯᠡᠵᠦ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ ᠪᠣᠯᠪᠠᠰᠤᠷᠠᠯ ᠬᠦᠮᠦᠵᠢᠯ ᠢ ᠴᠢᠩᠭᠠᠳᠬᠠᠨ᠎ᠠ᠃ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠪᠣᠯᠪᠠᠰᠤᠷᠠᠯ ᠤᠨ ᠲᠥᠯᠥᠪᠯᠡᠭᠡ ᠲᠣᠭᠲᠠᠭᠠᠵᠤ᠂ ᠣᠨᠣᠯ ᠤᠨ ᠮᠡᠳᠡᠯᠭᠡ ᠶᠢᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠢᠱᠢᠶᠡᠯᠡᠪᠡᠯ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠤᠯᠢ ᠲᠣᠭᠲᠠᠭᠠᠯ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠵᠡᠷᠭᠡ ᠶᠢ ᠰᠣᠷᠣᠯᠴᠠᠨ᠎ᠠ᠃ ᠡᠭᠦᠨ ᠤ ᠬᠠᠮᠲᠤ ᠪᠣᠳᠠᠲᠠᠶ ᠰᠣᠷᠢᠯᠳᠠ  ᠶᠢ ᠴᠢᠬᠤᠯᠠᠴᠢᠯᠠᠵᠤ᠂ ᠡᠭᠦᠨ ᠳᠤ ᠬᠠᠮᠠᠭᠠᠯᠠᠯᠲᠠ ᠶᠢᠨ ᠪᠠᠭᠠᠵᠢ ᠬᠡᠷᠡᠭᠰᠡᠯ ᠢ ᠬᠡᠷᠡᠭᠯᠡᠬᠦ᠂ ᠪᠠᠷᠢᠬᠤ ᠨᠣᠴᠣᠯᠳᠣᠬᠤ ᠤᠷ᠎ᠠ ᠮᠡᠷᠭᠡᠵᠢᠯ᠂ ᠭᠠᠯ ᠤᠨᠲᠠᠷᠠᠭᠠᠬᠤ ᠰᠣᠷᠢᠯᠲᠠ᠂ ᠪᠠᠴᠢᠮ ᠪᠠᠶᠢᠳᠠᠯ ᠢ ᠠᠷᠭᠠᠴᠠᠭᠠᠨ ᠲᠠᠷᠬᠠᠭᠠᠬᠤ ᠵᠡᠷᠭᠡ ᠪᠠᠭᠲᠠᠨ᠎ᠠ᠃ ᠡᠭᠦᠨ ᠠᠴᠠ ᠭᠠᠳᠠᠨ᠎ᠠ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠬᠢᠴᠢᠶᠡᠯ ᠣᠷᠣᠭᠤᠯᠬᠤ ᠪᠠ ᠵᠢᠭᠠᠨ ᠵᠢᠯᠣᠭᠤᠳᠣᠭᠤᠯᠵᠦ᠂ ᠪᠣᠯᠪᠠᠰᠤᠷᠠᠯ ᠤᠨ ᠲᠤᠰᠬᠠᠶ ᠮᠡᠷᠭᠡᠵᠢᠯ ᠤᠨ ᠴᠢᠨᠠᠷ ᠪᠣᠯᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃    ︵ᠭᠤᠷᠪᠠ︶ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠤᠷ ᠢ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠬᠤᠯᠠ ᠠᠵᠢᠯ ᠤᠨ ᠠᠭᠤᠯᠭ᠎ᠠ ᠳᠤ ᠣᠷᠣᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠨ ᠰᠤᠳᠤᠯᠵᠤ ᠰᠢᠢᠳᠪᠦᠷᠢᠯᠡᠨ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠣᠯᠵᠤ᠂ ᠠᠮᠤᠷ ᠢ ᠬᠠᠮᠠᠭᠠᠯᠠᠬᠤ ᠠᠵᠢᠯᠲᠠᠨ ᠤ ᠬᠠᠷᠠᠭᠠᠯᠵᠠᠯ ᠢ ᠪᠠᠲᠤᠯᠠᠨ᠂ ᠠᠮᠤᠷ ᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃    ᠳᠥᠷᠪᠡ᠂ ᠵᠢᠱᠢᠭᠰᠡᠨ ᠦᠷ᠎ᠡ ᠳ᠋ᠦᠩ    ᠠᠮᠤᠷ ᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠠᠮᠤᠷ ᠢ ᠬᠠᠮᠠᠭᠠᠯᠠᠬᠤ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠯ᠎ᠡ ᠲᠥᠷᠥᠯ ᠤᠨ ᠠᠮᠤᠷ ᠲᠦᠪᠰᠢᠨ ᠤ ᠬᠡᠷᠡᠭ ᠢ ᠪᠦᠲᠦᠮᠵᠢᠲᠡᠶ ᠤᠷᠢᠳᠴᠢᠯᠠᠨ ᠰᠡᠷᠭᠡᠶᠢᠯᠡᠬᠦ ᠪᠠ ᠠᠷᠭᠠᠴᠠᠭᠠᠬᠤ ᠬᠡᠷᠡᠭᠲᠡᠶ᠃ ᠠᠮᠤᠷ ᠢ ᠬᠠᠮᠠᠭᠠᠯᠠᠬᠤ ᠡᠩᠨᠡᠭᠡᠨ ᠤ ᠵᠢᠷᠤᠮᠵᠢᠭᠰᠠᠨ ᠬᠠᠮᠢᠶᠠᠷᠤᠯᠲᠠ ᠪᠠ ᠥᠨᠳᠥᠷ ᠪᠦᠲᠦᠮᠵᠢᠲᠡᠶ ᠠᠵᠢᠯ ᠨᠢ ᠰᠤᠷᠭᠠᠭᠤᠯᠢ ᠶᠢᠨ ᠬᠦᠷᠢᠶᠡᠨ ᠤ ᠬᠡᠪ ᠤᠨ ᠡᠮᠬᠢ ᠵᠢᠷᠤᠮ ᠢ ᠦᠨᠡᠨ ᠬᠦ ᠪᠠᠲᠤᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯᠯᠠᠭ᠎ᠠ ᠶᠢᠨ ᠤᠷᠤᠭᠰᠢᠲᠠᠶ ᠥᠷᠨᠢᠬᠦ ᠶᠢ ᠪᠠᠲᠤᠯᠠᠵᠤ᠂ ᠬᠡᠷ ᠤᠨ ᠠᠬᠠᠮᠠᠳ ᠪᠠ ᠨᠡᠶᠢᠭᠡᠮ ᠤᠨ ᠬᠢᠨ ᠤ ᠰᠤᠷᠭᠠᠭᠤᠯᠢ ᠶᠢᠨ ᠢᠲᠡᠭᠡᠯ ᠢ ᠨᠡᠮᠡᠭᠳᠡᠭᠦᠯᠵᠦ᠂ ᠰᠤᠷᠭᠠᠭᠤᠯᠢ ᠶᠢᠨ ᠳᠦᠷᠢ ᠲᠥᠷᠬᠦ ᠪᠠ ᠨᠡᠷ᠎ᠡ ᠬᠦᠨᠳᠦ ᠶᠢ ᠳᠡᠭᠡᠭᠰᠢᠯᠡᠭᠦᠯᠵᠦ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠣᠭᠲᠠᠭᠤᠨ ᠰᠤᠷᠤᠯᠴᠠᠯᠭ᠎ᠠ ᠪᠠ ᠠᠵᠢᠯ ᠤᠨ ᠣᠷᠴᠢᠨ ᠲᠣᠭᠤᠷᠢᠨ ᠢ ᠪᠦᠷᠢᠯᠳᠦᠬᠦᠯᠵᠦ ᠴᠢᠳᠠᠨ᠎ᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号