ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠥᠨᠳᠥᠷ | ᠬᠢᠷᠢ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ | ᠬᠡᠷᠡᠭᠲᠡᠢ ᠭᠡᠵᠦ ᠳᠤᠷᠠᠳᠤᠨ ᠭᠠᠷᠭᠠᠭᠰᠠᠨ ᠪᠥᠭᠡᠳ ︽ᠬᠤᠶᠠᠷ ᠣᠭᠳᠣ ᠭᠤᠶᠢᠪᠢᠰᠢ ᠦᠭᠡᠢ︾ ᠶᠢ ᠪᠠᠷᠢᠮᠲᠠᠯᠠᠨ | ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ᠂ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠲᠡᠭᠦᠯᠳᠡᠷᠵᠢᠭᠦᠯᠬᠦ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠶᠡᠭᠡ ᠪᠠᠶᠢᠷᠢᠯᠠᠭᠤᠯᠤᠯᠲᠠ ᠬᠢᠭᠰᠡᠨ | ᠪᠠᠶᠢᠨ᠎ᠠ᠃ ᠣᠶᠢᠷ᠎ᠠ ᠳᠤ᠂ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠨᠠᠮ ᠤᠨ ᠳᠤᠭᠤᠶᠢᠯᠠᠩ ᠤᠨ ᠱᠦᠵᠢ᠂ ᠳᠣᠪᠴᠢᠶᠠᠨ ᠳᠠᠷᠤᠭ᠎ᠠ ᠯᠥᠸᠧ ᡁᠢ ᠸᠧᠢ ᠰᠣᠷᠪᠤᠯᠵᠢᠯᠠᠭ᠎ᠠ ᠶᠢ | ᠬᠦᠯᠢᠶᠡᠬᠦ ᠳᠡᠭᠡᠨ᠄ ︽ᠦᠷ᠎ᠡ ᠠᠰᠢᠭ ᠪᠣᠯᠣᠨ ᠡᠷᠬᠡ ᠲᠡᠭᠰᠢ᠂ ᠠᠮᠢᠵᠢᠷᠠᠯ ᠤᠨ ᠬᠦᠴᠦᠨ ᠪᠣᠯᠣᠨ ᠡᠮᠬᠢ ᠳᠢᠭᠯᠢᠮ᠂ | ᠬᠥᠭᠵᠢᠯᠲᠡ ᠪᠣᠯᠣᠨ ᠠᠮᠤᠷ ᠲᠦᠪᠰᠢᠨ︾ ᠭᠤᠷᠪᠠᠨ ᠶᠡᠭᠡ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠪᠠᠷ | ᠭᠤᠣᠯᠳᠠᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠥᠭᠡᠷᠡᠴᠢᠯᠡᠯᠲᠡ ᠶᠢᠨ ᠡᠷᠬᠡ | ᠲᠡᠭᠰᠢ ᠶᠢ ᠬᠠᠮᠠᠭᠠᠯᠠᠬᠤ᠂ ᠥᠭᠡᠷᠡᠴᠢᠯᠡᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠥᠭᠡᠷᠡᠴᠢᠯᠡᠯᠲᠡ ᠶᠢᠨ | ᠡᠮᠬᠢ ᠳᠢᠭᠯᠢᠮ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢᠨ ᠬᠥᠭᠵᠢᠯᠲᠡ ᠶᠢ ᠠᠬᠢᠭᠤᠯᠬᠤ᠂ | ᠥᠭᠡᠷᠡᠴᠢᠯᠡᠯᠲᠡ ᠶᠢᠨ ᠠᠮᠤᠷ ᠲᠦᠪᠰᠢᠨ ᠢ ᠴᠢᠩᠭᠠᠳᠬᠠᠬᠤ ᠶᠢ ᠠᠳᠬᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠯᠭᠠᠯᠲᠠ ᠶᠢᠨ ᠬᠠᠭᠤᠳᠠᠰᠤ ᠶᠢ ᠪᠦᠬᠦ | ᠬᠦᠴᠦᠨ ᠢᠶᠠᠷ ᠢᠶᠠᠨ ᠰᠠᠶᠢᠲᠤᠷ ᠪᠠᠶᠠᠯᠠᠬᠦᠯᠦᠨ᠎ᠠ︾ ᠭᠡᠪᠡ᠃ | ᠮᠠᠨ ᠤ ᠠᠶᠢᠮᠠᠭ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠨᠠᠶᠢᠳᠠᠪᠤᠷᠢᠵᠢᠭᠤᠯᠬᠤ᠂ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠶᠢ ᠪᠠᠲᠤᠯᠠᠬᠤ ᠲᠣᠭᠤᠷᠢᠨ ᠳᠤ᠂ ᠵᠢᠵᠢᠭ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠤᠷᠪᠠᠨ ᠵᠢᠯ ᠤᠨ ᠪᠤᠶᠢᠵᠢᠯᠲᠠ ᠶᠢᠨ | ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠠᠵᠢᠯᠴᠢᠨ | ᠬᠡᠷᠡᠭᠯᠡᠬᠦ᠂ ᠰᠢᠨᠵᠢᠯᠡᠭᠡ ᠮᠡᠷᠭᠡᠵᠢᠯ ᠵᠡᠷᠭᠡ ᠠᠷᠭ᠎ᠠ ᠪᠠᠷᠢᠯ ᠢ ᠬᠤᠷᠠᠮᠳᠤᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢ | ᠪᠤᠶᠢᠵᠢᠭᠤᠯᠤᠨ ᠪᠣᠵᠠᠭᠠᠶᠢᠷᠠᠭᠤᠯᠪᠡ᠃ ᠣᠲᠣ ᠪᠣᠯᠲᠠᠯ᠎ᠠ᠂ ᠪᠥᠬᠦ ᠠᠶᠢᠮᠠᠭ ᠤᠨ ᠡᠵᠡᠩᠨᠡᠯᠲᠡ ᠶᠢᠨ ᠭᠤᠣᠯ ᠴᠣᠭᠴᠠ 4. | 72 ᠲᠦᠮᠡᠨ ᠡᠷᠦᠬᠡ ᠳᠤ ᠬᠦᠷᠴᠦ᠂ 6844 ᠡᠷᠦᠬᠡ ᠰᠢᠨ᠎ᠡ ᠪᠠᠷ ᠨᠡᠮᠡᠭᠳᠡᠨ᠂ ᠮᠢᠩᠭᠠᠨ ᠬᠥᠮᠥᠨ ᠪᠦᠷᠢ ᠳᠤ | ᠨᠣᠭᠳᠠᠬᠤ ᠡᠵᠡᠩᠨᠡᠯᠲᠡ ᠶᠢᠨ ᠭᠤᠣᠯ ᠴᠣᠭᠴᠠ ᠶᠢᠨ ᠲᠤᠭ᠎ᠠ 174 ᠡᠷᠦᠬᠡ ᠶᠢ ᠳᠠᠪᠠᠵᠤ᠂ ᠪᠥᠬᠦ ᠣᠷᠣᠨ ᠤ | ᠲᠡᠷᠢᠭᠦᠨ ᠳᠤ ᠤᠷᠤᠵᠡᠢ᠃ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠤᠪᠢᠷᠠᠭᠤᠯᠬᠤ᠂ ᠨᠡᠭᠦᠯᠭᠡᠨ ᠳᠠᠩᠰᠠᠯᠠᠬᠤ᠂ | ᠬᠦᠴᠦᠨ ᠦᠭᠡᠢ ᠪᠣᠯᠭᠠᠬᠤ᠂ ︽ᠢᠳᠡᠭᠡᠨ ᠤᠮᠳᠠᠭᠠᠨ ᠤ ᠳᠡᠯᠭᠡᠭᠦᠷ︾ ᠡᠷᠭᠢᠯᠡᠬᠦ ᠭᠦᠢᠴᠡᠳᠭᠡᠬᠦ ᠴᠠᠭ ᠤᠨ ᠬᠢᠵᠠᠭᠠᠷ ᠢ | ᠲᠣᠰ ᠲᠣᠰ 1᠂ 1᠂ 20᠂ 6 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠳᠤ ᠬᠤᠯᠪᠣᠭᠳᠠᠬᠤ | ᠦᠢᠯᠡᠴᠢᠯᠡᠭᠡ ᠶᠢ ᠣᠯᠠᠨ ᠭᠠᠵᠠᠷ᠂ ᠣᠯᠠᠨ ᠴᠣᠩᠬᠤᠪᠴᠢ᠂ ᠣᠯᠠᠨ ᠤᠳᠠᠭ᠎ᠠ ᠪᠠᠶᠢᠭᠰᠠᠨ ᠠᠴᠠ ᠨᠢᠭᠡ ᠭᠠᠵᠠᠷ᠂ ᠨᠢᠭᠡ | ᠴᠣᠩᠬᠤ᠂ ᠨᠢᠭᠡ ᠤᠳᠠᠭ᠎ᠠ ᠳᠤ ᠬᠦᠢᠴᠡᠳᠭᠡᠬᠦ ᠪᠤᠯᠭᠠᠨ ᠬᠤᠪᠢᠷᠠᠭᠤᠯᠵᠡᠢ᠃ ᠪᠥᠬᠦ ᠠᠶᠢᠮᠠᠭ ᠤᠨ ᠡᠮ ᠤᠨ ᠵᠦᠢᠯ ᠤᠨ | ᠵᠢᠵᠢᠭᠯᠡᠨ ᠬᠤᠳᠠᠯᠳᠤᠬᠤ ᠬᠦᠷᠢᠶ᠎ᠡ ᠴᠠᠷᠠᠭ᠎ᠠ ᠳᠤ ︽ᠨᠢᠭᠡ ᠠᠵᠢᠯ ᠲᠥᠷᠥᠯ ᠨᠢᠭᠡ ᠦᠨᠡᠮᠯᠡᠯ︾ ᠤᠨ | ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ︽ᠨᠢᠭᠡ ᠤᠳᠠᠭ᠎ᠠ ᠮᠡᠳᠡᠭᠳᠡᠬᠦ᠂ ᠨᠢᠭᠡ ᠬᠦᠰᠦᠨᠦᠭᠲᠦ ᠪᠠᠷ | ᠭᠤᠶᠤᠴᠢᠯᠠᠬᠤ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠦᠨᠡᠮᠯᠡᠯ ᠢᠶᠠᠷ ᠡᠵᠡᠩᠨᠡᠬᠦ ᠶᠢ | ᠵᠥᠪᠰᠢᠶᠡᠷᠡᠬᠦ᠂ ᠨᠢᠭᠡ ᠨᠣᠮᠧᠷ ᠢᠶᠠᠷ ᠬᠤᠯᠪᠤᠭᠠᠯᠠᠨ ᠬᠥᠳᠡᠯᠦᠯᠴᠡᠬᠦ︾ ᠶᠢ ᠪᠡᠶᠡᠯᠡᠬᠦᠯᠪᠡ᠃ ︽ᠬᠢᠨᠠᠯᠲᠠ ᠲᠠᠯᠪᠢᠵᠤ | ᠪᠠᠶᠢᠴᠠᠭᠠᠬᠤ ᠪᠠ ᠣᠰᠣᠯ ᠪᠤᠷᠤᠭᠤ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠠᠷᠭ᠎ᠠ︾᠂ ︽ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠳᠦᠷᠢᠮ︾ ᠵᠡᠷᠭᠡ 6 ᠵᠦᠢᠯ ᠤᠨ ᠭᠤᠥᠯᠴᠢ ᠥᠷᠢᠰᠦᠯᠳᠦᠭᠡᠨ ᠤ ᠬᠢᠨᠠᠨ | ᠪᠠᠶᠢᠴᠠᠭᠠᠯᠲᠠ ᠶᠢᠨ ᠬᠠᠮᠢᠶ᠎ᠠ ᠪᠦᠬᠦᠢ ᠢᠵᠢ ᠪᠦᠷᠢᠳᠦᠭᠦᠯᠬᠦ ᠳᠦᠷᠢᠮ ᠢ ᠰᠢᠨ᠎ᠡ ᠪᠠᠷ ᠡᠭᠦᠳᠦᠨ ᠲᠣᠭᠲᠠᠭᠠᠵᠤ᠂ ᠡᠯ᠎ᠡ | ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠦᠢᠯᠡᠳᠪᠦᠷᠢᠯᠡᠯ ᠤᠨ ᠬᠦᠴᠦᠨ ᠵᠦᠢᠯ ᠢ ᠡᠷᠬᠡ ᠲᠡᠭᠰᠢ ᠪᠠᠷ | ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠣᠯᠴᠠᠬᠤ᠂ ᠬᠠᠤᠯᠢ ᠴᠠᠭᠠᠵᠠ ᠶᠢᠨ | ᠬᠠᠮᠠᠭᠠᠯᠠᠯᠲᠠ ᠶᠢ ᠠᠳᠠᠯᠢ ᠲᠡᠭᠰᠢ ᠪᠠᠷ ᠭᠥᠷᠳᠡᠬᠦ ᠶᠢ ᠳᠦᠷᠢᠮ ᠤᠨ ᠲᠠᠯ᠎ᠠ ᠠᠴᠠ ᠪᠠᠳᠤᠯᠠᠭᠰᠠᠨ ᠪᠠᠶᠢᠨ᠎ᠠ᠃ ᠪᠡᠯᠡ | ᠲᠣᠬᠢᠷᠠᠭᠤᠯᠭ᠎ᠠ ᠪᠠᠷ ᠬᠠᠪᠰᠤᠷᠤᠨ ᠲᠡᠳᠬᠦᠬᠦ ᠶᠢ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠪᠠᠷ ᠪᠠᠷᠢᠴᠠᠭᠠᠯᠠᠵᠤ ᠪᠡᠯᠡ ᠲᠣᠬᠢᠷᠠᠭᠤᠯᠬᠤ᠂ ᠢᠲᠡᠭᠡᠮᠵᠢᠲᠦ ᠵᠢᠭᠡᠯᠡᠯᠭᠡ᠂ ᠲᠦᠭᠡᠮᠡᠯ ᠬᠠᠷᠠᠭᠠᠯᠵᠠᠯᠲᠤ ᠵᠢᠭᠡᠯᠡᠯᠭᠡ | ᠵᠡᠷᠭᠡ ᠪᠡᠯᠡ ᠲᠣᠬᠢᠷᠠᠭᠤᠯᠭ᠎ᠠ ᠶᠢᠨ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠠᠵᠤ ᠠᠬᠤᠶᠢᠯᠠᠯ ᠳᠤ ᠨᠡᠶᠢᠲᠡ 3. | 49 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠰᠢᠢᠳᠪᠦᠷᠢᠯᠡᠵᠦ ᠥᠭᠪᠡ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 2024 ᠣᠨ ᠳᠤ 9395 ᠡᠷᠤᠭᠡ ᠶᠢᠨ | ᠢᠲᠡᠭᠡᠮᠵᠢ ᠶᠢᠨ ᠡᠵᠡᠩᠨᠡᠯᠲᠡ ᠶᠢᠨ ᠪᠡᠶᠡᠴᠢ ᠴᠣᠭᠴᠠ ᠶᠢ ᠲᠠᠬᠢᠨ ᠪᠠᠶᠢᠭᠤᠯᠪᠠ᠃ | ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ 59 | ᠵᠦᠢᠯ ᠤᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠶᠢ ᠲᠥᠯᠥᠪᠯᠡᠨ ᠲᠣᠭᠲᠠᠭᠠᠵᠤ᠂ ᠭᠤᠣᠯᠳᠠᠯᠭ᠎ᠠ ᠲᠠᠢ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠭᠠᠷᠳᠠᠴᠠ ᠲᠠᠢ᠂ ᠬᠠᠷᠠᠯᠲᠠ ᠲᠠᠢ ᠪᠣᠯᠭᠠᠬᠤ ᠶᠢ | ᠲᠦᠯᠬᠢᠨ ᠠᠬᠢᠭᠤᠯᠪᠠ᠃ ᠶᠠᠰᠤ ᠴᠢᠨᠠᠷ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠤᠨ ᠬᠡᠯᠬᠢᠶ᠎ᠡ ᠶᠢ | ᠬᠦᠴᠦᠷᠬᠡᠭᠵᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ︾ ᠪᠠᠷ ᠠᠵᠤ ᠠᠬᠤᠶᠢᠯᠠᠯ ᠢ | ᠬᠠᠪᠰᠤᠷᠤᠨ ᠶᠠᠰᠤ ᠴᠢᠨᠠᠷ ᠤᠨ ᠪᠣᠭᠤᠮᠲᠠ ᠰᠢᠪᠲᠤᠯᠬᠤ᠂ ᠮᠡᠷᠭᠡᠵᠢᠯ ᠤᠨ ᠰᠠᠶᠢᠵᠢᠷᠠᠭᠤᠯᠤᠯᠲᠠ ᠪᠠ ᠪᠠᠷᠢᠮᠵᠢᠶ᠎ᠠ ᠶᠢᠨ | ᠰᠢᠨ᠎ᠡ ᠶᠢ ᠡᠭᠦᠳᠬᠦ ᠶᠢ ᠬᠡᠷᠡᠭᠵᠢᠬᠦᠯᠦᠨ᠂ ᠨᠡᠶᠢᠳᠡ 2437 ᠠᠵᠤ ᠠᠬᠤᠶᠢᠯᠠᠯ ᠳᠤ ᠦᠢᠯᠡᠴᠢᠯᠡᠭᠡ ᠬᠠᠩᠭᠠᠵᠤ᠂ | ᠠᠵᠤ ᠠᠬᠤᠶᠢᠯᠠᠯ ᠢ ᠬᠠᠪᠰᠤᠷᠤᠨ ᠵᠠᠷᠤᠳᠠᠯ ᠢ ᠨᠢ ᠬᠠᠰᠤᠵᠤ ᠬᠡᠯᠳᠦᠷᠢᠬᠦᠯᠦᠨ᠂ ᠥᠪᠡᠷ ᠤᠨ ᠦᠷᠳᠡᠭ ᠢ ᠨᠢ 868. | 55 ᠲᠦᠮᠡᠨ ᠲᠥᠭᠦᠷᠢᠭ ᠪᠠᠭᠤᠷᠠᠭᠤᠯᠪᠠ᠃ 152 ᠠᠵᠤ ᠠᠬᠤᠶᠢᠯᠠᠯ ᠪᠠ 39 ᠵᠢᠵᠢᠭ ᠠᠵᠤ ᠠᠬᠤᠶᠢᠯᠠᠯ ᠢ | ᠬᠠᠪᠰᠤᠷᠴᠤ ᠪᠠᠶᠢᠭᠠᠳ ᠶᠠᠰᠤ ᠴᠢᠨᠠᠷ ᠤᠨ ᠲᠦᠷᠦᠭᠦᠦ ᠲᠤᠰᠢᠶᠠᠯᠲᠠᠨ ᠤ ᠳᠦᠷᠢᠮ ᠢ ᠪᠠᠶᠢᠭᠤᠯᠪᠠ᠃ ᠠᠯᠠᠱᠠ ᠶᠢᠨ | ᠨᠠᠷᠠᠲᠤ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ 5 ᠠᠵᠤ ᠠᠬᠤᠶᠢᠯᠠᠯ ᠳᠤ ︽ᠮᠣᠩᠭᠤᠯ︾ | ᠥᠰᠥᠭ ᠤᠨ ᠲᠡᠮᠳᠡᠭ ᠤᠨ ᠭᠡᠷᠡᠴᠢᠯᠡᠯ ᠬᠦᠷᠲᠡᠭᠡᠪᠡ᠃ ᠠᠯᠠᠱᠠ ᠶᠢᠨ ᠴᠠᠭᠠᠨ ᠭᠤᠶᠣᠣ ︽ᠨᠢᠭᠡ ᠪᠦᠰᠡ ᠨᠢᠭᠡ ᠵᠠᠮ︾ | ᠤᠨ ᠭᠠᠵᠠᠷ ᠵᠦᠢ ᠶᠢᠨ ᠪᠡᠯᠭᠡ ᠲᠡᠮᠳᠡᠭ ᠤᠨ ᠨᠠᠷᠠᠲᠤ ᠲᠥᠷᠥᠯ ᠲᠡᠮᠳᠡᠭᠲᠦ ᠶᠢᠨ ᠳᠡᠯᠭᠡᠷᠡᠭᠦᠯᠦᠯᠲᠡ ᠶᠢᠨ ᠨᠠᠷᠢᠨ | ᠲᠠᠩᠰᠠᠨ ᠳᠤ ᠰᠣᠩᠭᠤᠭᠳᠠᠨ ᠣᠷᠣᠵᠤ᠂ ︽ᠠᠯᠠᠱᠠ ᠶᠢᠨ ᠴᠠᠭᠠᠨ ᠨᠤᠯᠤᠤᠷᠳᠦ ᠢᠮᠠᠭ᠎ᠠ︾᠂ ︽ᠠᠯᠠᠱᠠ ᠶᠢᠨ | ᠬᠤᠣᠰ ᠪᠥᠬᠦᠲᠦ ᠲᠡᠮᠡᠭᠡ︾ ᠶᠢᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠨᠢ ᠲᠣᠰ ᠲᠣᠰ 28.97 | ᠳ᠋ᠦᠩᠰᠢᠭᠤᠷ ᠲᠥᠭᠦᠷᠢᠭ ᠪᠠ 0.84 ᠳ᠋ᠦᠩᠰᠢᠭᠤᠷ ᠲᠥᠭᠦᠷᠢᠭ ᠲᠤ ᠬᠥᠷᠪᠡ᠃ ᠴᠠᠭᠠᠨ ᠭᠤᠶᠣᠣ᠂ ᠤᠯᠠᠭᠠᠨ | ᠭᠤᠶᠤᠤ᠂ ᠲᠡᠮᠡᠭᠡ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ 5 ᠶᠡᠭᠡ ᠣᠨᠴᠠᠯᠢᠭᠲᠤ ᠠᠵᠤ | ᠦᠢᠯᠡᠰ ᠤᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠪᠠᠷᠢᠮᠵᠢᠶ᠎ᠠ ᠶᠢ 111 ᠵᠦᠢᠯ | ᠪᠠᠶᠢᠭᠤᠯᠤᠭᠰᠠᠨ ᠪᠠᠶᠢᠨ᠎ᠠ᠃ ᠠᠩᠬᠠᠳᠠᠭᠴᠢ ᠠᠶᠢᠮᠠᠭ ᠤᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢ ᠨᠡᠶᠢᠲᠡᠯᠡᠵᠦ | ᠂ ᠠᠶᠢᠮᠠᠭ ᠤᠨ ᠲᠠᠰ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠤᠭᠤᠰᠤᠨ ᠢ ᠨᠥᠬᠦᠪᠦᠷᠢᠯᠡᠪᠡ᠃ ᠬᠠᠴᠢᠨ | ᠴᠢᠯᠠᠭᠤᠨ ᠤ ᠠᠵᠤ ᠦᠢᠯᠡᠰ ᠤᠨ ᠪᠠᠷᠢᠮᠵᠢᠶ᠎ᠠ — ︽ᠭᠤᠪᠢ ᠶᠢᠨ ᠴᠢᠯᠠᠭᠤ ᠶᠢ ᠰᠢᠯᠭᠠᠨ ᠦᠨᠡᠯᠡᠬᠦ︾ ᠶᠢ | ᠰᠤᠳᠤᠯᠤᠨ ᠳᠤᠭᠳᠠᠭᠠᠪᠠ᠃ | ᠠᠷᠠᠳ ᠤᠯᠠᠨ ᠪᠣᠯᠣᠨ ᠡᠵᠡᠩᠨᠡᠯᠲᠡ ᠶᠢᠨ ᠭᠤᠣᠯ ᠴᠣᠭᠴᠠ ᠶᠢᠨ ᠲᠤᠰ ᠪᠡᠶ᠎ᠡ ᠶᠢᠨ ᠠᠰᠢᠭ ᠲᠤᠰᠠ ᠶᠢ | ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠳᠭᠡᠨ᠂ ᠢᠳᠡᠭᠡᠨ ᠤ ᠵᠦᠢᠯ᠂ ᠡᠮ ᠤᠨ | ᠵᠦᠢᠯ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ᠂ ᠣᠨᠴᠠ ᠲᠥᠷᠥᠯ ᠤᠨ ᠲᠥᠬᠦᠭᠡᠷᠦᠮᠵᠢ ᠶᠢᠨ | ᠪᠦᠬᠦ ᠬᠡᠯᠬᠢᠶ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠮᠢᠬᠠᠨ ᠤ | ᠲᠥᠷᠥᠯ ᠤᠨ ᠦᠢᠯᠡᠳᠬᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠴᠠᠬᠢᠯᠭᠠᠨ ᠬᠥᠳᠡᠯᠭᠡᠭᠦᠷᠲᠦ | ᠳᠤᠭᠤᠢ ᠲᠡᠷᠭᠡᠨ ᠤ ᠠᠮᠤᠷ ᠲᠦᠪᠰᠢᠨ ᠤ ᠳᠠᠯᠳᠠ ᠬᠡᠮ᠂ ᠵᠢᠩ ᠵᠢᠩᠯᠡᠭᠦᠷ ᠤᠨ ᠮᠡᠬᠡᠯᠡᠯ᠂ ᠣᠷᠣᠰᠢᠭᠤᠯᠭ᠎ᠠ ᠶᠢᠨ | ᠠᠵᠢᠯ ᠵᠡᠷᠭᠡ ᠬᠦᠷᠢᠶᠡᠨ ᠳᠠᠬᠢ ᠡᠷᠦᠢ ᠬᠤᠷᠤᠢ ᠦᠭᠡᠢ ᠦᠵᠡᠭᠳᠡᠯ ᠢ ᠭᠤᠣᠯᠳᠠᠯᠭ᠎ᠠ ᠲᠠᠢ ᠴᠡᠭᠴᠡᠯᠡᠨ᠂ ᠰᠦᠯᠵᠢᠶ᠎ᠡ ᠪᠠᠷ | ᠠᠷᠠᠯᠵᠢᠶᠠᠯᠠᠬᠤ᠂ ᠬᠠᠤᠯᠢ ᠠᠴᠠ ᠵᠥᠷᠢᠴᠡᠭᠰᠡᠨ ᠵᠠᠷ ᠮᠡᠳᠡᠭᠡ᠂ ᠦᠨ᠎ᠡ ᠬᠠᠩᠰᠢ ᠰᠦᠢᠳᠭᠡᠯ ᠬᠤᠷᠢᠶᠠᠬᠤ ᠵᠡᠷᠭᠡ | ᠬᠦᠷᠢᠶᠡᠨ ᠳᠤ ᠲᠤᠰᠬᠠᠢ ᠴᠡᠭᠴᠡᠯᠡᠨ ᠵᠠᠰᠠᠯᠲᠠ ᠬᠢᠵᠦ᠂ ᠪᠥᠬᠦ ᠠᠶᠢᠮᠠᠭ ᠤᠨ ᠠᠩᠬᠠᠳᠠᠭᠴᠢ ᠬᠤᠳᠠᠯᠳᠤᠭᠠᠨ ᠤ ᠬᠡᠭᠡᠯᠢ | ᠬᠠᠭ᠋ᠣᠣᠯᠢ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠠᠸᠠᠷ ᠤᠨ ᠲᠡᠮᠳᠡᠭ ᠤᠨ ᠲᠤᠰᠬᠠᠢ ᠬᠡᠷᠡᠭᠯᠡᠬᠦ ᠡᠷᠬᠡ ᠳᠤ | ᠬᠠᠯᠳᠠᠭᠰᠠᠨ ᠬᠠᠷ᠎ᠠ ᠠᠷᠢᠬᠢᠨ ᠤ ᠰᠢᠷᠢᠰ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠪᠡ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠯᠳᠠᠭ᠎ᠠ ᠪᠤᠷᠤᠭᠤ ᠶᠢ | ᠵᠠᠯᠠᠷᠠᠭᠤᠯᠬᠤ ᠬᠡᠯᠪᠡᠷᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠲᠡᠦᠬᠡᠨ ᠠᠴᠠ ᠦᠯᠡᠳᠡᠭᠳᠡᠵᠦ | ᠢᠷᠡᠭᠰᠡᠨ ᠠᠰᠠᠭᠤᠳᠠᠯ ᠢ ᠴᠡᠪᠡᠷᠯᠡᠨ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠡᠢ᠃ |