ᠠᠯᠠᠱᠠ ᠵᠡᠭᠦᠨ ᠬᠤᠰᠢᠭᠤ ᠠᠷᠪᠠᠨ ᠵᠦᠢᠯ ᠤᠨ ᠪᠣᠳᠠᠲᠤ ᠶᠠᠪᠤᠳᠠᠯ ᠢᠶᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠠᠬᠢᠨ ᠲᠠᠰ ᠳᠡᠪᠰᠢᠭᠦᠯᠬᠦ ᠶᠢ ᠳᠦᠷᠬᠡᠳᠭᠡᠨ᠎ᠠ
ᠨᠡᠶᠢᠲᠡᠯᠡᠭᠰᠡᠨ ᠴᠠᠭ᠄
2025/4/29
    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠨᠤᠷᠠᠬᠤ ᠠᠶᠤᠯᠲᠠᠶ ᠬᠠᠭᠤᠴᠢᠨ ᠠᠰᠠᠷ ᠢ ᠥᠭᠡᠷᠡᠴᠢᠯᠡᠨ ᠰᠢᠨᠡᠳᠭᠡᠬᠦ ᠪᠠ ᠬᠡᠷ ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠶᠢᠨ ᠠᠵᠢᠯ ᠳᠠᠭᠤᠰᠴᠦ᠂ ᠤᠳᠠᠯ ᠥᠬᠡᠶ ᠪᠠᠷᠢᠯᠭ᠎ᠠ ᠶᠢᠨ ᠱᠠᠲᠤᠨ ᠳᠤ ᠣᠷᠣᠬᠤ ᠪᠠᠷ ᠪᠠᠶᠢᠨ᠎ᠠ᠃ ᠡᠨᠡ ᠵᠢᠯ᠂ ᠠᠯᠠᠱᠠ ᠵᠡᠭᠦᠨ ᠬᠤᠰᠢᠭᠤ᠂ ᠶᠡᠷᠦᠩᠬᠡᠶ ᠪᠠᠯᠠ ᠣᠷᠣᠭᠤᠯᠤᠯᠲᠠ ᠨᠢ 3.7851 ᠳ᠋ᠦᠩᠰᠢᠭᠤᠷ ᠲᠥᠭᠦᠷᠢᠭ ᠤᠨ ᠠᠷᠠᠳ ᠲᠤ ᠠᠰᠢᠭ ᠬᠦᠷᠲᠡᠭᠡᠬᠦ 10 ᠪᠣᠳᠠᠲᠤ ᠶᠠᠪᠤᠳᠠᠯ ᠬᠢᠬᠦ ᠪᠠᠷ ᠲᠣᠭᠲᠠᠵᠤ᠂ ᠵᠠᠮ ᠬᠠᠷᠢᠯᠴᠠᠭ᠎ᠠ᠂ ᠣᠷᠣᠨ ᠰᠠᠭᠤᠴᠠ᠂ ᠤᠰᠤ ᠬᠠᠩᠭᠠᠬᠤ᠂ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠣᠯᠠᠨ ᠬᠦᠷᠢᠶᠡᠨ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠠᠷᠠᠯᠲᠠ ᠳᠤᠭᠳᠠᠭᠠᠵᠡᠢ᠃    ᠵᠠᠮ ᠬᠠᠷᠢᠯᠴᠠᠭ᠎ᠠ ᠶᠢ ᠰᠠᠶᠢᠵᠢᠷᠠᠭᠤᠯᠬᠤ ᠲᠠᠯ᠎ᠠ ᠪᠠᠷ᠂ ᠪᠠᠶᠠᠨᠬᠤᠲᠠ 4 ᠬᠡᠰᠡᠭ ᠬᠤᠪᠢᠶᠠᠨ ᠶᠡᠷᠦᠩᠬᠡᠶ ᠣᠷᠳᠣ ᠨᠢ 7.86 ᠺᠢᠯᠣᠮᠧᠲᠷ ᠤᠷᠳᠤ ᠪᠠᠳᠠᠢ ᠶᠢᠨ ᠵᠢᠷᠠᠨ ᠵᠠᠮ ᠤᠨ ᠡᠪᠳᠡᠭᠳᠡᠭᠰᠡᠨ ᠵᠠᠮ ᠢ ᠰᠡᠯᠪᠢᠨ ᠵᠠᠰᠠᠵᠤ᠂ ᠮᠠᠯᠴᠢᠨ ᠵᠠᠮ ᠤᠨ ᠬᠤᠶᠢᠲᠤ ᠬᠡᠰᠡᠭ ᠤᠨ ᠮᠤᠬᠤᠷ ᠵᠠᠮ ᠢ ᠨᠡᠪᠲᠡᠷᠡᠭᠦᠯᠬᠦ ᠢᠨᠵᠧᠨᠧᠷᠢᠩ ᠢ ᠠᠬᠢᠭᠤᠯᠬᠤ ᠪᠣᠯᠤᠨ᠎ᠠ᠃ ᠪᠠᠷᠢᠯᠭ᠎ᠠ ᠳᠠᠭᠤᠰᠤᠭᠰᠠᠨ ᠤ ᠳᠠᠷᠠᠭ᠎ᠠ᠂ ᠤᠯᠠᠭᠠᠨᠪᠤᠬ᠎ᠠ ᠵᠠᠮ ᠤᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠨᠠᠮᠳᠠᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠥᠬᠦᠮ ᠦᠵᠡᠬᠦᠯᠬᠦ ᠪᠠᠷ ᠪᠠᠷᠠᠬᠤ ᠥᠬᠡᠶ ᠪᠠᠰᠠ ᠵᠠᠮ ᠤᠨ ᠬᠤᠶᠠᠷ ᠬᠠᠵᠠᠭᠤ ᠶᠢᠨ ᠰᠤᠯᠠ ᠪᠠᠶᠢᠭ᠎ᠠ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠡᠷᠬᠢᠨ ᠲᠣᠭᠤᠷᠢᠨ ᠤ ᠬᠤᠳᠠᠯᠳᠤᠭᠠᠨ ᠤ ᠨᠡᠭᠡᠭᠡᠨ ᠬᠥᠭᠵᠢᠭᠦᠯᠦᠯᠲᠡ ᠶᠢ ᠳᠠᠶᠢᠴᠢᠯᠠᠬᠤ ᠪᠣᠯᠤᠨ᠎ᠠ᠃ ᠲᠡᠷᠭᠡ ᠵᠣᠭᠰᠣᠭᠠᠬᠤ ᠳᠤ ᠬᠦᠴᠢᠷᠲᠡᠶ ᠠᠰᠠᠭᠤᠳᠠᠯ ᠳᠤ ᠴᠢᠭᠯᠡᠭᠦᠯᠦᠨ᠂ ᠪᠠᠶᠠᠨᠬᠤᠲᠠ ᠶᠢᠨ ᠮᠢᠩ ᠳ᠋ᠧ ᠪᠠᠭ᠎ᠠ ᠰᠤᠷᠭᠠᠭᠤᠯᠢ ᠶᠢᠨ ᠡᠮᠦᠨ᠎ᠡ ᠲᠠᠯ᠎ᠠ᠂ ᠠᠶᠢᠮᠠᠭ ᠤᠨ ᠵᠣᠴᠢᠳ ᠤᠨ ᠪᠠᠭᠤᠳᠠᠯ ᠤᠨ ᠡᠮᠦᠨ᠎ᠡ ᠲᠠᠯ᠎ᠠ ᠵᠡᠷᠭᠡ ᠣᠷᠣᠨ ᠪᠦᠰᠡ ᠳᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠡᠷᠬᠢᠨ ᠲᠣᠭᠤᠷᠢᠨ ᠤ ᠵᠠᠮ ᠤᠨ ᠲᠦᠭᠵᠢᠷᠡᠯ ᠤᠨ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠬᠤ ᠪᠠᠷ ᠪᠠᠶᠢᠨ᠎ᠠ᠃    ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠰᠠᠶᠢᠵᠢᠷᠠᠭᠤᠯᠬᠤ ᠭᠤᠤᠯᠳᠠᠯᠭ᠎ᠠ ᠲᠠᠢ ᠢᠨᠵᠧᠨᠧᠷᠢᠩ ᠳᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠨᠤᠷᠠᠬᠤ ᠠᠶᠤᠯᠲᠠᠶ ᠬᠠᠭᠤᠴᠢᠨ ᠠᠰᠠᠷ ᠤᠨ ᠠᠮᠤᠷ ᠲᠦᠪᠰᠢᠨ ᠤ ᠥᠭᠡᠷᠡᠴᠢᠯᠡᠯᠲᠡ ᠪᠠᠭᠲᠠᠨ᠎ᠠ᠃ ᠡᠭᠦᠨ ᠳᠤ᠂ ᠲᠢᠶᠠᠨ ᠱᠢ ᠤᠷᠤᠨ ᠰᠠᠭᠤᠴᠠ ᠶᠢᠨ ᠲᠣᠭᠤᠷᠢᠭ᠂ ᠴᠠᠭ ᠠᠭᠤᠷ ᠤᠨ ᠲᠣᠪᠴᠢᠶ᠎ᠠ ᠶᠢᠨ ᠤᠷᠤᠨ ᠰᠠᠭᠤᠴᠠ ᠶᠢᠨ ᠲᠣᠭᠤᠷᠢᠭ ᠵᠡᠷᠭᠡ 5 ᠬᠠᠭᠤᠴᠢᠨ ᠤᠷᠤᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠪᠥᠬᠦ ᠲᠠᠯ᠎ᠠ ᠪᠠᠷ ᠡᠬᠢᠯᠡᠭᠦᠯᠬᠦ ᠪᠠᠷ ᠪᠠᠶᠢᠨ᠎ᠠ᠃ ᠨᠤᠷᠠᠬᠤ ᠠᠶᠤᠯᠲᠠᠶ ᠬᠠᠭᠤᠴᠢᠨ ᠠᠰᠠᠷ ᠤᠨ ᠠᠮᠤᠷ ᠲᠦᠪᠰᠢᠨ ᠤ ᠥᠭᠡᠷᠡᠴᠢᠯᠡᠯᠲᠡ ᠨᠢ ᠡᠮᠦᠨ᠎ᠡ ᠶᠡᠭᠡ ᠵᠡᠭᠡᠯᠢ ᠶᠢᠨ 1 - 8 ᠳ᠋ᠤᠭᠠᠷ ᠨᠣᠮᠧᠷᠲᠤ ᠨᠢᠭᠡᠳᠦᠯᠲᠡᠶ ᠪᠠᠶᠢᠭᠤᠯᠤᠭᠰᠠᠨ ᠠᠰᠠᠷ᠂ ᠠᠯᠠᠱᠠ ᠶᠢᠨ ᠵᠣᠴᠢᠳ ᠤᠨ ᠪᠠᠭᠤᠳᠠᠯ ᠤᠨ ᠡᠮᠦᠨ᠎ᠡ ᠲᠠᠯ᠎ᠠ ᠶᠢᠨ 5 ᠳ᠋ᠤᠭᠠᠷ ᠨᠣᠮᠧᠷᠲᠤ ᠨᠢᠭᠡᠳᠦᠯᠲᠡᠶ ᠪᠠᠶᠢᠭᠤᠯᠤᠭᠰᠠᠨ ᠠᠰᠠᠷ ᠤᠨ 312 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠤᠳᠤ ᠶᠠᠭ ᠪᠠᠷᠢᠯᠭ᠎ᠠ ᠶᠢᠨ ᠱᠠᠲᠤᠨ ᠳᠤ ᠣᠷᠣᠬᠤ ᠭᠡᠵᠦ ᠪᠠᠶᠢᠨ᠎ᠠ᠃    ᠤᠰᠤ ᠬᠠᠩᠭᠠᠬᠤ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠬᠦᠬᠡᠷᠦᠮᠵᠢ ᠶᠢ ᠲᠠᠰ ᠳᠡᠪᠰᠢᠭᠦᠯᠬᠦ ᠲᠠᠯ᠎ᠠ ᠪᠠᠷ᠂ 30 ᠣᠷᠣᠨ ᠰᠠᠭᠤᠴᠠ ᠶᠢᠨ ᠲᠣᠭᠤᠷᠢᠭ ᠵᠢᠴᠢ 6 ᠪᠠᠶᠢᠰᠢᠩ ᠬᠡᠷ ᠤᠨ ᠲᠣᠭᠤᠷᠢᠭ ᠲᠤ ᠳᠣᠲᠣᠭᠠᠳᠤ ᠶᠢᠨ ᠤᠰᠤ ᠬᠠᠩᠭᠠᠬᠤ ᠬᠤᠭᠤᠯᠠᠶ ᠲᠣᠤᠷ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠰᠤ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠦᠨ᠂ ᠲᠣᠤᠷ ᠬᠤᠭᠤᠯᠠᠶ ᠶᠢᠨ ᠤᠰᠤ ᠭᠤᠭᠤᠵᠢᠵᠤ ᠰᠦᠢᠳᠬᠦ ᠶᠢ ᠪᠠᠭᠠᠰᠬᠠᠬᠤ ᠪᠠᠷ ᠲᠥᠯᠥᠪᠯᠡᠵᠦ ᠪᠣᠶ︔ 42 ᠬᠠᠭᠤᠷᠠᠶ ᠵᠣᠷᠯᠣᠩ ᠢ ᠨᠤᠷᠠᠭᠠᠵᠤ᠂ ᠤᠰᠤ ᠪᠠᠷ ᠤᠬᠢᠶᠠᠬᠤ ᠮᠠᠶ᠋ᠢᠭ ᠤᠨ 26 ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠪᠦᠬᠦᠯᠢ ᠴᠣᠭᠴᠠ ᠶᠢᠨ ᠳᠦᠷᠢ ᠲᠥᠷᠬᠦ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃    ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯ᠎ᠠ ᠪᠠᠷ᠂ ᠠᠯᠠᠱᠠ ᠵᠡᠭᠦᠨ ᠬᠤᠰᠢᠭᠤᠨ ᠤ ᠷᠠᠳᠢᠣ᠋ ᠲᠧᠯᠸᠢᠰ ᠤᠨ ᠣᠯᠠᠨ ᠨᠡᠶᠢᠲᠡ ᠶᠢᠨ ᠦᠢᠯᠡᠴᠢᠯᠡᠭᠡ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠨᠢ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ 1.8 ᠲᠦᠮᠡᠨ ᠡᠷᠦᠬᠡ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠤᠲᠠᠰᠤᠲᠤ ᠲᠧᠯᠸᠢᠰ ᠢ ᠡᠷᠦᠬᠡ ᠳᠤ ᠣᠷᠣᠭᠤᠯᠵᠤ ᠤᠭᠰᠠᠷᠠᠬᠤ ᠪᠠ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠤᠶᠢᠯᠡᠴᠢᠯᠡᠭᠡ ᠬᠠᠩᠭᠠᠬᠤ ᠶᠢᠨ ᠬᠠᠮᠲᠤ ᠤᠲᠠᠰᠤᠲᠤ ᠲᠧᠯᠸᠢᠰ ᠤᠨ 100 ᠭᠠᠷᠤᠢ ᠫᠷᠤᠭ᠍ᠷᠠᠮ ᠢ ᠬᠠᠩᠭᠠᠵᠤ᠂ ᠬᠢᠯᠢ ᠳᠠᠭᠠᠤ ᠶᠢᠨ ᠴᠢᠮᠡᠭᠡ ᠬᠤᠯᠪᠣᠭᠠᠨ ᠤ ᠰᠦᠯᠵᠢᠶᠡᠨ ᠤ ᠪᠦᠷᠬᠦᠴᠡ ᠬᠦᠷᠦᠯᠴᠡᠬᠦ ᠥᠬᠡᠶ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠨ᠂ ᠣᠯᠠᠨ ᠲᠦᠮᠡᠨ ᠳᠤ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠰᠠᠭᠠᠳ ᠥᠬᠡᠶ ᠡᠳ᠋ᠯᠡᠬᠦᠯᠬᠦ ᠪᠤᠯᠤᠨ᠎ᠠ᠃ ᠣᠳᠣᠬᠠᠨ ᠳᠤ᠂ ᠪᠥᠬᠦ ᠬᠤᠰᠢᠭᠤᠨ ᠤ 6000 ᠭᠠᠷᠤᠶ ᠡᠷᠦᠬᠡ ᠰᠠᠭᠤᠭᠠᠯᠢ ᠠᠷᠠᠳ ᠤᠨ ᠡᠨᠡ ᠬᠦ ᠲᠤᠬᠠᠶᠢᠯᠠᠭᠰᠠᠨ ᠠᠵᠢᠯ ᠤᠨ ᠭᠠᠷ ᠬᠦᠢᠴᠡᠳᠭᠡᠯ ᠢ ᠬᠢᠵᠡᠢ᠃    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠬᠤ ᠶᠢᠨ ᠲᠥᠯᠥᠭᠡ᠂ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ 157 ᠠᠮᠤᠷ ᠢ ᠬᠠᠮᠠᠭᠠᠯᠠᠬᠤ ᠠᠵᠢᠯᠲᠠᠨ ᠤ ᠴᠠᠯᠢᠩ ᠣᠯᠭᠤᠮᠵᠢ ᠶᠢ ᠬᠥᠮᠦᠨ ᠪᠦᠷᠢ ᠶᠢᠨ ᠰᠠᠷ᠎ᠠ ᠳᠤ 3967 ᠲᠥᠭᠦᠷᠢᠭ ᠪᠠᠶᠢᠭᠰᠠᠨ ᠢ 4800 ᠲᠥᠭᠦᠷᠢᠭ ᠪᠣᠯᠭᠠᠨ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠪᠠᠷ ᠪᠠᠶᠢᠨ᠎ᠠ᠃    ᠬᠢᠯᠢ ᠬᠢᠵᠠᠭᠠᠷ ᠣᠷᠣᠨ ᠤ ᠤᠰᠤ ᠬᠡᠷᠡᠭᠯᠡᠬᠦ ᠬᠡᠷᠡᠭᠴᠡᠭᠡ ᠳᠤ ᠴᠢᠭᠯᠡᠭᠦᠯᠦᠨ᠂ ᠠᠯᠠᠱᠠ ᠵᠡᠭᠦᠨ ᠬᠤᠰᠢᠭᠤᠨ ᠤ ᠥᠯᠵᠡᠶ ᠰᠤᠮᠤᠨ ᠳᠠᠬᠢ ᠬᠢᠯᠢ ᠶᠢᠨ ᠴᠡᠷᠢᠭ ᠠᠩᠭᠢ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠳᠤ 3 ᠮᠠᠰᠢᠨ ᠴᠠᠬᠢᠯᠭᠠᠨ ᠬᠤᠳᠳᠤᠭ ᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠤᠰᠤ ᠳᠠᠮᠵᠢᠭᠤᠯᠬᠤ ᠬᠤᠭᠤᠯᠠᠶ᠂ ᠤᠰᠤ ᠬᠠᠳᠠᠭᠠᠯᠠᠬᠤ ᠴᠥᠭᠦᠷᠥᠮ᠂ ᠴᠡᠪᠡᠷᠰᠢᠭᠦᠯᠬᠦ ᠲᠥᠬᠦᠭᠡᠷᠦᠮᠵᠢ ᠵᠢᠴᠢ ᠴᠠᠬᠢᠯᠭᠠᠨ ᠬᠠᠩᠭᠠᠬᠤ ᠲᠥᠬᠦᠭᠡᠷᠦᠮᠵᠢ ᠵᠡᠷᠭᠡ ᠶᠢ ᠲᠥᠬᠦᠷᠵᠢᠭᠦᠯᠵᠦ᠂ ᠬᠢᠯᠢ ᠬᠢᠵᠠᠭᠠᠷ ᠤᠨ ᠮᠠᠯᠵᠢᠬᠤ ᠡᠷᠦᠬᠡ ᠪᠠ ᠴᠡᠷᠢᠭ ᠠᠩᠭᠢ ᠶᠢᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠪᠠᠷ ᠪᠤᠢ᠃    ᠣᠳᠣᠬᠠᠨ ᠳᠤ᠂ ᠠᠯᠠᠱᠠ ᠵᠡᠭᠦᠨ ᠬᠤᠰᠢᠭᠤ ᠨᠢᠭᠡᠨᠲᠡ ᠣᠯᠠᠨ ᠰᠠᠯᠠᠭ᠎ᠠ ᠮᠥᠴᠢᠷ ᠤᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠡᠯ᠎ᠡ ᠢᠨᠵᠧᠨᠧᠷᠢᠩ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠬᠡᠷᠡᠭᠵᠢᠭᠦᠯᠵᠦ᠂ ᠵᠢᠱᠢᠯᠲᠡ ᠪᠠᠷ ᠵᠢᠯ ᠤᠨ ᠡᠴᠦᠰ ᠠᠴᠠ ᠡᠮᠦᠨ᠎ᠡ ᠪᠥᠬᠦ ᠲᠠᠯ᠎ᠠ ᠪᠠᠷ ᠪᠡᠶᠡᠯᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号