ᠡᠵᠡᠨ᠎ᠡ ᠬᠤᠰᠢᠭᠤ ︽ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ︾ ᠤ ᠢᠷᠠᠭᠤ ᠠᠯᠳᠡᠷ ᠢ ᠲᠤᠯᠤᠳᠡᠬᠢ ᠤᠳᠠᠭ᠎ᠠ ᠪᠠᠨ ᠭᠥᠷᠳᠡᠵᠡᠢ
ᠨᠡᠶᠢᠲᠡᠯᠡᠭᠰᠡᠨ ᠴᠠᠭ᠄
2025/4/29
    4 ᠰᠠᠷ᠎ᠠ ᠶᠢᠨ 23 ᠤ ᠡᠳᠦᠷ᠂ ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠴᠦ ᠬᠥᠬᠢᠭᠦᠯᠦᠨ ᠰᠠᠶᠢᠰᠢᠶᠠᠬᠤ ᠬᠤᠷᠠᠯ ᠪᠡᠭᠡᠵᠢᠩ ᠳᠤ ᠬᠤᠷᠠᠯᠳᠤᠵᠦ᠂ ᠡᠵᠡᠨ᠎ᠠ ᠬᠤᠰᠢᠭᠤ ᠲᠤᠯᠤᠳᠡᠬᠢ ᠤᠳᠠᠭ᠎ᠠ  ᠪᠠᠨ ︽ᠪᠥᠬᠦ ᠤᠯᠤᠰ ᠤᠨ ᠬᠤᠶᠠᠷ  ᠢ ᠬᠦᠷᠢᠶᠡᠯᠡᠭᠰᠡᠨ ᠵᠢᠱᠢᠶᠡᠴᠢ ᠰᠢᠶᠠᠨ︾  ᠤ ᠢᠷᠠᠭᠤ ᠠᠯᠳᠡᠷ  ᠢ ᠬᠦᠷᠳᠡᠭᠰᠡᠨ ᠪᠠᠶᠢᠨ᠎ᠠ᠃    ᠣᠶᠢᠷ᠎ᠠ ᠶᠢᠨ ᠵᠢᠯ ᠳᠤ᠂ ᠡᠵᠡᠨ᠎ᠡ ᠬᠤᠰᠢᠭᠤᠨ ᠤ ᠬᠢᠨ ᠬᠤᠶᠠᠷ ᠢ ᠬᠦᠷᠢᠶᠡᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠬᠤᠶᠠᠷ ᠢ ᠬᠦᠷᠢᠶᠡᠯᠡᠬᠦ ᠠᠵᠢᠯ ᠤᠨ ᠤᠳᠤᠷᠢᠳᠬᠤ ᠳᠤᠭᠤᠶᠢᠯᠠᠩ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠨᠢᠭᠡ ᠲᠥᠪ ᠬᠤᠶᠠᠷ ᠥᠷᠲᠡᠭᠡ︾ ᠭᠤᠷᠪᠠᠨ ᠱᠠᠲᠤᠨ ᠤ ᠪᠠᠲᠤᠯᠠᠭ᠎ᠠ ᠶᠢᠨ ᠰᠢᠰᠲ᠋ᠧᠮ ᠢ ᠲᠡᠬᠦᠯᠳᠡᠷᠵᠢᠬᠦᠯᠤᠨ᠂ ᠴᠡᠷᠢᠭ ᠠᠴᠠ ᠬᠠᠯᠠᠭᠳᠠᠭᠰᠠᠳ ᠤᠨ ᠤᠶᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠪᠠ᠃ ᠴᠡᠷᠢᠭ ᠬᠥᠮᠥᠨ ᠳᠤ ᠦᠢᠯᠡᠴᠢᠯᠡᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ 2020 ᠣᠨ ᠠᠴᠠ ᠨᠠᠭᠠᠰᠢ 4635.41 ᠲᠦᠮᠡᠨ ᠲᠥᠭᠦᠷᠢᠭ ᠤᠨ ᠬᠠᠷᠠᠭᠠᠯᠵᠠᠯ ᠵᠢᠴᠢ ᠨᠥᠬᠦᠪᠦᠷᠢ ᠶᠢᠨ ᠪᠡᠯᠡ ᠮᠥᠩᠭᠦ ᠲᠠᠷᠬᠠᠭᠠᠵᠤ᠂ ᠴᠡᠷᠢᠭ  ᠠᠴᠠ ᠬᠠᠯᠠᠭᠳᠠᠭᠰᠠᠨ 190 ᠬᠦᠮᠦᠨ ᠢ ᠲᠥᠪᠬᠢᠨᠡᠭᠦᠯᠪᠡ᠃ ᠰᠠᠭᠤᠭ᠎ᠠ ᠴᠡᠷᠢᠭ ᠠᠩᠭᠢ ᠶᠢᠨ ᠬᠡᠷᠡᠭᠴᠡᠭᠡ ᠱᠠᠭᠠᠷᠳᠠᠯᠭ᠎ᠠ ᠶᠢ ᠠᠩᠬᠠᠷᠴᠦ᠂ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠬᠤᠣᠰ ᠲᠣᠳᠣᠷᠬᠠᠢ ᠬᠠᠭᠤᠳᠠᠰᠤ︾ ᠶᠢᠨ 40 ᠵᠦᠢᠯ ᠢ ᠨᠠᠶᠢᠳᠠᠪᠤᠷᠢᠵᠢᠭᠤᠯᠪᠠ᠃ ᠡᠭᠦᠨ ᠤ ᠬᠠᠮᠲᠤ᠂ ᠴᠡᠷᠢᠭ ᠠᠩᠭᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠡᠮ ᠡᠮᠨᠡᠯᠭᠡ᠂ ᠰᠤᠷᠭᠠᠨ ᠬᠥᠮᠦᠵᠢᠯ ᠤᠨ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠪᠡ᠃    ᠡᠵᠡᠨ᠎ᠡ ᠬᠤᠰᠢᠭᠤᠨ ᠤ ᠤᠯᠠᠨ ᠲᠦᠮᠡᠨ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠲᠤ ᠬᠠᠷᠠᠮ ᠦᠬᠡᠢ ᠵᠤᠷᠢᠭᠤᠯᠵᠦ᠂ ᠬᠢᠯᠢ ᠳᠣᠲᠣᠷ᠎ᠠ ᠳᠡᠯᠡᠬᠡᠢ ᠶᠢᠨ ᠭᠤᠷᠪᠠᠨ ᠲᠤᠮᠤ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠲᠥᠪ ᠤᠨ ᠨᠢᠭᠡ ᠪᠣᠯᠬᠤ ᠳ᠋ᠦᠩᠹᠧᠩ ᠰᠠᠨᠰᠠᠷ ᠤᠨ ᠠᠶᠠᠯᠠᠯ ᠤᠨ ᠬᠤᠳᠠ ᠪᠤᠢ᠃ ᠤᠳᠠᠭ᠎ᠠ ᠪᠦᠷᠢ ᠶᠢᠨ ᠬᠤᠪᠢᠯᠭᠠᠨ ᠣᠩᠭᠤᠴᠠ ᠰᠢᠷᠢᠰ ᠨᠢᠰᠬᠦ ᠣᠩᠭᠤᠴᠠ ᠶᠢ ᠬᠠᠷᠪᠤᠬᠤ ᠵᠢᠴᠢ ᠡᠭᠡᠭᠦᠯᠦᠨ ᠬᠤᠷᠢᠶᠠᠵᠤ ᠡᠷᠢᠵᠦ ᠠᠪᠤᠷᠠᠬᠤ ᠡᠭᠦᠷᠭᠡ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠬᠢᠨ ᠳᠣᠲᠣᠭᠠᠳᠤ ᠶᠢ ᠬᠠᠮᠠᠭᠠᠯᠠᠬᠤ᠂ ᠡᠷᠦᠭᠡ ᠶᠢᠨ ᠴᠡᠷᠢᠭ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠤᠯᠠᠨ ᠲᠦᠮᠡᠨ ᠢᠶᠠᠷ ᠪᠦᠷᠢᠯᠳᠦᠭᠰᠡᠨ ᠡᠷᠢᠵᠦ ᠠᠪᠤᠷᠠᠬᠤ 11 ᠲᠤᠭᠤᠶᠢᠯᠡᠩ ᠢ ᠪᠠᠶᠢᠭᠤᠯᠵᠦ᠂ ᠪᠠᠲᠤᠯᠠᠭ᠎ᠠ ᠶᠢᠨ ᠲᠤᠷᠰᠢᠯᠲᠠ ᠶᠢᠨ 270 ᠭᠠᠷᠤᠢ ᠪᠣᠳᠠᠲᠤ ᠪᠣᠯᠪᠠᠰᠤᠷᠠᠯ ᠢ ᠦᠷᠨᠢᠬᠦᠯᠦᠭᠰᠡᠨ ᠪᠠᠶᠢᠨ᠎ᠠ᠃    1992 ᠣᠨ ᠠᠴᠠ ᠨᠠᠭᠠᠰᠢ᠂ ᠡᠵᠡᠨ᠎ᠡ ᠬᠤᠰᠢᠭᠤ 7 ᠤᠳᠠᠭ᠎ᠠ ︽ᠪᠥᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ︾ ᠤ ᠢᠷᠠᠭᠤ ᠠᠯᠳᠡᠷ ᠢ ᠭᠥᠷᠳᠡᠵᠦ᠂ 9 ᠤᠳᠠᠭ᠎ᠠ ︽ᠪᠥᠬᠦ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾ ᠪᠠᠷ ᠦᠨᠡᠯᠡᠭᠳᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号