4 ᠰᠠᠷ᠎ᠠ ᠶᠢᠨ 27 ᠤ ᠡᠳᠦᠷ᠂ ᠠᠯᠠᠱᠠ ᠪᠠᠷᠠᠭᠤᠨ ᠬᠤᠰᠢᠭᠤ ᠪᠤᠯᠤᠨ ᠢᠯᠢ ᠪᠦᠯᠦᠭᠯᠡᠯ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠬᠡᠷ ᠲᠤᠭᠳᠠᠬᠤ ᠶᠢᠨ ᠬᠠᠮᠲᠦ᠂ ︽ᠢᠡᠭᠬᠡᠨ ᠰᠠᠭᠠᠯᠢ ᠶᠢᠨ ᠰᠢᠨ᠎ᠡ ᠠᠶᠠᠨ | — ᠢᠯᠢ ᠠᠯᠠᠱᠠ ᠬᠠᠮᠲᠤ ᠪᠠᠷ ᠤᠷᠤᠭᠰᠢᠯᠠᠶ᠎ᠠ︾ ᠭᠡᠬᠦ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠵᠦ᠂ ᠢᠡᠭᠬᠡᠨ ᠰᠠᠭᠠᠯᠢ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠠᠶᠠᠨ ᠢᠶᠠᠨ ᠡᠬᠢᠯᠡᠬᠦᠯᠦᠭᠰᠡᠨ ᠪᠠᠶᠢᠨ᠎ᠠ᠃ | ᠠᠯᠠᠱᠠ ᠪᠠᠷᠠᠭᠤᠨ ᠬᠤᠰᠢᠭᠤ ᠪᠣᠯ ᠮᠠᠨ ᠤ ᠤᠯᠤᠰ ᠤᠨ ᠴᠣᠷᠢ ᠶᠢᠨ ᠭᠠᠭᠴᠠ ︽ᠳᠤᠮᠳᠠᠳᠤ ᠤᠯᠤᠰ ᠤᠨ | ᠢᠡᠭᠬᠡᠨ ᠰᠦ ᠶᠢᠨ ᠨᠤᠲᠤᠭ︾ ᠪᠦᠬᠡᠳ ᠪᠤᠰᠤᠳ ᠭᠠᠵᠡᠷ ᠤᠷᠤᠨ ᠠᠴᠠ ᠣᠨᠴᠠᠭᠠᠢ ᠠᠯᠠᠱᠠ ᠶᠢᠨ ᠬᠤᠣᠰ ᠪᠥᠬᠦᠲᠦ | ᠲᠡᠮᠡᠭᠡᠨ ᠤ ᠡᠬᠢ ᠪᠠᠶᠠᠯᠢᠭ ᠲᠠᠢ ᠪᠤᠯᠬᠤᠷ᠂ ᠢᠡᠭᠬᠡᠨ ᠰᠠᠭᠠᠯᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ | ᠪᠠᠶᠢᠭᠤᠯᠤᠭᠰᠠᠨ ᠪᠠᠶᠢᠨ᠎ᠠ᠃ ᠲᠣᠰ ᠤᠳᠠᠭᠠᠨ ᠤ ᠬᠠᠮᠲᠤᠷᠠᠯᠴᠠᠭ᠎ᠠ ᠳᠤ᠂ ᠢᠯᠢ ᠪᠦᠯᠦᠭᠯᠡᠯ ᠤᠨ ᠬᠢᠨ ᠮᠡᠷᠭᠡᠵᠢᠯ ᠤᠨ | ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠤᠨ ᠠᠷᠭ᠎ᠠ ᠵᠠᠮ ᠤᠨ ᠳᠠᠪᠠᠭᠤᠯᠢᠭ ᠵᠢᠴᠢ ᠪᠥᠬᠦ ᠠᠵᠤ ᠦᠢᠯᠡᠰ ᠤᠨ | ᠬᠡᠯᠬᠢᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠪᠠᠷᠠᠭᠤᠨ ᠬᠤᠰᠢᠭᠤ ᠲᠠᠢ ᠬᠠᠮᠲᠤ ᠪᠠᠷ | ᠢᠡᠭᠬᠡᠨ ᠰᠦ ᠶᠢᠨ ᠠᠵᠤ ᠦᠢᠯᠡᠰ ᠤᠨ ᠰᠢᠨ᠎ᠡ ᠠᠷᠭ᠎ᠠ ᠵᠠᠮ ᠢ ᠰᠦᠪᠡᠭᠴᠢᠯᠡᠨ᠂ ᠠᠯᠠᠱᠠ ᠶᠢᠨ ᠴᠢᠨᠠᠷ ᠰᠠᠶᠢᠲᠠᠢ | ᠢᠡᠭᠬᠡᠨ ᠰᠦ ᠶᠢ ᠨᠠᠩ ᠥᠷᠭᠡᠨ ᠳᠡᠯᠭᠡᠷ ᠵᠠᠬ᠎ᠠ ᠳᠡᠯᠭᠡᠭᠦᠷ ᠲᠤ ᠣᠷᠣᠭᠤᠯᠵᠤ᠂ ᠠᠯᠠᠱᠠ ᠶᠢᠨ ᠬᠤᠤᠰ ᠪᠦᠬᠦᠲᠦ | ᠲᠡᠮᠡᠬᠡᠨ ᠤ ᠠᠵᠦ ᠦᠢᠯᠡᠰ ᠤᠨ ᠬᠦᠭᠵᠢᠯᠳᠠ ᠶᠢ ᠬᠦᠴᠦᠯᠠᠨ ᠠᠬᠢᠭᠤᠯᠬᠤ ᠪᠤᠯᠤᠨ᠎ᠠ᠃ | ᠠᠯᠠᠱᠠ ᠪᠠᠷᠠᠭᠤᠨ ᠬᠤᠰᠢᠭᠤ ᠲᠤᠰ ᠤᠳᠠᠭ᠎ᠠ ᠢᠯᠢ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠬᠡᠷ ᠲᠤᠭᠳᠠᠭᠰᠠᠨ ᠨᠢ ᠳᠠᠪᠠᠭᠤᠯᠢᠭ ᠡᠬᠢ ᠪᠠᠶᠠᠯᠢᠭ ᠪᠣᠯᠣᠨ ᠳᠠᠭᠠᠭᠤᠯᠤᠭᠴᠢ ᠠᠵᠤ | ᠠᠬᠤᠶᠢᠯᠠᠯ ᠤᠨ ᠬᠦᠴᠦᠷᠬᠡᠭ ᠨᠢ ᠬᠦᠴᠦᠷᠬᠡᠭ ᠲᠠᠢ ᠪᠠᠨ ᠬᠤᠯᠪᠣᠭᠠᠯᠠᠬᠤ ᠪᠠᠷ ᠪᠠᠷᠠᠬᠤ ᠦᠭᠡᠢ ᠨᠡᠩ ᠴᠤ ᠠᠵᠤ | ᠦᠢᠯᠡᠰ ᠤᠨ ᠲᠡᠰ ᠳᠡᠪᠰᠢᠬᠦ ᠬᠠᠮᠲᠤ ᠶᠢᠨ ᠲᠠᠨᠢᠯᠲᠠ ᠶᠢᠨ ᠠᠵᠢᠯᠯᠠᠭ᠎ᠠ ᠪᠣᠯᠣᠨ᠎ᠠ᠃ ᠬᠡᠯᠡᠯᠴᠡᠬᠡᠷ ᠢ ᠦᠨᠳᠦᠰᠦᠯᠠᠪᠠᠯ᠂ | ᠬᠤᠶᠠᠷ ᠲᠠᠯ᠎ᠠ ᠪᠠᠷ ᠢᠶᠠᠨ ᠰᠢᠮ᠎ᠡ ᠲᠡᠵᠢᠭᠡᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ᠂ | ᠪᠠᠷᠢᠮᠵᠢᠶ᠎ᠠ ᠲᠣᠭᠲᠠᠭᠠᠬᠤ ᠵᠡᠷᠭᠡ ᠵᠠᠩᠭᠢᠯᠠᠭ᠎ᠠ ᠶᠢᠨ ᠲᠠᠯ᠎ᠠ ᠪᠠᠷ ᠬᠠᠷᠢᠯᠴᠠᠨ ᠬᠠᠮᠵᠢᠯᠴᠠᠵᠦ᠂ ᠥᠨᠳᠥᠷ ᠴᠢᠨᠡᠷ | ᠴᠢᠨᠰᠠᠭ᠎ᠠ ᠪᠠᠷ ᠭᠤᠣᠯ ᠪᠣᠯᠭᠠᠭᠰᠠᠨ ᠢᠡᠭᠬᠡᠨ ᠰᠦ ᠶᠢᠨ ᠠᠵᠤ ᠦᠢᠯᠡᠰ ᠤᠨ ᠠᠮᠢ ᠠᠬᠤᠢ ᠶᠢ ᠡᠭᠦᠳᠤᠨ᠂ ᠢᠡᠭᠬᠡᠨ | ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠪᠤᠯᠤᠨ᠎ᠠ᠃ | ᠤᠶᠢᠷ᠎ᠠ ᠶᠢᠨ ᠵᠢᠯ ᠠᠴᠠ᠂ ᠠᠯᠠᠱᠠ ᠪᠠᠷᠠᠭᠤᠨ ᠬᠤᠰᠢᠭᠤ ᠪᠦᠬᠦ ᠤᠯᠤᠰ ᠤᠨ ᠲᠡᠮᠡᠭᠡᠨ ᠤ ᠠᠵᠤ ᠦᠢᠯᠡᠰ ᠤᠨ | ᠬᠠᠮᠤᠭ ᠤᠨ ᠲᠤᠮᠤ ᠵᠢᠱᠢᠶ᠎ᠠ ᠦᠵᠡᠬᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠵᠤ᠂ ᠠᠯᠠᠱᠠ ᠶᠢᠨ ᠬᠤᠣᠰ ᠪᠥᠬᠦᠲᠦ | ᠲᠡᠮᠡᠭᠡ ᠪᠠᠷ ᠭᠤᠣᠯᠯᠠᠭᠤᠯᠤᠭᠰᠠᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠰᠠᠭᠤᠷᠢᠨ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ᠂ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠰᠠᠭᠤᠷᠢᠨ ᠵᠡᠷᠭᠡ ᠰᠠᠭᠤᠷᠢ ᠪᠦᠲᠦᠬᠡᠨ ᠪᠠᠶᠢᠭᠤᠯᠤᠯᠳᠠ ᠶᠢ ᠲᠦᠷᠭᠡᠳᠬᠡᠨ | ᠪᠠᠶᠢᠭᠤᠯᠵᠤ᠂ ᠲᠡᠮᠡᠭᠡᠨ ᠤ ᠠᠵᠤ ᠦᠢᠯᠡᠰ ᠤᠨ ᠪᠥᠬᠦ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠨ᠂ ᠪᠥᠬᠦ | ᠬᠤᠰᠢᠭᠤᠨ ᠤ ᠲᠡᠮᠡᠭᠡ ᠲᠡᠵᠢᠭᠡᠨ ᠦᠷᠡᠵᠢᠭᠦᠯᠬᠦ ᠶᠢ ᠲᠤᠰᠬᠠᠶᠢᠵᠢᠭᠤᠯᠬᠤ᠂ ᠡᠳ᠋ᠰᠢᠭᠦᠯᠦᠨ ᠠᠵᠤ ᠤᠢᠢᠯᠡᠰᠵᠢᠭᠦᠯᠬᠦ᠂ | ᠰᠢᠨᠵᠢᠯᠡᠭᠡ ᠮᠡᠷᠭᠡᠵᠢᠯ ᠤᠨ ᠰᠤᠳᠤᠯᠤᠨ ᠨᠡᠭᠡᠭᠡᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠭᠰᠠᠭᠠᠷ | ᠢᠷᠡᠭᠰᠡᠨ ᠪᠠᠶᠢᠨ᠎ᠠ᠃ |