︽ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2025—2027 ᠣᠨ︶︾ ᠢ ᠳᠠᠷᠤᠮᠠᠯᠯᠠᠨ ᠳᠠᠷᠬᠠᠭᠠᠬᠤ ᠲᠤᠬᠠᠶ ᠠᠯᠠᠱᠠ ᠠᠶᠢᠮᠠᠭ ᠤᠨ ᠵᠠᠬᠢᠷᠭ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2025/4/29
ᠡᠯ᠎ᠡ ᠬᠤᠰᠢᠭᠤ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ᠂ ᠲᠥᠪ᠂ ᠥᠪᠡᠷᠲᠡᠭᠡᠨ ᠵᠠᠰᠠᠬᠤ ᠣᠷᠣᠨ ᠤ ᠠᠶᠢᠮᠠᠭ ᠲᠤ ᠰᠠᠭᠤᠭ᠎ᠠ ᠡᠯ᠎ᠡ ᠨᠢᠭᠡᠴᠡ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠳᠤ᠄    ︽ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵2025—2027 ᠣᠨ︶︾ ᠢ ᠠᠶᠢᠮᠠᠭ ᠤᠨ ᠵᠠᠬᠢᠷᠭ᠎ᠠ ᠶᠢᠨ 2025 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ  ᠳᠠᠷᠬᠠᠭᠠᠶ᠎ᠠ ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠬᠦᠯᠦᠭᠡᠷᠡᠢ᠃      ︵ᠳᠣᠰ ᠪᠢᠴᠢᠭ ᠮᠠᠲ᠋ᠧᠷᠢᠶᠠᠯ ᠢ ᠢᠯᠡ ᠨᠡᠶᠢᠳᠡᠯᠡᠨ᠎ᠡ︶     ᠠᠯᠠᠱᠠ ᠠᠶᠢᠮᠠᠭ ᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ                        ︵2025—2027 ᠤᠨ︶    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠂ ᠠᠯᠠᠱᠠ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠪᠠᠲᠤᠯᠠᠭ᠎ᠠ ᠶᠢ ᠴᠢᠩᠭᠠᠳᠬᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠳᠣᠤᠷᠠᠬᠢ ᠬᠡᠷᠡᠭᠵᠢᠭᠦᠯᠬᠦ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠵᠦ᠂ ᠨᠢᠭᠡ ᠭᠤᠣᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽157︾ ᠰᠡᠳᠬᠢᠴᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠢ ᠶᠢ ᠬᠥᠭᠵᠢᠭᠦᠯᠬᠦ᠂ ᠠᠵᠢᠯ ᠣᠯᠭᠤᠯᠲᠠ ᠶᠢ ᠳᠡᠭᠡᠭᠰᠢᠯᠡᠭᠦᠯᠬᠦ᠂ ᠠᠵᠤ ᠦᠢᠯᠡᠰ ᠢ ᠳᠠᠶᠢᠴᠢᠯᠠᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠵᠦ᠂ ᠪᠦᠬᠦ ᠬᠥᠳᠡᠯᠮᠦᠷᠢᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠳᠠ ᠦᠭᠡᠢ ᠬᠥᠭᠵᠢᠭᠡᠵᠦ᠂ ᠠᠵᠤ ᠠᠬᠤᠢ ᠶᠢᠨ ᠨᠡᠮᠡᠭᠳᠡᠯ ᠪᠣᠯᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠪᠡᠶᠡᠯᠡᠬᠦᠯᠦᠨ᠎ᠡ᠃ 2027 ᠣᠨ ᠪᠣᠯᠬᠤ ᠳᠤ᠂ ᠪᠥᠬᠦ ᠠᠶᠢᠮᠠᠭ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠬᠠᠷᠢᠴᠠᠯᠠᠰᠢᠭᠦᠶ ᠥᠷᠲᠡᠭ ᠢ ᠦᠷᠭᠦᠯᠵᠢᠯᠡᠨ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠵᠣ᠂ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠢᠯᠡᠳᠲᠡ ᠣᠯᠠᠰᠢᠷᠠᠵᠦ᠂ ᠬᠤᠲᠠ ᠬᠥᠳᠡᠭᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠬᠠᠮᠲᠤ ᠪᠠᠷ ᠪᠠᠶᠠᠵᠢᠬᠤ ᠶᠢ ᠠᠬᠢᠴᠠ ᠲᠠᠢ ᠪᠣᠯᠭᠠᠬᠤ ᠶᠢ ᠠᠬᠢᠭᠤᠯᠤᠨ᠎ᠠ᠃     ᠬᠤᠶᠠᠷ᠂ ᠭᠤᠣᠯ ᠡᠭᠦᠷᠭᠡ     ︵ᠨᠢᠭᠡ︶ ᠠᠵᠢᠯ ᠣᠯᠭᠤᠯᠲᠠ ᠶᠢ ᠲᠡᠷᠢᠭᠦᠨ ᠳᠤ ᠲᠠᠯᠪᠢᠵᠤ᠂ ᠴᠠᠯᠢᠩ ᠤᠨ ᠴᠢᠨᠠᠷᠲᠠᠶ ᠣᠷᠣᠯᠭ᠎ᠠ ᠶᠢ ᠦᠷᠭᠦᠯᠵᠢᠯᠡᠨ ᠨᠡᠮᠡᠭᠳᠡᠬᠦᠯᠦᠨ᠎ᠡ     1. ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ᠠᠵᠤ ᠠᠬᠤᠶ ᠶᠢᠨ ᠬᠥᠭᠵᠢᠯᠲᠡ ᠪᠠᠷ ᠠᠵᠢᠯ ᠣᠯᠭᠤᠯᠲᠠ ᠶᠢ ᠠᠬᠢᠭᠤᠯᠬᠤ ᠤᠳᠤᠷᠢᠳᠤᠮᠵᠢ ᠶᠢ ᠪᠠᠷᠢᠮᠲᠠᠯᠠᠵᠤ᠂ ᠪᠥᠬᠦ ᠠᠶᠢᠮᠠᠭ ᠤᠨ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠪᠣᠭᠤᠮᠲᠠ ᠶᠢᠨ ᠠᠵᠤ ᠠᠬᠤᠶ ᠵᠡᠷᠭᠡ 10 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠣᠲᠣ ᠦᠶ᠎ᠡ ᠶᠢᠨ ᠠᠵᠤ ᠦᠢᠯᠡᠰ ᠤᠨ ᠳᠣᠭᠳᠠᠯᠴᠠᠭ᠎ᠠ ᠶᠢ ᠲᠦᠷᠬᠡᠨ ᠪᠠᠶᠢᠭᠤᠯᠵᠤ᠂ ᠠᠵᠤ ᠦᠢᠯᠡᠰ ᠤᠨ ᠬᠡᠪᠴᠢᠶ᠎ᠡ ᠶᠢ ᠥᠷᠭᠡᠳᠬᠡᠨ᠂ ᠠᠵᠤ ᠦᠢᠯᠡᠰ ᠤᠨ ᠬᠢᠷᠢ ᠳᠦᠪᠰᠢᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠴᠢᠨᠠᠷ ᠰᠠᠶᠢᠲᠠᠶ ᠬᠥᠭᠵᠢᠯᠲᠡ ᠬᠢᠭᠡᠳ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠰᠠᠶᠢᠨ ᠣᠷᠴᠢᠯ ᠢ ᠪᠣᠶ ᠪᠣᠯᠭᠠᠬᠤ ᠶᠢ ᠠᠬᠢᠭᠤᠯᠤᠨ᠎ᠠ᠃ ᠠᠵᠤ ᠠᠬᠤᠶ ᠶᠢᠨ ᠬᠥᠭᠵᠢᠯᠲᠡ ᠶᠢᠨ ᠠᠵᠢᠯ ᠣᠯᠭᠤᠯᠲᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠᠷ ᠳᠠᠮᠵᠢᠭᠤᠯᠤᠨ ᠠᠵᠢᠯ ᠤᠨ ᠪᠠᠶᠢᠷᠢ ᠶᠢ ᠳᠠᠶᠢᠴᠢᠯᠠᠨ᠂ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠷ ᠠᠵᠢᠯ ᠣᠯᠭᠤᠯᠲᠠ ᠶᠢᠨ ᠨᠡᠮᠡᠭᠳᠡᠯ ᠤᠨ ᠬᠡᠮᠵᠢᠶ᠎ᠡ ᠶᠢ ᠳᠠᠶᠢᠴᠢᠯᠠᠨ᠂ ᠠᠵᠢᠯ ᠣᠯᠭᠤᠬᠤ ᠪᠠᠭᠲᠠᠭᠠᠮᠵᠢ ᠶᠢ ᠥᠷᠭᠡᠳᠬᠡᠵᠦ᠂ ᠦᠯᠡᠳᠡᠭᠡᠯ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠥᠷᠭᠡᠳᠬᠡᠵᠦ ᠴᠢᠳᠠᠪᠤᠷᠢ ᠪᠠᠨ ᠥᠷᠭᠡᠳᠬᠡᠨ ᠠᠵᠢᠯ ᠣᠯᠭᠤᠯᠲᠠ ᠶᠢ ᠥᠷᠭᠡᠳᠬᠡᠬᠦ ᠶᠢ ᠳᠡᠮᠵᠢᠨ᠎ᠡ᠃ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ᠵᠠᠯᠠᠭᠤᠴᠤᠳ ᠤᠨ ᠠᠵᠢᠯ ᠤᠯᠬᠤ ᠦᠵᠡᠯᠲᠡ ᠪᠠᠨ ᠬᠤᠪᠢᠷᠠᠭᠤᠯᠬᠤ ᠶᠢ ᠬᠥᠲᠥᠯᠥᠨ ᠵᠢᠯᠣᠭᠤᠳᠴᠤ᠂ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠠᠵᠢᠯ ᠠᠯᠳᠠᠯᠲᠠ ᠶᠢᠨ ᠳᠠᠭᠠᠳᠬᠠᠯ ᠤᠨ ᠠᠮᠢᠳᠤᠷᠠᠯ ᠢ ᠪᠠᠲᠤᠯᠠᠬᠤ᠂ ᠠᠵᠢᠯ ᠠᠯᠳᠠᠯᠲᠠ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ ᠴᠢᠳᠠᠮᠵᠢ ᠶᠢ ᠭᠦᠢᠴᠡᠳ ᠪᠠᠳᠠᠷᠠᠭᠤᠯᠤᠨ᠂ ᠳᠤᠮᠳᠠ ᠵᠢᠵᠢᠭ ᠠᠵᠤ ᠠᠬᠤᠶᠢᠯᠠᠯ ᠪᠣᠯᠤᠨ ᠨᠢᠭᠡᠴᠡ ᠶᠢᠨ ᠬᠡᠯᠪᠡᠷᠢ ᠪᠠᠷ ᠳᠠᠭᠠᠳᠬᠠᠯ ᠳᠤ ᠣᠷᠣᠯᠴᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠳᠠᠷᠤᠭᠠᠰᠤ  ᠶᠢ ᠦᠷᠭᠦᠯᠵᠢᠯᠡᠨ ᠬᠥᠩᠭᠡᠷᠡᠭᠦᠯᠵᠦ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ  ᠶᠢ ᠲᠣᠭᠲᠠᠪᠤᠷᠢᠵᠢᠭᠤᠯᠤᠨ᠎ᠠ᠃  ᠠᠵᠢᠯ  ᠤᠨ ᠪᠠᠶᠢᠷᠢ  ᠶᠢ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠵᠦ᠂ ᠠᠮᠢᠳᠤᠯᠢᠭ  ᠢᠶᠠᠷ ᠠᠵᠢᠯ ᠣᠯᠭᠤᠬᠤ  ᠪᠠ ᠰᠢᠨ᠎ᠡ ᠠᠵᠢᠯ ᠣᠯᠭᠤᠬᠤ ᠬᠡᠯᠪᠡᠷᠢ ᠪᠠᠶᠢᠳᠠᠯ  ᠳᠤ ᠲᠥᠷᠥ  ᠶᠢᠨ ᠪᠣᠳᠣᠯᠭ᠎ᠠ  ᠶᠢᠨ ᠳᠡᠮᠵᠢᠯᠭᠡ ᠦᠵᠡᠭᠦᠯᠬᠦ ᠶᠢ ᠴᠢᠩᠭᠠᠳᠬᠠᠨ᠎ᠠ᠃    2. ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠳᠡᠮᠵᠢᠨ᠎ᠡ᠃ ᠲᠥᠷᠥᠯ ᠬᠤᠪᠢᠶᠠᠨ ᠦᠨᠳᠦᠰᠦᠨ ᠵᠦᠢᠯ ᠢ ᠪᠠᠲᠤᠯᠠᠨ ᠬᠠᠪᠰᠤᠷᠤᠨ ᠲᠡᠳᠬᠦᠬᠦ ᠪᠠ ᠦᠨᠡᠨ ᠨᠡᠷ᠎ᠡ ᠶᠢᠨ ᠲᠦᠷᠢᠮ ᠤᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠵᠦ ᠠᠵᠢᠯ ᠣᠯᠭᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠦᠢᠯᠡᠳᠦᠯᠭᠡ ᠪᠠᠷ ᠬᠥᠲᠥᠯᠥᠨ ᠵᠢᠯᠣᠭᠤᠳᠬᠤ᠂ ᠲᠥᠷᠥᠯ ᠬᠤᠪᠢᠶᠠᠨ ᠵᠢᠯᠣᠭᠤᠳᠬᠤ ᠪᠠ ᠳᠠᠭᠠᠵᠦ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠵᠠᠯᠠᠭᠤᠴᠤᠳ ᠢ ᠬᠠᠪᠰᠤᠷᠤᠨ ᠵᠠᠬ᠎ᠠ ᠳᠡᠯᠭᠡᠭᠦᠷᠴᠢᠯᠡᠨ ᠠᠵᠢᠯ ᠣᠯᠭᠤᠬᠤ ᠶᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠠᠵᠢᠯᠯᠠᠭ᠎ᠠ ᠶᠢᠨ ᠲᠣᠭᠤᠷᠢᠨ ᠳᠤ᠂ ︽ᠪᠠᠷᠠᠭᠤᠨ ᠣᠷᠣᠨ ᠤ ᠰᠠᠶᠢᠨ ᠳᠤᠷᠠᠴᠤᠳ︾᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠵᠡᠷᠭᠡ ᠦᠨᠳᠦᠰᠦᠨ ᠱᠠᠲᠤᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠣᠴᠢᠵᠤ ᠠᠵᠢᠯ ᠤᠯᠬᠤ ᠶᠢ ᠵᠣᠷᠢᠭᠵᠢᠭᠤᠯᠤᠨ ᠬᠥᠲᠥᠯᠦᠨ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠳᠠᠳᠤᠯᠭ᠎ᠠ ᠬᠢᠬᠦ ᠪᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠳᠤ ᠣᠷᠣᠯᠴᠠᠬᠤ ᠶᠢ ᠳᠡᠮᠵᠢᠨ᠎ᠡ᠃ ︽ᠤᠷᠢᠬᠠᠨ ᠰᠠᠯᠬᠢᠨ ᠤ ᠠᠵᠢᠯᠯᠠᠭ᠎ᠠ︾᠂ ︽ᠬᠦᠯᠦᠰᠦᠨ ᠠᠵᠢᠯᠴᠢᠨ ᠳᠤ ᠬᠠᠯᠠᠮᠵᠢ ᠬᠦᠷᠳᠡᠭᠡᠬᠦ︾ ᠵᠡᠷᠭᠡ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠡᠮᠬᠢ ᠵᠢᠷᠤᠮ ᠲᠠᠢ ᠪᠠᠷ ᠨᠡᠭᠡᠭᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠲᠤᠰ ᠭᠠᠵᠠᠷ ᠲᠤᠨᠢ ᠣᠶᠢᠷ᠎ᠠ ᠬᠠᠪᠢ ᠳᠤᠨᠢ ᠠᠵᠢᠯ ᠣᠯᠭᠤᠬᠤ ᠶᠢ ᠠᠬᠢᠭᠤᠯᠣᠨ᠎ᠠ᠃ ᠴᠡᠷᠢᠭ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠥᠷᠭᠡᠳᠬᠡᠵᠦ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠣᠯᠵᠤ ᠦᠢᠯᠡᠰ ᠪᠤᠰᠬᠠᠬᠤ ᠶᠢ ᠳᠡᠮᠵᠢᠵᠦ᠂ ᠲᠣᠭᠲᠠᠭᠠᠯ ᠶᠣᠰᠣᠭᠠᠷ ᠴᠡᠷᠢᠭ ᠠᠴᠠ ᠬᠠᠯᠠᠭᠳᠠᠭᠰᠠᠳ ᠢ ᠤᠳᠤ ᠪᠠᠶᠢᠭ᠎ᠠ ᠠᠵᠢᠯ ᠣᠯᠭᠤᠯᠲᠠ ᠶᠢᠨ ᠦᠢᠯᠡᠴᠢᠯᠡᠭᠡ᠂ ᠬᠥᠮᠦᠵᠢᠯ ᠪᠣᠯᠪᠠᠰᠤᠷᠠᠯ ᠵᠡᠷᠭᠡ ᠲᠡᠳᠬᠦᠬᠦ ᠲᠦᠷᠦ ᠶᠢᠨ ᠪᠤᠳᠤᠯᠭ᠎ᠠ ᠶᠢᠨ ᠬᠠᠮᠤᠷᠬᠤ ᠬᠡᠪᠴᠢᠶᠡᠨ ᠳᠤ ᠣᠷᠣᠭᠤᠯᠵᠤ᠂ ᠴᠡᠷᠢᠭ ᠠᠴᠠ ᠬᠠᠯᠠᠭᠳᠠᠭᠰᠠᠳ ᠤᠨ ᠵᠣᠬᠢᠴᠠᠬᠤ ᠴᠢᠨᠠᠷᠲᠠᠢ ᠪᠣᠯᠪᠠᠰᠤᠷᠠᠯ ᠢ ᠶᠡᠭᠡ ᠪᠠᠷ ᠠᠬᠢᠭᠤᠯᠣᠨ᠎ᠠ᠃ ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠵᠡᠮᠳᠡᠭᠴᠦᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ  ᠳᠡᠳᠬᠦᠨ᠎ᠡ᠃    3. ᠠᠵᠤ ᠠᠬᠤᠶᠢᠯᠠᠯ ᠤᠨ ᠴᠠᠯᠢᠩ ᠤᠨ ᠨᠡᠮᠡᠭᠳᠡᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠤᠨ ᠴᠠᠯᠢᠩ ᠬᠥᠯᠥᠰᠥ ᠶᠢ ᠪᠠᠶᠢᠴᠠᠭᠠᠬᠤ ᠪᠠ ᠮᠡᠳᠡᠭᠡ ᠵᠠᠩᠭᠢ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠬᠢᠭᠡᠳ ᠠᠵᠤ ᠠᠬᠤᠶ ᠶᠢᠨ ᠨᠡᠮᠡᠭᠳᠡᠯ᠂ ᠨᠡᠶᠢᠭᠡᠮ ᠤᠨ ᠳᠤᠮᠳᠠᠴᠢ ᠴᠠᠯᠢᠩ ᠤᠨ ᠨᠡᠮᠡᠭᠳᠡᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠣᠷᠢᠵᠢᠭᠤᠯᠣᠨ᠎ᠠ᠃ ᠠᠵᠤ ᠠᠬᠤᠶᠢᠯᠠᠯ ᠤᠨ ᠴᠠᠯᠢᠩ ᠢ ᠬᠠᠮᠲᠤᠪᠠᠷ ᠵᠥᠪᠳᠡᠯᠴᠡᠬᠦ ᠳᠦᠷᠢᠮ ᠢ ᠬᠡᠷᠡᠭᠵᠢᠭᠦᠯᠦᠨ᠂ ᠠᠵᠤ ᠠᠬᠤᠶᠢᠯᠠᠯ ᠤᠳ ᠢ ᠵᠣᠷᠢᠭᠵᠢᠭᠤᠯᠵᠤ ᠪᠠᠶᠢᠭᠠᠳ ᠮᠡᠷᠭᠡᠵᠢᠯ ᠤᠨ ᠬᠦᠴᠦᠨ ᠵᠦᠢᠯ ᠤᠨ ᠬᠤᠪᠢᠶᠠᠷᠢᠯᠠᠯᠲᠠ ᠳᠤ ᠣᠷᠣᠯᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠴᠠᠯᠢᠩ ᠤᠨ ᠬᠤᠪᠢᠶᠠᠷᠢᠯᠠᠯᠲᠠ ᠶᠢ ᠠᠵᠢᠯ ᠤᠨ ᠪᠠᠶᠢᠷᠢ ᠶᠢᠨ ᠦᠨ᠎ᠡ ᠥᠷᠲᠡᠭ᠂ ᠮᠡᠷᠭᠡᠵᠢᠯ ᠴᠢᠳᠠᠪᠤᠷᠢ ᠶᠢᠨ ᠬᠡᠪ ᠴᠢᠨᠠᠷ᠂ ᠪᠣᠳᠠᠲᠠᠶ ᠬᠤᠪᠢ ᠨᠡᠮᠡᠷᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠵᠡᠷᠭᠡ ᠬᠦᠴᠦᠨ ᠵᠦᠢᠯ ᠯᠦᠭᠡ ᠬᠤᠯᠪᠣᠭᠳᠠᠭᠤᠯᠵᠤ᠂ ᠵᠥᠪᠯᠡᠯᠴᠡᠭᠡᠷ ᠤᠨ ᠴᠠᠯᠢᠩ᠂ ᠲᠥᠷᠥᠯ ᠵᠦᠢᠯ ᠤᠨ ᠴᠠᠯᠢᠩ᠂ ᠠᠵᠢᠯ ᠤᠨ ᠪᠠᠶᠢᠷᠢ ᠶᠢᠨ ᠣᠷᠣᠯᠭ᠎ᠠ ᠬᠤᠪᠢᠶᠠᠬᠤ᠂ ᠲᠥᠷᠥᠯ ᠵᠦᠢᠯ ᠤᠨ ᠠᠰᠢᠭ ᠣᠯᠵᠠᠪᠤᠷᠢ ᠬᠤᠪᠢᠶᠠᠷᠢᠯᠠᠬᠤ᠂ ᠰᠲ᠋ᠣᠺ ᠤᠨ ᠡᠷᠬᠡ ᠪᠠᠷ ᠤᠷᠮᠠᠰᠢᠭᠤᠯᠬᠤ ᠵᠡᠷᠭᠡ ᠣᠯᠠᠨ ᠵᠦᠢᠯ ᠤᠨ ᠬᠤᠪᠢᠶᠠᠷᠢᠯᠠᠯᠲᠠ ᠶᠢᠨ ᠬᠡᠯᠪᠡᠷᠢ ᠶᠢ ᠰᠦᠪᠡᠭᠴᠢᠯᠡᠵᠦ᠂ ᠠᠵᠢᠯᠯᠠᠭᠰᠠᠳ ᠤᠨ ᠣᠷᠣᠯᠭ᠎ᠠ ᠶᠢᠨ ᠵᠦᠢ ᠵᠣᠬᠢᠰᠲᠠᠶ ᠨᠡᠮᠡᠭᠳᠡᠬᠦ ᠶᠢ ᠠᠬᠢᠭᠤᠯᠣᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠠᠪᠠᠭᠤᠯᠢᠭ ᠲᠠᠢ ᠭᠤᠤᠯᠯᠠᠬᠤ ᠴᠢᠳᠠᠪᠤᠷᠢᠲᠠᠨ ᠤ ᠴᠠᠯᠢᠩ ᠬᠥᠯᠥᠰᠥ ᠶᠢᠨ ᠲᠦᠷᠢᠮ ᠢ ᠪᠠᠶᠢᠭᠤᠯᠤᠨ᠂ ᠴᠠᠯᠢᠩ ᠬᠥᠯᠥᠰᠥ ᠶᠢᠨ ᠬᠤᠪᠢᠶᠠᠷᠢᠯᠠᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠤᠷᠢᠲᠠᠨ ᠪᠠ ᠡᠮᠦᠨ᠎ᠡ ᠹᠷᠣᠨᠲ ᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠬᠠᠷᠠᠭᠠᠯᠵᠠᠬᠤ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠴᠢᠨᠠᠷ ᠴᠢᠨᠰᠠᠭ᠎ᠠ᠂ ᠠᠮᠵᠢᠯᠲᠠ ᠪᠦᠲᠦᠮᠵᠢ᠂ ᠬᠤᠪᠢ ᠨᠡᠮᠡᠷᠢ ᠪᠠᠷ ᠭᠤᠣᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠨᠡᠯᠡᠬᠦ ᠳᠣᠭᠳᠠᠯᠴᠠᠭ᠎ᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠠᠰᠢᠭ ᠣᠷᠣᠯᠭ᠎ᠠ ᠶᠢ ᠬᠤᠪᠢᠶᠠᠷᠢᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠴᠢᠯᠥᠭᠡᠲᠦ ᠠᠵᠢᠯ ᠮᠡᠷᠭᠡᠵᠢᠯ ᠤᠨ ᠲᠤᠰᠬᠠᠶ ᠠᠵᠢᠯᠲᠠᠨ ᠤ ᠮᠡᠷᠭᠡᠵᠢᠯ ᠤᠨ ᠴᠣᠯᠠ ᠮᠡᠳᠡᠭᠦᠯᠬᠦ ᠪᠠ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠦᠨᠡᠯᠡᠨ ᠳᠣᠭᠳᠠᠭᠠᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠣᠨᠴᠠ ᠲᠠᠰ ᠤᠨ ᠮᠠᠰᠲ᠋ᠧᠷ᠂ ᠲᠡᠷᠢᠭᠦᠨ ᠮᠠᠰᠲ᠋ᠧᠷ ᠢ ᠰᠢᠯᠭᠠᠷᠠᠭᠤᠯᠤᠨ ᠤᠷᠢᠬᠤ ᠲᠤᠷᠰᠢᠯᠲᠠ ᠶᠢ ᠥᠷᠨᠢᠭᠦᠯᠦᠨ᠂ ᠮᠡᠷᠭᠡᠵᠢᠯ ᠤᠨ ᠴᠢᠳᠠᠪᠤᠷᠢᠲᠠᠳ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃    4. ᠵᠠᠰᠠᠭ ᠵᠠᠬᠢᠷᠭᠠᠨ ᠤ ᠪᠠᠶᠢᠭᠤᠯᠭ᠎ᠠ ᠪᠣᠯᠤᠨ ᠠᠵᠢᠯ ᠦᠢᠯᠡᠰ ᠤᠨ ᠨᠢᠭᠡᠴᠡ ᠶᠢᠨ ᠴᠠᠯᠢᠩ ᠢ ᠥᠰᠬᠡᠬᠦ ᠲᠣᠭᠲᠠᠴᠠ ᠶᠢ ᠪᠠᠶᠢᠭᠤᠯᠣᠨ᠎ᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠴᠠᠯᠢᠩ ᠤᠨ ᠪᠠᠷᠢᠮᠵᠢᠶ᠎ᠠ ᠪᠣᠯᠤᠨ ᠬᠠᠲᠠᠭᠤᠵᠢᠯᠲᠠᠶ ᠬᠢᠯᠢ ᠬᠢᠵᠠᠭᠠᠷ ᠣᠷᠣᠨ ᠤ ᠨᠡᠮᠡᠭᠦᠷᠢ ᠵᠣᠭᠤᠰᠣᠨ ᠤ ᠪᠠᠷᠢᠮᠵᠢᠶ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠤᠬᠠᠶ ᠤᠯᠤᠰ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠤᠰ ᠠᠴᠠ ᠬᠠᠲᠠᠭᠤᠵᠢᠯᠲᠠᠶ ᠬᠢᠯᠢ ᠬᠢᠵᠠᠭᠠᠷ ᠣᠷᠣᠨ ᠤ ᠨᠡᠮᠡᠭᠦᠷᠢ ᠵᠣᠭᠤᠰᠣᠨ ᠤ ᠪᠠᠷᠢᠮᠵᠢᠶ᠎ᠠ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠯᠲᠠ ᠶᠢ ᠦᠨᠳᠦᠰᠦᠯᠡᠨ᠂ ᠠᠮᠵᠢᠯᠲᠠ ᠪᠦᠲᠦᠮᠵᠢ ᠶᠢᠨ ᠱᠠᠩᠨᠠᠯ ᠤᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠰᠤᠮᠤ ᠰᠢᠶᠠᠩ ᠪᠠᠯᠭᠠᠰᠤ ᠶᠢᠨ ᠠᠵᠢᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠨᠥᠬᠦᠴᠡᠯ ᠳᠤ ᠨᠡᠶᠢᠴᠡᠬᠦ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠳᠤ ᠠᠯᠪᠠᠲᠠᠨ ᠤ ᠪᠠᠷᠢᠮᠵᠢᠶ᠎ᠠ ᠪᠠᠷ ᠯᠠᠪᠯᠠᠯᠲᠠ ᠪᠣᠯᠭᠠᠨ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠣᠯᠭᠤᠨ᠎ᠠ᠃ ᠠᠵᠢᠯ ᠦᠢᠯᠡᠰ ᠤᠨ ᠨᠢᠭᠡᠴᠡ ᠶᠢᠨ ᠲᠥᠷᠥᠯ ᠬᠤᠪᠢᠶᠠᠬᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠵᠢᠯ ᠦᠢᠯᠡᠰ ᠤᠨ ᠨᠢᠭᠡᠴᠡ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠲᠥᠷᠥ ᠶᠢᠨ ᠪᠣᠳᠣᠯᠭ᠎ᠠ ᠪᠣᠯᠤᠨ ᠳᠡᠭᠡᠳᠦ ᠳᠡᠰ ᠤᠨ ᠴᠢᠳᠠᠪᠤᠷᠢᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠵᠢᠴᠢ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠠᠵᠢᠯᠯᠠᠭᠰᠠᠨ ᠤᠨ ᠵᠢᠯ ᠢ ᠨᠡᠮᠡᠭᠰᠡᠨ ᠤ ᠳᠠᠷᠠᠭ᠎ᠠ ᠬᠠᠷᠠᠭᠠᠯᠵᠠᠭᠰᠠᠨ ᠲᠠᠰ ᠤᠨ ᠴᠠᠯᠢᠩ ᠪᠤᠶᠤ ᠠᠵᠢᠯ ᠤᠨ ᠪᠠᠶᠢᠷᠢ ᠶᠢᠨ ᠴᠠᠯᠢᠩ ᠢ ᠣᠯᠭᠤᠵᠦ᠂ ᠠᠯᠪᠠᠲᠠᠨ ᠤ ᠴᠠᠯᠢᠩ ᠤᠨ ᠲᠣᠬᠢᠷᠠᠭᠤᠯᠤᠯᠲᠠ ᠶᠢ ᠳᠦᠷᠢᠮᠴᠢᠯᠡᠬᠦ ᠶᠢ ᠠᠬᠢᠭᠤᠯᠵᠤ᠂ ᠠᠯᠪᠠᠲᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠣᠭᠳᠠᠯᠴᠠᠭ᠎ᠠ ᠶᠢ ᠪᠦᠷᠢᠨᠰᠢᠭᠦᠯᠵᠦ᠂ ᠭᠠᠵᠠᠷ ᠣᠷᠣᠨ ᠤ ᠨᠡᠮᠡᠯᠲᠡ ᠨᠡᠮᠡᠭᠦᠷᠢ ᠶᠢᠨ ᠳᠦᠷᠢᠮ ᠢ ᠬᠡᠷᠡᠭᠵᠢᠭᠦᠯᠵᠦ᠂ ᠠᠳᠠᠯᠢ ᠬᠤᠲᠠ ᠳᠤ ᠠᠳᠠᠯᠢ ᠣᠯᠭᠤᠮᠵᠢ ᠣᠯᠭᠤᠬᠤ ᠶᠢ ᠪᠡᠶᠡᠯᠡᠭᠦᠯᠦᠨ᠎ᠡ᠃    5. ᠠᠵᠢᠯ ᠣᠯᠭᠤᠬᠤ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠨ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠪᠣᠯᠪᠠᠰᠤᠷᠠᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠨᠠᠷ ᠰᠠᠶᠢᠲᠠᠶ ᠪᠣᠯᠪᠠᠰᠤᠷᠠᠯ ᠢᠶᠠᠷ ᠴᠢᠨᠠᠷ ᠰᠠᠶᠢᠲᠠᠶ ᠠᠵᠢᠯ ᠣᠯᠭᠤᠯᠲᠠ ᠶᠢ ᠠᠬᠢᠭᠤᠯᠤᠨ᠎ᠠ᠃ ᠮᠡᠷᠭᠡᠵᠢᠯ ᠴᠢᠳᠠᠪᠤᠷᠢ ᠪᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠮᠡᠷᠭᠡᠵᠢᠯ ᠴᠢᠳᠠᠪᠤᠷᠢ ᠲᠠᠢ ᠴᠢᠳᠠᠪᠤᠷᠢᠲᠠᠨ ᠢ ᠬᠥᠮᠥᠵᠢᠭᠦᠯᠬᠦ ᠶᠠᠪᠣᠴᠠ ᠳᠠᠬᠢ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠳᠤᠮᠳᠠᠳᠤ ᠤᠯᠤᠰ ᠤᠨ ᠣᠨᠴᠠᠯᠢᠭ ᠪᠦᠬᠦᠢ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠨᠥᠬᠦᠪᠥᠷᠢ ᠶᠢᠨ ᠴᠢᠨᠠᠷᠲᠠᠶ ᠪᠣᠯᠪᠠᠰᠤᠷᠠᠯ ᠥᠷᠨᠢᠭᠦᠯᠬᠦ ᠪᠠᠷ ᠭᠤᠶᠤᠴᠢᠯᠠᠭᠰᠠᠨ ᠪᠥᠭᠡᠳ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠳᠤ ᠨᠥᠬᠦᠪᠥᠷᠢ ᠶᠢᠨ ᠪᠡᠯᠡ ᠮᠥᠩᠭᠦ ᠶᠢᠨ ᠳᠡᠮᠵᠢᠯᠭᠡ ᠦᠵᠡᠬᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠪᠠ ᠠᠵᠢᠯ ᠲᠥᠷᠥᠯ ᠤᠨ ᠠᠵᠤ ᠠᠬᠤᠶᠢᠯᠠᠯ ᠢᠶᠠᠷ ᠭᠤᠤᠯ ᠪᠣᠯᠭᠠᠭᠰᠠᠨ ᠣᠯᠠᠨ ᠡᠰᠢᠵᠢᠭᠰᠡᠨ ᠪᠣᠯᠪᠠᠰᠤᠷᠠᠯ ᠤᠨ ᠠᠴᠢᠶᠠᠯᠠᠪᠤᠷᠢ ᠶᠢ ᠲᠦᠷᠬᠡᠨ ᠪᠠᠶᠢᠭᠤᠯᠵᠤ᠂ ᠰᠢᠨ᠎ᠡ ᠡᠨᠧᠷᠭᠢ᠂ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠳᠤᠲᠠᠭᠳᠠᠵᠤ ᠪᠠᠶᠢᠭ᠎ᠠ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠵᠠᠬᠢᠶᠠᠯᠠᠭ᠎ᠠ ᠶᠢᠨ ᠬᠡᠯᠪᠡᠷᠢ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠥᠷᠨᠢᠭᠦᠯᠵᠦ᠂ ᠠᠵᠤ ᠠᠬᠤᠶᠢᠯᠠᠯ ᠳᠤ ᠨᠠᠩ ᠣᠯᠠᠨ ᠬᠡᠷᠡᠭᠯᠡᠭᠡᠨ ᠤ ᠴᠢᠳᠠᠪᠤᠷᠢᠲᠠᠨ ᠢ ᠭᠦᠷᠭᠡᠨ᠎ᠡ᠃ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ ᠰᠠᠭᠤᠷᠢᠨ ᠭᠠᠵᠠᠷ ᠪᠣᠯᠤᠨ ᠮᠡᠷᠭᠡᠵᠢᠯ ᠴᠢᠳᠠᠪᠤᠷᠢ ᠶᠢᠨ ᠮᠠᠰᠲ᠋ᠧᠷ ᠤᠨ ᠠᠵᠢᠯᠯᠠᠬᠤ ᠭᠡᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠢᠳᠡᠪᠬᠢᠲᠡᠶ  ᠴᠢᠷᠮᠠᠶᠢᠨ ᠣᠯᠣᠨ᠎ᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠦᠯᠦᠰᠦᠨ ᠠᠵᠢᠯᠴᠢᠨ ᠤ ᠴᠠᠯᠢᠩ ᠢ ᠥᠭᠬᠦ ᠶᠢ ᠬᠢᠨᠠᠨ ᠬᠠᠮᠢᠶᠠᠷᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠬᠠᠷ᠎ᠠ ᠳᠠᠩᠰᠠ᠂ ᠬᠦᠨᠳᠦ ᠶᠡᠭᠡ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡ ᠨᠡᠶᠢᠲᠡᠯᠡᠬᠦ ᠪᠠ ᠬᠥᠳᠡᠯᠮᠦᠷᠢ ᠬᠦᠴᠦᠨ ᠬᠡᠷᠡᠭᠯᠡᠬᠦ ᠲᠠᠯ᠎ᠠ ᠪᠠᠷ ᠬᠢ ᠦᠨᠡᠨᠴᠢ ᠢᠲᠡᠭᠡᠮᠵᠢᠲᠡᠶ ᠪᠠᠶᠢᠬᠤ ᠶᠢ ᠠᠮᠠᠯᠳᠠᠬᠤ ᠠᠵᠤ ᠠᠬᠤᠶᠢᠯᠠᠯ ᠤᠨ ᠳᠦᠷᠢᠮ ᠢ ᠪᠠᠶᠢᠭᠤᠯᠵᠤ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠢ ᠴᠢᠩᠭ᠎ᠠ ᠴᠡᠭᠴᠡᠯᠡᠨ ᠵᠠᠰᠠᠵᠤ᠂ ᠬᠦᠯᠦᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠵᠤ᠂ ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠪᠠᠶᠢᠭ᠎ᠠ ᠵᠠᠭᠠᠯᠳᠤᠯᠭ᠎ᠠ ᠶᠢ ᠬᠦᠯᠢᠶᠡᠨ ᠠᠪᠤᠭᠰᠠᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠠᠳᠠᠯ ᠦᠢᠯᠡᠰ ᠴᠣᠭᠴᠠᠯᠠᠭᠴᠢ ᠪᠠ ᠬᠥᠳᠡᠯᠮᠦᠷᠢᠯᠡᠭᠴᠢᠳ ᠲᠤ ᠪᠠᠲᠤᠯᠠᠭ᠎ᠠ ᠬᠠᠩᠭᠠᠨ᠎ᠠ᠃    6. ᠲᠤᠰ ᠭᠠᠵᠠᠷ ᠤᠨ ᠰᠠᠭᠤᠭᠠᠯᠢ ᠠᠷᠠᠳ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠢᠳᠡᠪᠬᠢᠲᠡᠶ ᠪᠠᠷ  ᠠᠬᠢᠭᠤᠯᠤᠨ᠎ᠠ᠃ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠯᠡᠰᠦᠷᠭᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠬᠥᠳᠡᠭᠡ ᠲᠣᠰᠬᠤᠨ ᠤ ᠵᠢᠭᠤᠯᠴᠢᠯᠠᠯ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠡᠷᠦᠬᠡ ᠳᠤ ᠣᠷᠣᠬᠤ ᠵᠠᠮ ᠵᠡᠷᠭᠡ ᠬᠥᠳᠡᠭᠡ ᠲᠣᠰᠬᠤᠨ ᠤ ᠰᠠᠭᠤᠷᠢ ᠳᠦᠭᠦᠭᠡᠷᠦᠮᠵᠢ ᠵᠢᠴᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠶᠡᠬᠡᠪᠡᠷ ᠳᠡᠯᠭᠡᠷᠡᠭᠦᠯᠵᠦ᠂ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠠᠷᠢᠴᠠᠯ ᠢ 15% ᠠᠴᠠ ᠳᠡᠭᠡᠭᠰᠢ ᠪᠣᠯᠭᠠᠨ᠎ᠠ᠃ ᠲᠣᠰ ᠭᠠᠵᠠᠷ ᠤᠨ ᠠᠵᠤ ᠠᠬᠤᠶᠢᠯᠠᠯ᠂ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠪᠠ ᠮᠠᠯᠴᠢᠨ ᠲᠠᠷᠢᠶᠠᠴᠢᠨ ᠤ ᠬᠠᠤᠯᠢ ᠲᠣᠭᠲᠠᠭᠠᠯ ᠶᠣᠰᠣᠭᠠᠷ ᠭᠤᠤᠯᠳᠠᠯᠭ᠎ᠠ ᠲᠠᠢ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠤ ᠪᠠᠷᠢᠯᠭ᠎ᠠ ᠶᠢᠨ ᠠᠩᠭᠢ ᠳᠤ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠤᠨ ᠣᠷᠣᠯᠭ᠎ᠠ ᠡᠭᠦᠳᠬᠦ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠪᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃    ︵ᠬᠤᠶᠠᠷ︶ ᠤᠯᠠᠨ ᠲᠠᠯ᠎ᠠ ᠪᠠᠷ ᠬᠦᠴᠦᠯᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ ᠶᠢ ᠪᠦᠲᠦᠮᠵᠢᠲᠡᠢ ᠨᠡᠮᠡᠭᠳᠡᠬᠦᠯᠦᠨ᠎ᠡ    1. ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠡᠵᠡᠩᠨᠡᠯᠲᠡ ᠶᠢᠨ ᠭᠤᠤᠯ ᠴᠣᠭᠴᠠ ᠶᠢ ᠨᠡᠭᠡᠭᠡᠨ ᠡᠷᠭᠢᠯᠡᠬᠦ᠂ ᠡᠵᠡᠩᠨᠡᠯᠲᠡ ᠬᠢᠬᠦ ᠶᠢ ᠵᠥᠪᠰᠢᠶᠡᠷᠡᠬᠦ᠂ ᠬᠦᠴᠦᠨ ᠥᠬᠡᠶ ᠪᠣᠯᠭᠠᠬᠤ ᠪᠥᠬᠦ ᠶᠠᠪᠤᠴᠠ ᠶᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠡᠷᠭᠢᠯᠡᠬᠦ ᠪᠥᠬᠦ ᠶᠠᠪᠤᠴᠠ ᠶᠢ ᠡᠯᠧᠺᠲᠷᠣᠨᠴᠢᠯᠡᠨ ᠳᠠᠩᠰᠠᠯᠠᠬᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠡᠵᠡᠩᠨᠡᠯᠲᠡ ᠶᠢᠨ ᠦᠨᠡᠮᠯᠡᠯ ᠢ ᠭᠦᠢᠴᠡᠳᠭᠡᠬᠦ᠂ ᠪᠠᠷᠢᠮᠲᠠ ᠭᠤᠶᠤᠴᠢᠯᠠᠨ ᠠᠪᠬᠤ᠂ ᠨᠡᠶᠢᠭᠡᠮ ᠤᠨ ᠳᠠᠭᠠᠳᠬᠠᠯ ᠢ ᠳᠠᠩᠰᠠᠯᠠᠬᠤ᠂ ᠲᠠᠮᠠᠭ᠎ᠠ ᠰᠡᠶᠢᠯᠦᠨ ᠵᠣᠬᠢᠶᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠨ ᠬᠠᠳᠠᠭᠠᠯᠠᠭᠤᠯᠬᠤ᠂ ᠪᠠᠩᠬᠢ ᠲᠠᠢ ᠪᠣᠯᠵᠣᠵᠤ ᠲᠠᠩᠰᠠ ᠨᠡᠭᠡᠭᠡᠬᠦ ᠪᠥᠬᠦ ᠴᠤᠪᠤᠷᠠᠯ ᠤᠨ ᠨᠢᠭᠡ ᠥᠷᠲᠡᠭᠡ ᠮᠠᠶ᠋ᠢᠭ ᠤᠨ ︽ᠨᠢᠭᠡ ᠰᠦᠯᠵᠢᠶ᠎ᠡ ᠪᠠᠷ ᠲᠠᠭᠯᠠᠨ ᠮᠡᠳᠡᠭᠦᠯᠬᠦ᠂ ᠨᠢᠭᠡ ᠯᠡ ᠤᠳᠠᠭ᠎ᠠ ᠳᠤ ᠭᠡᠷᠡᠴᠢᠯᠡᠬᠦ᠂ ᠣᠯᠠᠨ ᠵᠦᠢᠯ ᠢᠶᠠᠷ ᠬᠠᠮᠲᠤᠷᠠᠨ ᠭᠦᠢᠴᠡᠳᠭᠡᠬᠦ᠂ ᠨᠢᠭᠡ ᠡᠳᠦᠷ ᠲᠤ ᠭᠦᠢᠴᠡᠳᠭᠡᠵᠦ ᠳᠠᠭᠤᠰᠬᠠᠬᠤ︾ ᠶᠢ ᠪᠡᠶᠡᠯᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠡᠷᠡᠭᠵᠢᠭᠦᠯᠬᠦ ᠠᠷᠭ᠎ᠠ︾ ᠶᠢ ᠯᠠᠪᠳᠠᠭᠤᠨ ᠢᠶᠠᠷ ᠨᠠᠶᠢᠳᠠᠪᠣᠷᠢᠵᠢᠭᠤᠯᠵᠦ᠂ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠳᠣᠲᠣᠷ᠎ᠠ᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠭᠠᠷᠳᠠᠮ ᠢ ᠤᠯᠠᠮ ᠨᠢᠭᠡ ᠠᠯᠬᠤᠮ ᠳᠥᠭᠦᠮᠴᠢᠯᠡᠵᠦ᠂ ᠡᠯ᠎ᠡ ᠠᠵᠢᠯ ᠤᠨ ᠵᠠᠩᠭᠢᠯᠠᠭ᠎ᠠ ᠶᠢ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠵᠢᠷᠤᠮᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠵᠢᠴᠢ ᠳᠠᠮ ᠬᠦᠦ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ 10 ᠲᠦᠮᠡᠨ ᠲᠥᠭᠦᠷᠢᠭ ᠠᠴᠠ ᠳᠣᠷᠣᠭᠰᠢᠬᠢ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ  ᠲᠠᠢ ᠵᠢᠭᠡᠯᠡᠯᠭᠡ ᠶᠢᠨ ᠭᠡᠳᠡᠷᠭᠦ ᠳᠠᠭᠠᠭᠠᠯᠲᠠ ᠬᠢᠬᠦ  ᠶᠢ ᠬᠡᠯᠳᠦᠷᠢᠬᠦᠯᠬᠦ ᠱᠠᠭᠠᠷᠳᠠᠯᠭ᠎ᠠ  ᠶᠢ ᠪᠥᠬᠦ ᠲᠠᠯ᠎ᠠ  ᠪᠠᠷ ᠨᠠᠶᠢᠳᠠᠪᠤᠷᠢᠵᠢᠭᠤᠯᠤᠨ᠂ ᠡᠷᠡᠰᠳᠡᠯ  ᠢ ᠬᠤᠪᠢᠶᠠᠷᠢᠯᠠᠨ ᠡᠭᠦᠷᠭᠡᠯᠡᠬᠦ ᠲᠣᠭᠲᠠᠴᠠ  ᠪᠠ ᠨᠠᠵᠠᠭᠠᠢ ᠳᠠᠩᠰᠠ ᠶᠢ ᠬᠠᠷᠭᠤᠭᠤᠯᠤᠨ ᠬᠦᠴᠦᠨ ᠥᠬᠡᠶ ᠪᠣᠯᠭᠠᠬᠤ ᠲᠣᠭᠲᠠᠴᠠ  ᠶᠢ ᠪᠦᠷᠢᠨᠰᠢᠭᠦᠯᠦᠨ᠎ᠡ᠃    2. ᠭᠤᠤᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠶᠢ ᠦᠷᠭᠦᠯᠵᠢᠯᠡᠨ ᠲᠡᠳᠬᠦᠨ᠎ᠡ᠃ ᠨᠥᠬᠦᠴᠡᠯ ᠳᠤ ᠨᠡᠶᠢᠴᠡᠭᠰᠡᠨ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠶᠠᠳᠠᠭᠤ ᠠᠴᠠ ᠠᠩᠬᠢᠵᠢᠷᠠᠭᠰᠠᠳ ︵ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠪᠠᠷ ᠬᠢᠨᠠᠨ ᠬᠡᠮᠵᠢᠭᠳᠡᠵᠦ ᠪᠠᠶᠢᠭ᠎ᠠ ᠡᠲᠡᠭᠡᠳ ᠪᠠᠭᠲᠠᠨ᠎ᠠ ᠂ ᠳᠣᠷᠣᠭᠰᠢ ᠠᠳᠠᠯᠢ︶᠂ ᠳᠠᠩᠰᠠᠯᠠᠭᠤᠯᠤᠭᠰᠠᠨ ᠠᠵᠢᠯ ᠠᠯᠳᠠᠭᠰᠠᠳ ᠪᠠ ᠵᠡᠮᠳᠡᠭᠴᠦᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠳᠠᠯ ᠦᠢᠯᠡᠰ ᠴᠣᠭᠴᠠᠯᠠᠬᠤ ᠳᠤ ᠲᠠᠯᠠᠪᠤᠷ ᠭᠠᠵᠠᠷ᠂ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠮᠥᠩᠭᠦᠨ ᠬᠦᠢᠯᠬᠡᠬᠡᠨ ᠤ ᠢᠲᠡᠭᠡᠮᠵᠢᠲᠦ ᠵᠢᠭᠡᠯᠡᠯᠭᠡ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠠᠳᠠᠯ  ᠦᠢᠯᠡᠰ ᠴᠣᠭᠴᠠᠯᠠᠬᠤ ᠵᠢᠯᠣᠭᠤᠳᠣᠯᠭ᠎ᠠ ᠵᠡᠷᠭᠡ ᠳᠡᠮᠵᠢᠯᠭᠡ ᠬᠠᠩᠭᠠᠵᠤ᠂ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠠᠯᠠ ᠣᠷᠣᠭᠤᠯᠤᠯᠲᠠ ᠪᠠᠷ ᠴᠥᠭᠡᠨ᠂ ᠡᠷᠡᠰᠳᠡᠯ ᠢᠶᠠᠷ ᠪᠠᠭ᠎ᠠ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠪᠡᠯ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠲᠡᠳᠬᠦᠮᠵᠢ ᠨᠥᠬᠦᠪᠥᠷᠢ ᠣᠯᠭᠤᠵᠤ᠂ ᠭᠠᠳᠠᠭᠰᠢ ᠭᠠᠷᠤᠭᠰᠠᠨ ᠮᠡᠷᠭᠡᠵᠢᠯ ᠲᠠᠢ ᠵᠠᠯᠠᠭᠤᠴᠤᠳ ᠤᠨ ᠬᠤᠲᠠ ᠳᠠᠭᠠᠨ ᠪᠤᠴᠠᠵᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ᠨᠡᠶᠢᠭᠡᠮ ᠲᠣᠭᠤᠷᠢᠭ ᠤᠨ ᠲᠠᠯᠠᠪᠤᠷ ᠭᠠᠵᠠᠷ ᠢ ᠬᠠᠩᠭᠠᠬᠤ ᠶᠢ ᠵᠣᠷᠢᠭᠵᠢᠭᠤᠯᠵᠤ ᠂ ᠬᠤᠲᠠ ᠪᠠᠯᠭᠠᠰᠤ ᠶᠢᠨ ᠬᠦᠴᠢᠷᠳᠡᠯᠲᠡᠶ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠭᠡᠨ ᠤᠮᠳᠠᠭᠠᠨ᠂ ᠨᠤᠲᠤᠭ ᠤᠨ ᠣᠨᠴᠠ ᠭᠠᠷᠤᠯᠲᠠ᠂ ᠠᠷᠠᠳ ᠤᠨ ᠣᠷᠣᠨ ᠰᠠᠭᠤᠴᠠ ᠵᠡᠷᠭᠡ ︽ᠵᠢᠵᠢᠭ ᠳᠡᠯᠭᠡᠭᠡ ᠮᠠᠶᠢᠮᠠᠶ︾ ᠶᠢ ᠪᠠᠯᠠ ᠣᠷᠣᠭᠤᠯᠤᠨ ᠡᠵᠡᠩᠨᠡᠬᠦᠯᠵᠦ᠂ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠭᠡᠯᠳᠦᠷᠢᠭᠦᠯᠬᠦ ᠶᠣᠰᠣᠲᠠᠶ ᠶᠢ ᠨᠢ ᠪᠦᠬᠦᠨ ᠢ ᠬᠡᠯᠲᠦᠷᠢᠭᠦᠯᠵᠦ᠂ ᠬᠠᠰᠤᠬᠤ ᠶᠣᠰᠣᠲᠠᠶ ᠶᠢ ᠨᠢ ᠪᠦᠬᠦᠨ ᠢ ᠬᠠᠰᠤᠨ᠎ᠠ᠃    3. ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠶᠡᠬᠡᠪᠡᠷ ᠬᠥᠭᠵᠢᠭᠦᠯᠦᠨ᠎ᠡ᠃ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠠᠵᠢᠯ ᠲᠥᠷᠥᠯ ᠤᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ᠎ᠠ᠃ ᠨᠠᠰᠣᠳᠠᠶᠢᠴᠣᠳ  ᠤᠨ ᠠᠵᠤ ᠠᠬᠤᠶ᠂ ᠠᠩᠬᠠᠨ ᠤ ᠳᠡᠯᠭᠡᠭᠦᠷ ᠤᠨ ᠠᠵᠤ ᠠᠬᠤᠶ ᠪᠠ ᠰᠢᠭᠤᠳ ᠨᠡᠪᠲᠡᠷᠡᠭᠦᠯᠭᠡ ᠶᠢᠨ ᠠᠵᠤ ᠠᠬᠤᠶ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠦᠷᠬᠡᠨ ᠪᠤᠶᠢᠵᠢᠭᠤᠯᠵᠤ᠂ ᠬᠤᠳᠠᠯᠳᠤᠨ ᠠᠪᠬᠤ᠂ ᠰᠣᠶᠣᠯ ᠴᠡᠩᠭᠡᠯ᠂ ᠡᠷᠡᠭᠦᠯᠵᠢᠯ ᠰᠤᠪᠢᠯᠠᠯᠲᠠ᠂ ᠭᠡᠷ ᠤᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ᠂ ᠨᠠᠶᠢᠳᠠᠨ ᠬᠥᠮᠦᠵᠢᠭᠦᠯᠬᠦ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠪᠦᠲᠦᠮᠵᠢᠲᠡᠶ ᠥᠷᠭᠡᠳᠬᠡᠨ᠎ᠡ᠃ ᠭᠤᠤᠯᠳᠠᠯᠭ᠎ᠠ ᠲᠠᠢ ᠬᠤᠳᠠᠯᠳᠤᠭᠠᠨ ᠤ ᠵᠡᠭᠡᠯᠢ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠶᠡᠷᠦᠩᠬᠡᠶᠢᠯᠡᠭᠰᠡᠨ ᠴᠢᠨᠠᠷᠲᠠᠶ ᠴᠡᠴᠡᠷᠯᠢᠭ ᠵᠡᠷᠭᠡ ᠲᠠᠯᠠᠪᠤᠷ ᠭᠠᠵᠠᠷ ᠤᠨ ᠬᠡᠷᠡᠭᠯᠡᠭᠡᠨ ᠤ ᠦᠢᠯᠡᠴᠢᠯᠡᠬᠡᠨ ᠤ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠢᠭᠡ ᠪᠦᠯᠦᠭ ᠠᠮᠲᠠᠲᠤ ᠢᠳᠡᠭᠡᠨ ᠤ ᠨᠠᠶᠢᠷ᠂ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ᠂ ᠳᠡᠯᠭᠡᠨ ᠪᠣᠷᠣᠯᠠᠭᠤᠯᠬᠤ ᠴᠤᠭᠯᠠᠭᠠᠨ ᠵᠡᠷᠭᠡ ᠶᠢ ᠵᠠᠬ᠎ᠠ ᠳᠡᠯᠭᠡᠭᠦᠷᠴᠢᠯᠡᠨ ᠲᠥᠰᠦᠪᠯᠡᠵᠦ ᠥᠷᠨᠢᠭᠦᠯᠦᠨ᠂ ᠥᠷᠯᠥᠭᠡ ᠶᠢᠨ ᠵᠠᠬ᠎ᠠ ᠶᠢᠨ ᠠᠵᠤ ᠠᠬᠤᠶ᠂ ᠵᠠᠮ ᠤᠨ ᠬᠠᠵᠠᠭᠤᠳᠠᠬᠢ ᠠᠵᠤ ᠠᠬᠤᠶ᠂ ᠰᠥᠨᠢ ᠶᠢᠨ ᠵᠠᠬ᠎ᠠ ᠶᠢᠨ ᠠᠵᠤ ᠠᠬᠤᠶ ᠶᠢ ᠬᠥᠭᠵᠢᠭᠦᠯᠦᠨ᠎ᠡ᠃ ᠵᠢᠭᠤᠯᠴᠢᠯᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠱᠠ ᠶᠢᠨ ᠣᠨᠴᠠᠯᠢᠭᠲᠤ ᠵᠢᠭᠤᠯᠴᠢᠯᠠᠯ ᠤᠨ ᠲᠣᠭᠤᠷᠢᠯ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠤᠰ ᠭᠠᠵᠠᠷ ᠤᠨ ᠣᠨᠴᠠᠯᠢᠭᠲᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠪᠠ ᠣᠨᠴᠠᠯᠢᠭᠲᠤ ᠠᠷᠠᠳ ᠤᠨ ᠣᠷᠣᠨ ᠰᠠᠭᠤᠴᠠ ᠵᠡᠷᠭᠡ ᠠᠵᠤ ᠦᠢᠯᠡᠰ ᠢ ᠬᠥᠭᠵᠢᠭᠦᠯᠵᠦ᠂ ᠰᠣᠶᠣᠯ ᠤᠨ ᠡᠬᠢ ᠪᠠᠶᠠᠯᠢᠭ ᠢ ᠠᠮᠢᠳᠣᠯᠢᠭᠵᠢᠭᠤᠯᠣᠨ ᠠᠰᠢᠭᠯᠠᠬᠤ ᠶᠢ ᠴᠢᠩᠭᠠᠳᠬᠠᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠣᠭᠰᠠᠨ ᠦᠷ᠎ᠡ ᠪᠦᠲᠦᠭᠡᠯ ᠳᠤ ᠲᠦᠰᠢᠭᠯᠡᠨ᠂ ᠠᠶᠢᠯ ᠲᠣᠰᠬᠤᠨ ᠤ ᠰᠢᠨ᠎ᠡ ᠡᠵᠡᠩᠨᠡᠯᠲᠡ ᠶᠢᠨ ᠬᠡᠯᠪᠡᠷᠢ ᠶᠢ ᠭᠦᠨᠵᠡᠭᠡᠢ ᠬᠥᠭᠵᠢᠭᠦᠯᠵᠦ᠂ ᠨᠢᠭᠡ ᠪᠦᠯᠦᠭ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠭᠡᠷ ᠤᠨ ᠵᠢᠭᠤᠯᠴᠢᠯᠠᠯ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠲᠠᠷᠢᠶᠠᠯᠠᠩ ᠮᠠᠯ ᠠᠵᠤ ᠠᠬᠤᠢ ᠶᠢᠨ ᠣᠶᠢᠯᠠᠭᠠᠯᠲᠠ ᠵᠡᠷᠭᠡ ᠰᠡᠯᠡᠬᠦᠴᠡᠬᠦ ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠬᠦ ᠶᠢ ᠳᠡᠮᠵᠢᠵᠦ᠂ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠦᠨ᠎ᠡ᠃    4. ᠣᠨᠴᠠᠯᠢᠭᠲᠤ ᠲᠠᠷᠢᠶᠠᠯᠠᠩ ᠤᠨ ᠨᠡᠮᠡᠭᠳᠡᠯ ᠤᠨ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ︽ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 2027 ᠣᠨ ᠪᠣᠯᠬᠤ ᠳᠤ᠂ ᠪᠥᠬᠦ ᠠᠶᠢᠮᠠᠭ ᠤᠨ ᠲᠡᠮᠡᠭᠡᠨ ᠤ ᠲᠤᠭ᠎ᠠ 16.8 ᠲᠦᠮᠡ ᠳᠤ ᠬᠦᠷᠴᠦ᠂ ᠲᠡᠮᠡᠭᠡᠨ ᠤ ᠠᠵᠤ ᠦᠢᠯᠡᠰ ᠤᠨ ᠪᠥᠬᠦ ᠬᠡᠯᠬᠢᠶ᠎ᠡ ᠶᠢᠨ ᠦᠢᠯᠡᠳᠬᠦᠨ ᠤ ᠥᠷᠲᠡᠭ 40 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠲᠠᠯ᠎ᠠ ᠨᠤᠲᠤᠭ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠬᠦᠴᠦᠯᠡᠨ ᠠᠬᠢᠭᠤᠯᠵᠤ᠂ ᠴᠠᠭᠠᠨ ᠨᠣᠯᠤᠤᠷ ᠤᠨ ᠢᠮᠠᠭᠠᠨ ᠤ ᠡᠭᠦᠯᠳᠡᠷ ᠬᠠᠮᠠᠭᠠᠯᠠᠬᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ 2027 ᠣᠨ ᠪᠣᠯᠬᠤ ᠳᠤ ᠪᠥᠬᠦ ᠠᠶᠢᠮᠠᠭ ᠤᠨ ᠠᠯᠠᠱᠠ ᠶᠢᠨ ᠴᠠᠭᠠᠨ ᠨᠣᠯᠤᠤᠷ ᠤᠨ ᠢᠮᠠᠭᠠᠨ ᠤ ᠲᠡᠵᠢᠭᠡᠬᠦ ᠬᠡᠮᠵᠢᠶ᠎ᠡ ᠶᠢ 40 ᠲᠦᠮᠡ ᠳᠤ ᠬᠦᠷᠦᠭᠦᠯᠵᠦ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 5.7 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠵᠢᠣᠢ ᠶᠠᠨ ᠪᠠᠯᠲᠤ ᠬᠡᠮᠬᠡ ᠪᠠ ᠴᠢ ᠯᠢᠨ ᠳᠠᠷᠪᠣᠰ ᠤᠨ ᠠᠵᠤ ᠦᠢᠯᠡᠰ ᠤᠨ ᠰᠠᠭᠤᠷᠢᠨ ᠭᠠᠵᠠᠷ ᠢ ᠦᠷᠭᠦᠯᠵᠢᠯᠡᠨ ᠪᠠᠶᠢᠭᠤᠯᠵᠤ᠂ 2027 ᠣᠨ ᠪᠣᠯᠬᠤ ᠳᠤ ᠪᠥᠬᠦ ᠠᠶᠢᠮᠠᠭ ᠤᠨ ᠵᠢᠣᠢ ᠶᠠᠨ ᠪᠠᠯᠲᠤ ᠬᠡᠮᠬᠡ ᠶᠢᠨ ᠰᠠᠭᠤᠷᠢᠨ ᠭᠠᠵᠠᠷ ᠤᠨ ᠬᠡᠪᠴᠢᠶ᠎ᠡ ᠶᠢ 5 ᠲᠦᠮᠡᠨ ᠮᠥ ᠳᠤ ᠬᠦᠷᠦᠭᠦᠯᠵᠦ᠂ ᠶᠡᠷᠦᠩᠬᠡᠶᠢᠯᠡᠭᠰᠡᠨ ᠦᠢᠯᠡᠳᠬᠦᠨ ᠤ ᠥᠷᠲᠡᠭ ᠢ 2 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ︔ ᠴᠢ ᠯᠢᠨ ᠳᠠᠷᠪᠣᠰ ᠳᠠᠷᠢᠬᠤ ᠲᠠᠯᠠᠪᠠᠶ ᠶᠢ 0.5 ᠲᠦᠮᠡᠨ ᠮᠥ ᠳᠤ ᠲᠣᠭᠲᠠᠪᠤᠷᠢᠵᠢᠭᠤᠯᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠬᠦᠨ ᠤ ᠥᠷᠲᠡᠭ ᠢ 0.4 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠᠷ ᠡᠯᠡᠰᠦᠨ ᠤ ᠠᠵᠤ ᠦᠢᠯᠡᠰ ᠢ ᠬᠥᠭᠵᠢᠭᠦᠯᠬᠦ ᠶᠢ ᠪᠠᠷᠢᠮᠲᠠᠯᠠᠵᠤ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠤᠨᠴᠠᠯᠢᠬᠳᠤ ᠡᠯᠡᠰᠦᠨ ᠤ ᠪᠦᠲᠦᠭᠡᠭᠳᠡᠬᠦᠨ ᠢ ᠬᠡᠪᠴᠢᠶᠡᠵᠢᠭᠦᠯᠦᠨ ᠲᠠᠷᠢᠬᠤ᠂ ᠠᠵᠤ ᠦᠢᠯᠡᠰᠵᠢᠭᠦᠯᠦᠨ ᠨᠡᠭᠡᠭᠡᠨ ᠬᠥᠭᠵᠢᠭᠦᠯᠬᠦ᠂ ᠲᠦᠷᠦᠯ ᠲᠡᠮᠳᠡᠭᠵᠢᠭᠦᠯᠦᠨ ᠡᠵᠡᠩᠨᠡᠨ ᠪᠣᠷᠣᠯᠠᠭᠤᠯᠬᠤ ᠵᠡᠷᠭᠡ ᠡᠯᠡᠰᠦᠨ ᠤ ᠠᠵᠤ ᠦᠢᠯᠡᠰ ᠤᠨ ᠳᠣᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠨᠣᠳᠤᠭ ᠤᠨ ᠰᠢᠷ᠎ᠠ ᠦᠬᠡᠷ ᠪᠠ ᠬᠠᠰᠢᠶᠠᠯᠠᠨ ᠳᠡᠵᠢᠬᠡᠬᠦ ᠠᠯᠠᠰᠢᠨ ᠦᠬᠡᠷ ᠢ ᠦᠷᠡᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠎ᠡ᠃ ᠪᠦᠬᠦ ᠠᠶᠢᠮᠠᠭ ᠤᠨ ᠲᠡᠮᠡᠭᠡᠨ ᠬᠢᠷᠭᠤᠤᠯ ᠤᠨ ᠣᠨᠴᠠᠯᠢᠭᠲᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠪᠠᠶᠢᠭᠤᠯᠵᠤ᠂ ᠲᠡᠮᠡᠭᠡᠨ ᠬᠢᠷᠭᠤᠤᠯ ᠤᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ︽ᠲᠦᠸᠧ ᠸᠠᠩ︾ ︵ᠥᠪᠥᠷ ᠮᠣᠩᠭᠤᠯ︶ ᠲᠡᠮᠡᠭᠡᠨ ᠬᠢᠷᠭᠤᠤᠯ ᠢ ᠭᠦᠭᠵᠢᠬᠦᠯᠬᠦ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ ︽ᠠᠵᠤ ᠠᠬᠤᠶᠢᠯᠠᠯ + ᠬᠤᠷᠰᠢᠶᠠᠵᠢᠯ + ᠮᠠᠯᠴᠢᠨ ᠲᠠᠷᠢᠶᠠᠴᠢᠨ ᠡᠷᠦᠬᠡ︾ ᠵᠠᠭᠪᠤᠷ ᠢ ᠠᠬᠢᠭᠤᠯᠵᠤ᠂ ᠲᠡᠮᠡᠭᠡᠨ ᠬᠢᠷᠭᠤᠤᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ᠂ ᠡᠵᠡᠨ᠎ᠡ ᠬᠤᠰᠢᠭᠤᠨ ᠤ 20 ᠲᠦᠮᠡᠨ ᠲᠡᠮᠡᠭᠡᠨ ᠬᠢᠷᠭᠤᠤᠯ ᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠣᠨ᠎ᠠ᠃    5. ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠠᠯᠢᠭᠵᠢᠭᠤᠯᠤᠨ᠎ᠠ᠃ ᠤᠨᠴᠠᠯᠢᠬᠳᠤ ᠲᠠᠷᠢᠶᠠᠯᠠᠩ ᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠦᠴᠦᠯᠡᠬᠦ ᠴᠡᠭ ᠪᠣᠯᠭᠠᠵᠤ᠂ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠴᠢᠬᠤᠯᠠ ᠠᠬᠢᠴᠠ ᠲᠠᠢ ᠪᠣᠯᠬᠤ ᠶᠢ ᠠᠬᠢᠭᠤᠯᠣᠨ᠎ᠠ᠃ ᠮᠠᠯ ᠰᠦᠷᠦᠭ ᠤᠨ ᠪᠦᠲᠦᠴᠡ ᠶᠢᠨ ᠲᠣᠬᠢᠷᠠᠭᠤᠯᠤᠯᠲᠠ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠬᠡᠯᠬᠢᠶ᠎ᠡ ᠶᠢ ᠪᠠᠶᠢᠭᠤᠯᠣᠨ ᠬᠡᠯᠬᠢᠶ᠎ᠡ ᠶᠢ ᠤᠷᠲᠤᠳᠬᠠᠬᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ᠂ ᠨᠠᠷᠠᠲᠤ ᠲᠡᠮᠳᠡᠭᠲᠦ ᠶᠢ ᠪᠣᠶ ᠪᠣᠯᠭᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠢᠯᠡᠳᠬᠦᠨ ᠤ ᠪᠠᠷᠢᠮᠵᠢᠶ᠎ᠠ ᠪᠠ ᠴᠢᠨᠠᠷ ᠴᠢᠨᠰᠠᠭ᠎ᠠ ᠶᠢ ᠡᠵᠡᠮᠳᠡᠬᠦ ᠳᠣᠭᠳᠠᠯᠴᠠᠭ᠎ᠠ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ᠠᠵᠤ ᠠᠬᠤᠶᠢᠯᠠᠯ + ᠲᠠᠷᠢᠶᠠᠴᠢᠨ ᠡᠷᠦᠬᠡ︾ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠮᠠᠯᠴᠢᠨ ᠲᠠᠷᠢᠶᠠᠴᠢᠨ ᠳᠤ ᠨᠠᠩ ᠣᠯᠠᠨ ᠠᠵᠤ ᠦᠢᠯᠡᠰ ᠤᠨ ᠥᠷᠲᠡᠭ ᠢ ᠨᠡᠮᠡᠭᠳᠡᠭᠦᠯᠦᠭᠰᠡᠨ ᠠᠰᠢᠭ ᠣᠯᠵᠠᠪᠤᠷᠢ ᠶᠢ ᠡᠳ᠋ᠯᠡᠬᠦᠯᠦᠨ᠎ᠡ᠃ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠬᠢᠯᠢ ᠬᠢᠵᠠᠭᠠᠷ ᠣᠷᠣᠨ ᠤ ᠣᠨᠴᠠᠯᠢᠭᠲᠤ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠢ ᠬᠦᠭᠵᠢᠬᠦᠯᠬᠦ ᠡᠭᠦᠷᠭᠡ ᠶᠢᠨ ᠪᠡᠯᠡ ᠮᠥᠩᠭᠦ ᠶᠢ ᠬᠢᠯᠢ ᠶᠢᠨ ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠠᠭᠤᠰᠤᠭᠤᠯᠤᠨ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢ ᠠᠵᠤ ᠦᠢᠯᠡᠰ ᠢ ᠬᠥᠭᠵᠢᠭᠦᠯᠬᠦ ᠳᠤ ᠬᠡᠷᠡᠭᠯᠡᠵᠦ᠂ ᠬᠥᠲᠥᠴᠢ ᠠᠵᠤ ᠠᠬᠤᠶᠢᠯᠠᠯ᠂ ᠲᠠᠷᠢᠶᠠᠯᠠᠩ ᠤᠨ ᠠᠵᠤ ᠦᠶᠯᠡᠰᠵᠢᠭᠰᠡᠨ ᠬᠤᠯᠪᠣᠭᠠᠲᠤ ᠴᠣᠭᠴᠠ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠳᠠᠷᠢᠵᠤ ᠲᠡᠵᠢᠭᠡᠬᠦ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠵᠡᠷᠭᠡ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠳᠡᠮᠵᠢᠨ ᠪᠤᠶᠢᠵᠢᠭᠤᠯᠵᠤ᠂ ᠳᠠᠷᠢᠶᠠᠴᠢᠳ ᠤᠨ ᠭᠠᠵᠠᠷ ᠰᠢᠷᠣᠢ ᠶᠢ ᠳᠦᠷᠢᠶᠡᠰᠦᠯᠡᠨ ᠳᠠᠬᠢᠨ ᠳᠠᠭᠠᠭᠠᠴᠢᠯᠠᠭᠤᠯᠬᠤ᠂ ᠬᠤᠪᠢ ᠣᠷᠣᠭᠤᠯᠤᠨ ᠬᠠᠮᠲᠤᠷᠠᠯᠴᠠᠬᠤ ᠵᠡᠷᠭᠡ ᠵᠠᠭᠪᠤᠷ ᠢᠶᠠᠷ ᠳᠠᠮᠵᠢᠭᠤᠯᠤᠨ᠂ ᠲᠠᠷᠢᠶᠠᠴᠢᠳ ᠤᠨ ᠡᠵᠡᠩᠨᠡᠯᠲᠡ ᠶᠢᠨ ᠴᠢᠨᠠᠷᠲᠠᠶ ᠣᠷᠣᠯᠭ᠎ᠠ ᠶᠢ ᠳᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠦᠨᠡᠰᠦ ᠲᠣᠰᠣ ᠂ ᠵᠢᠮᠢᠰ ᠨᠣᠭᠤᠭ᠎ᠠ᠂ ᠮᠢᠬ᠎ᠠ ᠵᠡᠷᠭᠡ ᠪᠣᠯᠪᠠᠰᠣᠷᠠᠭᠤᠯᠬᠤ ᠦᠢᠯᠡᠰ ᠢ ᠬᠥᠭᠵᠢᠭᠦᠯᠬᠦ ᠶᠢ ᠳᠡᠮᠵᠢᠵᠦ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠣᠷᠠᠭᠤᠯᠣᠨ ᠣᠯᠠᠷᠢᠭᠤᠯᠬᠤ ᠨᠣᠷᠮ᠎ᠠ ᠶᠢ 67% ᠠᠴᠠ ᠳᠡᠭᠡᠭᠰᠢ ᠪᠣᠯᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠲᠥᠪᠯᠡᠷᠡᠭᠦᠯᠦᠨ ᠲᠣᠬᠢᠷᠠᠭᠤᠯᠬᠤ ᠲᠥᠪ᠂ ᠬᠥᠮᠥᠷᠭᠡᠯᠡᠨ ᠬᠠᠳᠠᠭᠠᠯᠠᠬᠤ ᠬᠥᠯᠳᠡᠭᠡᠵᠦ ᠬᠠᠳᠠᠭᠠᠯᠠᠬᠤ ᠵᠡᠷᠭᠡ ᠳᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃    6. ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠨᠢᠭᠡ ᠳᠤ᠂ ︽ᠭᠤᠷᠪᠠᠨ ᠰᠢᠶᠠᠩ ᠨᠢᠭᠡ ᠬᠤᠲᠠ · ᠠᠯᠠᠱᠠ︾ ᠶᠢᠨ ᠲᠣᠭᠤᠷᠢᠨ ᠳᠤ ᠠᠵᠤ ᠦᠢᠯᠡᠰ ᠢ ᠬᠥᠭᠵᠢᠭᠦᠯᠵᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠬᠦᠳᠦᠯᠦᠨ  ᠳᠠᠭᠠᠭᠤᠯᠣᠨ᠎ᠠ᠃ ᠬᠤᠶᠠᠷ ᠲᠤ᠂ ︽ᠬᠤᠲᠠ ᠬᠥᠳᠡᠭᠡ ᠶᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠣᠷᠣᠨ︾᠂ ︽ᠬᠤᠲᠠ ᠬᠥᠳᠡᠭᠡ ᠶᠢᠨ ᠠᠭᠤᠯᠵᠠᠷ ᠭᠠᠵᠠᠷ︾ ᠢ ᠲᠣᠭᠲᠠᠭᠠᠵᠤ᠂ ᠣᠷᠣᠨ ᠪᠠᠶᠢᠷᠢ ᠶᠢᠨ ᠳᠠᠪᠠᠭᠤᠯᠢᠭ ᠪᠠ ᠥᠪᠡᠷ ᠤᠨ ᠥᠷᠲᠡᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠬᠤᠯᠪᠣᠭᠠᠨ ᠤ ᠰᠠᠭᠤᠷᠢᠨ ᠭᠠᠵᠠᠷ ᠲᠤ ᠲᠦᠰᠢᠭᠯᠡᠨ ᠠᠯᠠᠱᠠ ᠶᠢᠨ ᠣᠨᠴᠠᠯᠢᠭᠲᠤ ᠠᠵᠤ ᠦᠢᠯᠡᠰ ᠤᠨ ᠦᠢᠯᠡᠳᠪᠦᠷᠢᠯᠡᠯ ᠪᠣᠷᠣᠯᠠᠭᠤᠯᠭ᠎ᠠ ᠶᠢᠨ ᠠᠵᠤ ᠠᠬᠤᠶᠢᠯᠠᠯ ᠳᠤ ᠨᠢᠭᠡᠳᠦᠯᠲᠡᠶ ᠪᠣᠷᠣᠯᠠᠭᠤᠯᠭ᠎ᠠ ᠶᠢᠨ ᠲᠠᠯᠠᠪᠤᠷ ᠬᠠᠩᠭᠠᠵᠤ᠂ ᠨᠠᠩ ᠣᠯᠠᠨ ᠬᠤᠷᠰᠢᠭᠰᠠᠨ ᠠᠵᠤ ᠠᠬᠤᠶᠢᠯᠠᠯ ᠪᠠ ᠬᠡᠷᠡᠭᠯᠡᠭᠴᠢᠳ ᠢ ᠲᠠᠲᠠᠵᠤ᠂ ᠰᠠᠶᠢᠨ ᠣᠷᠴᠢᠯ ᠢ ᠪᠣᠶ ᠪᠣᠯᠭᠠᠵᠤ᠂ ᠪᠣᠷᠣᠯᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠭᠤᠷᠪᠠ ᠳᠤ᠂ ᠤᠨᠴᠠᠯᠢᠬᠳᠤ ᠠᠵᠤ ᠦᠢᠯᠡᠰ ᠤᠨ ᠰᠢᠭᠤᠳ ᠨᠡᠪᠲᠡᠷᠡᠭᠦᠯᠭᠡ᠂ ᠪᠠᠷᠠᠭ᠎ᠠ ᠬᠤᠳᠠᠯᠳᠤᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠤᠬᠠᠶᠢᠯᠠᠭᠰᠠᠨ ᠠᠵᠢᠯ ᠢ ᠢᠳᠡᠪᠬᠢᠲᠡᠢ ᠥᠷᠨᠢᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠨᠢᠭᠡ ᠴᠤᠬᠴᠠᠵᠢᠭᠤᠯᠤᠬᠰᠠᠨ ᠬᠥᠭᠵᠢᠯᠲᠡ ᠶᠢᠨ ᠵᠠᠭᠪᠤᠷ ᠢ ᠡᠭᠦᠳᠴᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠦᠭᠵᠢᠬᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠤᠨᠴᠠᠯᠢᠬᠳᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠰᠦᠯᠵᠢᠶᠡᠨ ᠭᠠᠳᠠᠨ᠎ᠠ ᠪᠣᠷᠣᠯᠠᠭᠤᠯᠬᠤ ᠶᠢ ᠤᠶᠠᠯᠳᠤᠭᠤᠯᠵᠤ᠂ ᠤᠯᠠᠨ ᠠᠷᠭ᠎ᠠ ᠵᠠᠮ ᠢᠶᠠᠷ ᠪᠣᠷᠣᠯᠠᠭᠤᠯᠦᠨ᠎ᠡ᠃ ᠳᠥᠷᠪᠡ ᠳᠤ᠂ ᠳ᠋ᠦᠩ ᠡᠸ᠋ ᠴᠠᠷᠴᠠᠮᠠᠭ᠂ ᠪᠡᠭᠡᠵᠢᠩ ᠤᠨ ᠵᠢᠶ ᠰᠢᠩ ᠵᠡᠷᠭᠡ ᠲᠣᠮᠣ ᠬᠡᠯᠪᠡᠷᠢ ᠶᠢᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭᠠᠨ ᠤ ᠲᠥᠷᠥᠯ ᠵᠦᠢᠯ ᠢ ᠢᠳᠡᠪᠬᠢᠲᠡᠶ ᠠᠬᠢᠭᠤᠯᠵᠤ᠂ ᠭᠦᠨᠵᠡᠭᠡᠶᠢᠷᠡᠭᠦᠯᠵᠦ᠂ ᠠᠯᠠᠱᠠ ᠶᠢᠨ ᠣᠨᠴᠠᠯᠢᠭᠲᠤ ᠠᠵᠤ ᠦᠢᠯᠡᠰ ᠤᠨ ︽ᠰᠢᠨ᠎ᠡ︾ ︽ᠣᠨᠴᠠ ᠪᠦᠲᠦᠭᠡᠭᠳᠡᠬᠦᠨ︾ ᠢ ᠰᠤᠳᠤᠯᠤᠨ ᠨᠡᠭᠡᠭᠡᠵᠦ᠂ ᠨᠠᠷᠠᠲᠤ ᠲᠡᠮᠳᠡᠭᠲᠦ ᠶᠢ ᠠᠯᠳᠠᠷᠰᠢᠭᠤᠯᠤᠨ᠂ ᠣᠨᠴᠠᠯᠢᠭᠲᠤ ᠦᠢᠯᠡᠳᠬᠦᠨ ᠤ ᠥᠷᠲᠡᠭ ᠢ ᠨᠡᠮᠡᠭᠳᠡᠬᠦᠯᠦᠨ ᠣᠷᠣᠯᠭ᠎ᠠ ᠶᠢ ᠡᠭᠦᠳᠬᠦ ᠶᠢ ᠠᠬᠢᠭᠤᠯᠣᠨ᠎ᠠ᠃ ᠲᠠᠪᠤ ᠳᠤ᠂ ︽ᠲᠠᠷᠢᠶᠠᠴᠢᠨ + ᠮᠠᠯᠴᠢᠨ︾ ᠠᠵᠤ ᠦᠢᠯᠡᠰ ᠤᠨ ᠬᠠᠮᠵᠢᠯᠴᠠᠬᠤ ᠵᠠᠭᠪᠤᠷ ᠢ ᠰᠢᠨᠡᠴᠢᠯᠡᠨ ᠥᠷᠨᠢᠭᠦᠯᠵᠦ᠂ ᠠᠭᠤᠰᠤᠯᠴᠠᠭᠰᠠᠨ ᠳᠠᠪᠠᠭᠤᠯᠢᠭ ᠲᠤ ᠲᠦᠰᠢᠭᠯᠡᠨ᠂ ᠬᠠᠷᠢᠯᠴᠠᠨ ᠲᠡᠳᠬᠦᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠭᠦᠨᠵᠡᠭᠡᠢ ᠪᠣᠯᠪᠠᠰᠣᠷᠠᠭᠤᠯᠬᠤ ︽ᠳᠣᠮᠣ ᠠᠵᠢᠯ︾ ᠢ ᠰᠠᠶᠢᠲᠤᠷ ᠬᠢᠨ᠎ᠡ᠃    7. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢ ᠣᠨᠴᠠᠯᠢᠬᠵᠢᠭᠤᠯᠤᠨ ᠬᠥᠭᠵᠢᠭᠦᠯᠬᠦ ᠲᠣᠭᠤᠷᠢᠨ ᠳᠤ ᠡᠯᠪᠡᠭ ᠬᠤᠷᠢᠶᠠᠯᠲᠠ ᠲᠠᠢ ᠴᠢᠨᠠᠷ ᠰᠠᠶᠢᠲᠠᠶ ᠡᠭᠦᠯᠳᠡᠷ ᠪᠣᠯᠤᠨ ᠥᠨᠳᠥᠷ ᠤᠨᠠᠯᠲᠠ ᠲᠠᠢ᠂ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠡᠷᠴᠢᠮ ᠢᠶᠠᠨ ᠨᠡᠮᠡᠭᠳᠡᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠢ ᠴᠢᠩᠭᠠᠳᠬᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠳᠡᠭᠡᠭᠰᠢᠯᠡᠬᠦᠯᠦᠨ᠎ᠡ᠃ ᠲᠠᠷᠢᠶᠠᠯᠠᠩ ᠤᠨ ᠬᠡᠷᠡᠭᠰᠡᠯ ᠢ ᠬᠠᠩᠭᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠲᠠᠷᠢᠶᠠᠴᠢᠳ ᠲᠤ ᠳᠣᠤᠷ᠎ᠠ ᠦᠨ᠎ᠡ ᠲᠠᠢ ᠲᠠᠷᠢᠶᠠᠨ ᠡᠮ᠂ ᠮᠠᠯ ᠤᠨ ᠡᠮ᠂ ᠪᠣᠷᠳᠣᠭᠤᠷ᠂ ᠦᠷ᠎ᠡ᠂ ᠴᠢᠬᠢ᠂ ᠲᠡᠵᠢᠭᠡᠯ ᠡᠪᠡᠰᠦ ᠪᠣᠷᠳᠤᠭ᠎ᠠ ᠵᠡᠷᠭᠡ ᠲᠠᠷᠢᠶᠠᠯᠠᠩ ᠤᠨ ᠬᠡᠷᠡᠭᠰᠡᠯ ᠢ ᠬᠠᠩᠭᠠᠵᠤ᠂ ᠣᠷᠣᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠣᠨ᠎ᠠ᠃ ᠬᠦᠳᠡᠭᠡ ᠠᠵᠦ ᠠᠬᠤᠢ ᠬᠦᠳᠡᠭᠡ ᠲᠤᠰᠬᠤᠨ ᠤ ᠪᠡᠯᠡ ᠲᠤᠬᠢᠷᠠᠭᠤᠯᠬᠤ ᠠᠷᠭ᠎ᠠ ᠮᠠᠶ᠋ᠢᠭ ᠪᠠ ᠮᠦᠩᠭᠦᠨ ᠭᠦᠢᠯᠬᠡᠬᠡ᠂ ᠲᠠᠭᠠᠳᠬᠠᠯ ᠤᠨ ᠦᠢᠯᠡᠳᠬᠦᠨ ᠤ ᠰᠢᠨ᠎ᠠ ᠶᠢ ᠡᠭᠦᠳᠴᠤ᠂ ᠮᠦᠩᠭᠦᠨ ᠭᠦᠢᠯᠬᠡᠬᠡ ᠶᠢᠨ ᠬᠦᠳᠡᠭᠡ ᠠᠵᠦ ᠠᠬᠤᠢ ᠬᠦᠳᠡᠭᠡ ᠳᠣᠰᠬᠤᠨ ᠲᠠᠷᠢᠶᠠᠴᠢᠳ ᠲᠤ ᠦᠢᠯᠡᠴᠢᠯᠡᠬᠦ ︽ᠬᠠᠮᠤᠭ ᠤᠨ ᠡᠴᠦᠰ ᠤᠨ ᠨᠢᠬᠡ ᠺᠢᠯᠣᠮᠧᠲᠷ︾ ᠢ ᠨᠡᠪᠳᠡᠷᠡᠬᠦᠯᠦᠨ᠎ᠠ᠃ ᠠᠵᠤ ᠠᠬᠤᠶᠢᠯᠠᠯ ᠪᠠ ᠣᠷᠣᠨ ᠨᠤᠲᠤᠭ ᠤᠨ ᠬᠠᠮᠳᠣᠷᠠᠬᠤ ᠬᠦᠴᠦᠨ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠣᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠬᠦᠯᠬᠦ᠂ ᠡᠯᠧᠺᠲᠷᠣᠨ ᠬᠤᠳᠠᠯᠳᠤᠭᠠᠨ ᠤ ᠲᠤᠰᠬᠠᠶ ᠲᠣᠭᠤᠷᠢᠭ ᠪᠠᠶᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠶᠢᠨ ᠡᠬᠢ ᠪᠠᠶᠠᠯᠢᠭ ᠤᠨ ᠬᠦᠴᠦᠨ ᠢ ᠳᠠᠶᠢᠴᠢᠯᠠᠨ᠂ ᠬᠠᠨᠳᠤᠯᠭ᠎ᠠ ᠲᠠᠢ ᠪᠠᠷ ᠬᠤᠳᠠᠯᠳᠤᠨ ᠠᠪᠬᠤ᠂ ᠴᠡᠭ ᠲᠣᠭᠲᠠᠭᠠᠨ ᠪᠣᠷᠣᠯᠠᠭᠤᠯᠬᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠷ᠎ᠡ ᠲᠣᠭᠲᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ︽ᠬᠤᠳᠠᠯᠳᠤᠨ ᠠᠪᠬᠤ ᠪᠠᠷ ᠬᠠᠪᠰᠤᠷᠬᠤ︾ ᠶᠢ ᠣᠷᠣᠯᠠᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠶᠢ ᠨᠠᠷᠢᠨ ᠨᠢᠮᠪᠠᠶ ᠡᠷᠬᠢᠯᠡᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢᠨ ᠬᠡᠮᠵᠢᠶ᠎ᠡ ᠶᠢ ᠨᠡᠮᠡᠭᠳᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠨ᠎ᠠ᠃    ︵ᠭᠤᠷᠪᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢᠨ ᠴᠡᠪᠡᠷ ᠣᠷᠤᠯᠭ᠎ᠠ ᠶᠢ ᠲᠠᠰᠤᠷᠠᠯᠲᠠ ᠦᠭᠡᠢ ᠦᠷᠭᠡᠳᠭᠡᠨ᠎ᠡ     1. ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠮᠥᠩᠭᠦᠨ ᠭᠦᠢᠯᠭᠡᠭᠡᠨ ᠤ ᠡᠳ᠋ ᠤᠨ ᠶᠠᠪᠤᠳᠠᠯ ᠢ ᠬᠠᠮᠢᠶᠠᠷᠬᠤ ᠮᠡᠳᠡᠯᠭᠡ ᠶᠢ ᠤᠬᠠᠭᠤᠯᠬᠤ ᠪᠠ ᠲᠦᠭᠡᠮᠡᠯᠵᠢᠭᠦᠯᠬᠦ ᠶᠢ ᠴᠢᠩᠭᠠᠳᠬᠠᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠥᠪ ᠦᠵᠡᠯᠲᠡ ᠪᠠ ᠴᠢᠳᠠᠪᠤᠷᠢ ᠶᠢ ᠨᠢ ᠬᠥᠮᠦᠵᠢᠭᠦᠯᠦᠨ᠎ᠡ᠃ ᠬᠤᠳᠠᠯᠳᠤᠭᠠᠨ ᠤ ᠪᠠᠩᠬᠢ᠂ ᠳᠠᠭᠠᠳᠬᠠᠯ ᠤᠨ ᠺᠣᠮᠫᠠᠨᠢ ᠪᠣᠯᠤᠨ ᠢᠲᠡᠭᠡᠮᠵᠢᠲᠦ ᠨᠠᠶᠢᠳᠠᠯᠭ᠎ᠠ ᠶᠢᠨ ᠺᠣᠮᠫᠠᠨᠢ ᠶᠢᠨ ᠰᠠᠭᠤᠭᠠᠯᠢ ᠠᠷᠠᠳ ᠲᠤ ᠨᠡᠩ ᠪᠠᠶᠠᠯᠢᠭ ᠪᠡᠯᠡ ᠣᠷᠣᠭᠤᠯᠬᠤ ᠦᠢᠯᠡᠳᠬᠦᠨ ᠬᠠᠩᠭᠠᠬᠤ ᠶᠢ ᠵᠣᠷᠢᠭᠵᠢᠭᠤᠯᠵᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ  ᠦᠢᠯᠡᠳᠬᠦᠨ ᠪᠠ ᠦᠢᠯᠡᠴᠢᠯᠡᠭᠡᠨ ᠤ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠶᠠᠩᠵᠤᠴᠢᠯᠠᠭᠰᠠᠨ᠂ ᠵᠦᠷᠢᠶᠡᠴᠢᠯᠡᠭᠰᠡᠨ᠂ ᠣᠨᠴᠠᠯᠢᠬᠵᠢᠭᠰᠠᠨ ᠮᠥᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ ᠲᠡᠮᠳᠡᠭᠲᠦ ᠬᠤᠭᠤᠴᠠᠭᠠᠲᠤ ᠪᠠᠷᠠᠭᠠᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠣᠷᠣᠨ ᠰᠠᠭᠤᠴᠠ ᠶᠢᠨ ᠳᠦᠷᠢᠶᠡᠰᠦᠯᠡᠯ ᠤᠨ ᠵᠠᠬ᠎ᠠ ᠳᠡᠯᠭᠡᠭᠦᠷ ᠤᠨ ᠬᠡᠪᠴᠢᠶᠡᠵᠢᠭᠰᠡᠨ᠂ ᠵᠢᠷᠤᠮᠵᠢᠭᠰᠠᠨ ᠬᠥᠭᠵᠢᠯᠲᠡ ᠶᠢ ᠲᠦᠷᠭᠡᠨ ᠪᠤᠶᠢᠵᠢᠭᠤᠯᠵᠤ᠂ ᠣᠯᠠᠨ ᠠᠷᠭ᠎ᠠ ᠵᠠᠮ ᠢᠶᠠᠷ ᠳᠦᠷᠢᠶᠡᠰᠦᠯᠡᠬᠦ ᠣᠷᠣᠨ ᠰᠠᠭᠤᠴᠠ ᠶᠢᠨ ᠬᠠᠩᠭᠠᠯᠭ᠎ᠠ ᠶᠢᠨ ᠳᠣᠭᠳᠠᠯᠴᠠᠭ᠎ᠠ ᠶᠢ ᠪᠠᠶᠢᠭᠤᠯᠤᠨ᠂ ᠰᠠᠭᠤᠭᠠᠯᠢ ᠠᠷᠠᠳ ᠤᠨ ᠰᠤᠯᠠ ᠪᠠᠶᠢᠬᠤ ᠡᠳ᠋ ᠬᠦᠷᠦᠩᠭᠡ ᠶᠢ ᠠᠮᠢᠯᠠᠭᠤᠯᠬᠤ ᠶᠢ ᠳᠡᠮᠵᠢᠵᠦ᠂ ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠭᠡᠷ ᠪᠠᠶᠢᠰᠢᠩ ᠤᠨ ᠳᠦᠷᠢᠶᠡᠰᠦᠯᠡᠯ ᠤᠨ ᠠᠰᠢᠭ ᠣᠯᠵᠠᠪᠤᠷᠢ ᠶᠢ ᠨᠡᠮᠡᠭᠳᠡᠬᠦᠯᠦᠨ᠎ᠡ᠃ ᠨᠥᠬᠦᠴᠡᠯ ᠲᠠᠢ ᠬᠤᠰᠢᠭᠤ ᠣᠷᠣᠨ ᠤ ᠰᠠᠭᠤᠭᠠᠯᠢ ᠠᠷᠠᠳ ᠤᠨ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠡᠵᠡᠩᠨᠡᠬᠦ ᠲᠤᠷᠰᠢᠯᠲᠠ ᠶᠢᠨ ᠴᠡᠭ ᠲᠤ ᠬᠤᠪᠢ ᠣᠷᠣᠭᠤᠯᠬᠤ ᠶᠢ ᠵᠣᠷᠢᠭᠵᠢᠭᠤᠯᠵᠤ᠂ ᠣᠷᠣᠯᠭ᠎ᠠ ᠪᠠᠭᠠᠲᠠᠶ ᠬᠦᠮᠦᠰ ᠢ ᠵᠣᠬᠢᠶᠠᠨ ᠪᠠᠶᠢᠭᠤᠯᠤᠨ ᠬᠤᠪᠢ ᠣᠷᠣᠭᠤᠯᠤᠨ ᠡᠵᠡᠩᠨᠡᠬᠦ ᠮᠠᠶ᠋ᠢᠭ ᠢᠶᠠᠷ ᠬᠡᠰᠡᠭ ᠠᠰᠢᠭ ᠣᠯᠵᠠᠪᠤᠷᠢ ᠲᠠᠢ ᠬᠤᠲᠠ ᠶᠢᠨ ᠶᠠᠪᠤᠳᠠᠯ ᠤᠨ ᠲᠥᠷᠥᠯ ᠵᠦᠢᠯ ᠢ ᠡᠵᠡᠩᠨᠡᠬᠦᠯᠵᠦ ᠣᠷᠣᠯᠭ᠎ᠠ ᠶᠢ ᠨᠢ ᠨᠡᠮᠡᠭᠳᠡᠬᠦᠯᠦᠨ᠎ᠡ᠃ ᠰᠠᠭᠤᠭᠠᠯᠢ ᠠᠷᠠᠳ ᠤᠨ ᠡᠳ᠋ ᠬᠦᠷᠦᠩᠭᠡ ᠶᠢ ᠬᠥᠷᠥᠩᠭᠡ ᠲᠡᠰᠢ ᠬᠤᠪᠢᠷᠠᠭᠤᠯᠬᠤ ᠶᠢ ᠳᠡᠮᠵᠢᠵᠦ᠂ ᠰᠠᠭᠤᠭᠠᠯᠢ ᠠᠷᠠᠳ ᠢ ᠬᠦᠲᠦᠯᠦᠨ ᠵᠢᠯᠤᠭᠤᠳᠴᠤ ᠪᠠᠶᠢᠭᠠᠳ ᠬᠤᠪᠢ ᠣᠷᠣᠭᠤᠯᠣᠨ ᠠᠵᠤ ᠠᠬᠤᠶᠢᠯᠠᠯ ᠢ ᠪᠠᠶᠢᠭᠤᠯᠬᠤ ᠪᠣᠶᠣ ᠪᠡᠯᠡ ᠭᠠᠷᠭᠠᠨ ᠬᠤᠪᠢ ᠣᠷᠣᠭᠤᠯᠵᠤ ᠪᠡᠯᠡ ᠣᠷᠣᠭᠤᠯᠤᠨ ᠵᠣᠴᠢᠳ ᠤᠨ ᠪᠠᠭᠤᠳᠠᠯ ᠮᠠᠶ᠋ᠢᠭ ᠤᠨ ᠨᠡᠶᠢᠲᠡ ᠶᠢᠨ ᠪᠠᠶᠢᠷᠢ᠂ ᠠᠮᠠᠷᠠᠯᠲᠠ ᠥᠩᠭᠡᠷᠡᠭᠡᠵᠦ ᠲᠦᠷᠢᠶᠡᠰᠦᠯᠡᠭᠦᠯᠬᠦ ᠣᠨᠴᠠᠯᠢᠭᠲᠤ ᠪᠠᠭᠤᠳᠠᠯ ᠵᠡᠷᠭᠡ ᠡᠵᠡᠩᠨᠡᠯᠲᠡ ᠶᠢᠨ ᠲᠥᠭᠰᠢᠭᠦᠷᠢ ᠪᠠᠷ ᠪᠠᠭ᠎ᠠ᠂ ᠲᠥᠰᠥᠭᠡᠯᠡᠭᠰᠡᠨ ᠢᠶᠠᠷ ᠰᠠᠶᠢᠨ ᠡᠵᠡᠩᠨᠡᠯᠲᠡ ᠶᠢᠨ ᠲᠦᠷᠦᠯ ᠵᠦᠢᠯ ᠢ ᠬᠦᠭᠵᠢᠬᠦᠯᠦᠨ᠎ᠡ᠃    2. ᠮᠠᠯᠴᠢᠨ ᠲᠠᠷᠢᠶᠠᠴᠢᠳ ᠤᠨ ᠡᠳ᠋ ᠬᠥᠷᠥᠩᠭᠡ ᠶᠢᠨ ᠠᠰᠢᠭ ᠣᠯᠵᠠᠪᠤᠷᠢ ᠶᠢ ᠬᠦᠭᠵᠢᠬᠡᠨ᠎ᠡ᠃ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠡᠯᠡ ᠮᠥᠩᠭᠦ ᠪᠠᠷ ᠬᠥᠲᠥᠴᠢ ᠠᠵᠤ ᠠᠬᠤᠶᠢᠯᠠᠯ᠂ ᠲᠤᠰᠬᠠᠶ  ᠬᠤᠷᠰᠢᠶᠠᠵᠢᠯ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠵᠡᠷᠭᠡ ᠡᠵᠡᠩᠨᠡᠯᠲᠡ ᠶᠢᠨ ᠭᠤᠤᠯ ᠴᠣᠭᠴᠠ ᠶᠢᠨ ᠬᠡᠷᠡᠭᠵᠢᠭᠦᠯᠦᠭᠰᠡᠨ ᠲᠥᠷᠥᠯ ᠵᠦᠢᠯ ᠢ ᠳᠡᠮᠵᠢᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠤᠷᠢᠳᠠᠪᠠᠷ ᠪᠣᠶ ᠪᠣᠯᠭᠠᠵᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠠᠵᠢᠯ ᠣᠯᠭᠤᠵᠤ ᠬᠦᠴᠦ ᠶᠠᠪᠤᠬᠤ᠂ ᠡᠳ᠋ ᠬᠥᠷᠥᠩᠭᠡ ᠪᠠᠷ ᠬᠤᠪᠢ ᠣᠷᠣᠭᠤᠯᠬᠤ᠂ ᠠᠰᠢᠭ ᠣᠯᠵᠠᠪᠤᠷᠢ ᠣᠯᠬᠤ ᠵᠡᠷᠭᠡ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠣᠳᠣᠷᠬᠠᠶᠢᠯᠠᠵᠤ᠂ ᠣᠯᠠᠨ ᠲᠦᠮᠡᠨ ᠤ ᠬᠦᠢᠴᠡᠳ ᠠᠰᠢᠭ ᠭᠥᠷᠳᠡᠬᠦ ᠶᠢ ᠦᠨᠡᠨᠬᠦ ᠪᠠᠲᠤᠯᠠᠨ᠎ᠠ᠃ ᠡᠳ᠋ ᠬᠥᠷᠥᠩᠭᠡ ᠪᠠᠷ ᠬᠤᠪᠢ ᠣᠷᠣᠭᠤᠯᠬᠤ ᠠᠷᠭ᠎ᠠ ᠮᠠᠶ᠋ᠢᠭ ᠢ ᠠᠪᠤᠭᠰᠠᠨ ᠪᠠᠶᠢᠪᠠᠯ᠂ ᠡᠵᠡᠩᠨᠡᠯᠲᠡ ᠶᠢᠨ ᠭᠤᠤᠯ ᠴᠣᠭᠴᠠ ᠨᠢ ᠵᠢᠯ ᠪᠦᠷᠢ ᠬᠤᠪᠢ ᠣᠷᠣᠭᠤᠯᠤᠭᠰᠠᠨ ᠠᠰᠢᠭ ᠣᠷᠣᠯᠭ᠎ᠠ ᠪᠠᠨ ᠵᠣᠬᠢᠬᠤ ᠬᠠᠷᠢᠴᠠᠯ ᠢᠶᠠᠷ ᠮᠠᠯᠴᠢᠨ ᠲᠠᠷᠢᠶᠠᠴᠢᠨ ᠳᠤ ᠬᠤᠪᠢᠶᠠᠨ ᠥᠭᠭᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠨᠤᠲᠤᠭ ᠪᠡᠯᠴᠢᠭᠡᠷ ᠤᠨ ᠥᠮᠴᠢᠯᠡᠬᠦ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ︽ᠭᠤᠷᠪᠠᠨ ᠡᠷᠬᠡ︾ ᠶᠢ ᠰᠠᠯᠭᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠵᠠᠷ ᠰᠢᠷᠣᠶ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠭᠤᠨ ᠪᠠᠶᠢᠯᠭᠠᠬᠤ ᠶᠢ ᠪᠠᠷᠢᠮᠲᠠᠯᠠᠨ᠂ ᠭᠠᠵᠠᠷ ᠰᠢᠷᠣᠶ ᠨᠤᠲᠤᠭ ᠪᠡᠯᠴᠢᠭᠡᠷ ᠢ ᠡᠷᠭᠢᠯᠳᠦᠭᠦᠯᠬᠦ ᠦᠢᠯᠡᠴᠢᠯᠡᠭᠡᠨ ᠤ  ᠳᠣᠭᠳᠠᠯᠴᠠᠭ᠎ᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠰᠢᠷᠣᠶ ᠨᠤᠲᠤᠭ ᠪᠡᠯᠴᠢᠭᠡᠷ ᠢ ᠬᠠᠤᠯᠢ ᠶᠣᠰᠣᠭᠠᠷ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠪᠤᠴᠠᠭᠠᠵᠤ ᠭᠠᠷᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠵᠡᠷᠭᠡ ᠨᠡᠶᠢᠭᠡᠮ ᠤᠨ ᠬᠥᠷᠥᠩᠭᠡ ᠶᠢᠨ ᠡᠷᠭᠢᠯᠳᠦᠭᠦᠯᠬᠦ ᠪᠠᠷ ᠳᠠᠮᠵᠢᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠣᠯᠬᠤ ᠬᠢᠷᠢ ᠭᠡᠮ ᠢ ᠬᠢᠨᠠᠨ ᠪᠠᠶᠢᠴᠠᠭᠠᠬᠤ ᠪᠠ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠪᠠ ᠥᠮᠴᠢᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠣᠭᠲᠠᠯᠴᠠᠭ᠎ᠠ ᠶᠢ ᠪᠦᠷᠢᠨᠰᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠰᠤᠯᠠ ᠪᠠᠶᠢᠭ᠎ᠠ ᠣᠷᠣᠨ ᠰᠠᠭᠤᠴᠠ ᠪᠠ ᠭᠡᠷ ᠪᠠᠶᠢᠰᠢᠩ ᠤᠨ ᠰᠠᠭᠤᠷᠢᠨ ᠭᠠᠵᠠᠷ ᠤᠨ ᠠᠰᠢᠭᠯᠠᠯᠲᠠ ᠶᠢ ᠬᠠᠶᠢᠨ ᠰᠦᠪᠡᠭᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠠᠬ᠎ᠠ ᠳᠡᠯᠭᠡᠭᠦᠷ ᠲᠤ ᠣᠷᠣᠬᠤ ᠲᠤᠷᠰᠢᠯᠲᠠ ᠶᠢᠨ ᠠᠵᠢᠯ ᠢ ᠠᠬᠢᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠥᠬᠡᠶ ᠥᠷᠭᠡᠳᠬᠡᠵᠦ᠂ ᠮᠠᠯᠴᠢᠨ ᠲᠠᠷᠢᠶᠠᠴᠢᠨ ᠤ ᠠᠰᠢᠭ ᠣᠷᠣᠯᠭ᠎ᠠ ᠶᠢ ᠳᠡᠭᠡᠭᠰᠢᠯᠡᠭᠦᠯᠦᠨ᠎ᠡ᠃    ︵ᠲᠦᠷᠪᠡ︶ ᠣᠷᠤᠭᠤᠯᠤᠯᠲᠠ ᠪᠠᠨ ᠨᠡᠮᠡᠭᠳᠡᠭᠦᠯᠵᠦ᠂ ᠰᠢᠯᠵᠢᠯᠳᠡ ᠶᠢᠨ ᠴᠡᠪᠡᠷ ᠣᠷᠤᠯᠭ᠎ᠠ ᠶᠢ ᠯᠠᠪᠳᠠᠭᠤᠨ ᠢᠶᠠᠷ ᠨᠡᠮᠡᠭᠳᠡᠭᠦᠯᠦᠨ᠎ᠡ    1. ᠨᠡᠶᠢᠭᠡᠮ ᠤᠨ ᠪᠠᠲᠤᠯᠠᠭ᠎ᠠ ᠶᠢᠨ ᠬᠠᠮᠣᠷᠬᠤ ᠬᠡᠪᠴᠢᠶ᠎ᠡ ᠶᠢ ᠥᠷᠭᠡᠳᠬᠡᠨ᠎ᠡ᠃ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠦᠨ᠂ ᠠᠵᠢᠯᠲᠠᠨ ᠤ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠬᠡᠪᠴᠢᠶ᠎ᠡ ᠶᠢ ᠨᠠᠷᠢᠯᠢᠭ  ᠣᠨᠣᠪᠴᠢᠳᠠᠢ ᠪᠠᠷ ᠥᠷᠭᠡᠳᠬᠡᠨ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠵᠦ᠂ ᠪᠠᠲᠤᠯᠠᠬᠤ ᠶᠣᠰᠣᠲᠠᠶ ᠶᠢ ᠨᠢ ᠴᠥᠮ ᠢ ᠪᠠᠲᠤᠯᠠᠨ᠎ᠡ᠃ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠵᠦᠢ ᠵᠣᠬᠢᠰᠲᠠᠶ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠪᠣᠯᠤᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠳᠤ ᠲᠣᠬᠢᠷᠠᠭᠤᠯᠤᠯᠲᠠ ᠬᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠳᠡ ᠣᠷᠣᠵᠦ ᠠᠮᠢᠳᠣᠯᠢᠭ ᠢᠶᠠᠷ ᠠᠵᠢᠯ ᠣᠯᠥᠠᠠᠰᠠᠨ ᠮᠠᠯᠴᠢᠨ ᠳᠡᠷᠢᠶᠡᠴᠢᠨ ᠤ ᠠᠵᠦ ᠠᠬᠤᠶᠢᠯᠠᠯ ᠤᠨ ᠠᠵᠢᠯᠳᠡᠨ ᠠᠵᠢᠯᠴᠢᠨ ᠤ ᠨᠠᠰᠣᠵᠢᠯ ᠤᠨ ᠲᠠᠭᠠᠳᠬᠠᠯ ᠳᠤ ᠣᠷᠣᠯᠴᠠᠬᠤ ᠶᠢ ᠵᠣᠷᠢᠠᠠᠵᠢᠭᠤᠯᠥᠨ᠎ᠠ᠃ 2027 ᠣᠨ ᠪᠣᠯᠬᠤ ᠳᠤ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 14.97 ᠲᠦᠮᠡ ᠪᠠ 5.38 ᠲᠦᠮᠡ ᠠᠴᠠ ᠳᠡᠭᠡᠭᠰᠢ ᠳᠤ ᠬᠦᠷᠭᠡᠨ᠎ᠡ᠃ ᠡᠮᠴᠢᠯᠡᠭᠡᠨ ᠤ ᠣᠯᠭᠤᠮᠵᠢ ᠶᠢᠨ ᠪᠠᠳᠣᠯᠠᠭ᠎ᠠ ᠶᠢᠨ ᠲᠣᠠᠠᠳᠡᠴᠠ ᠶᠢ ᠳᠡᠬᠦᠯᠳᠡᠷᠵᠢᠬᠦᠯᠵᠦ᠂ ᠦᠨᠳᠣᠰᠣᠡ ᠡᠮᠴᠢᠯᠡᠭᠡᠨ ᠤ ᠪᠠᠳᠣᠯᠠᠭ᠎ᠠ ᠶᠢᠨ ᠪᠡᠯᠡ ᠴᠣᠠᠠᠯᠠᠭᠤᠯᠬᠤ ᠪᠠ ᠲᠣᠭᠠᠴᠠᠭ᠎ᠠ ᠬᠢᠬᠦ ᠲᠣᠠᠠᠳᠡᠴᠠ ᠶᠢ ᠰᠢᠯᠢᠳᠡᠭᠵᠢᠬᠦᠯᠥᠨ᠂ ᠦᠷᠡᠵᠢᠯ ᠤᠨ ᠲᠠᠭᠠᠳᠬᠠᠯ ᠤᠨ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠵᠦ᠂ ᠬᠤᠳᠡ ᠬᠦᠳᠡᠭᠡ ᠶᠢᠨ ᠰᠠᠭᠤᠭᠠᠯᠢ ᠠᠷᠡᠳ ᠤᠨ ᠬᠦᠨᠳᠦ ᠡᠪᠡᠳᠴᠢᠨ ᠤ ᠲᠠᠭᠠᠳᠬᠠᠯ ᠤᠨ ᠳᠥᠷᠢᠮ ᠢ ᠳᠡᠬᠦᠯᠳᠡᠷᠵᠢᠬᠦᠯᠥᠨ᠎ᠠ᠃ 2027 ᠣᠨ ᠪᠣᠯᠬᠤ ᠳᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠨᠡᠯᠭᠡ ᠳᠤ ᠰᠠᠭᠤᠭᠰᠠᠨ ᠵᠠᠷᠤᠳᠠᠯ ᠤᠨ ᠰᠠᠭᠤᠷᠢ ᠮᠥᠩᠭᠦ ᠶᠢᠨ ᠥᠭᠬᠦ ᠬᠠᠷᠢᠴᠠᠯ ᠢ ᠲᠣᠰ ᠲᠣᠰ 85% ᠣᠷᠴᠢᠮ ᠪᠠ 60% ᠣᠷᠴᠢᠮ ᠪᠠᠶᠢᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ 2027 ᠣᠨ ᠪᠣᠯᠬᠤ ᠳᠤ᠂ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 6.5 ᠲᠦᠮᠡ ᠠᠴᠠ ᠳᠡᠭᠡᠭᠰᠢ ᠳᠤ ᠬᠦᠷᠦᠭᠦᠯᠵᠦ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 7.65 ᠲᠦᠮᠡ ᠠᠴᠠ ᠳᠡᠭᠡᠭᠰᠢ ᠳᠤ ᠬᠦᠷᠦᠭᠦᠯᠦᠨ᠎ᠡ᠃    2. ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠨᠡᠶᠢᠭᠡᠮ ᠤᠨ ᠠᠰᠠᠷᠠᠮᠵᠢ ᠶᠢᠨ ᠳᠦᠷᠢᠮ ᠢ ᠪᠦᠷᠢᠨᠰᠢᠭᠦᠯᠦᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠮᠠᠨ ᠤ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠶᠣᠰᠣᠭᠠᠷ᠂ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠬᠡᠷᠡᠭᠯᠡᠭᠡᠨ ᠤ ᠵᠠᠷᠤᠯᠭ᠎ᠠ ᠪᠤᠶᠤ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠬᠢᠷᠢ ᠬᠡᠮᠵᠢᠶ᠎ᠡ ᠯᠦᠭᠡ ᠬᠤᠯᠪᠣᠭᠳᠠᠭᠤᠯᠤᠭᠰᠠᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠬᠤ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ ᠬᠤᠯᠪᠣᠭᠳᠠᠭᠤᠯᠬᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ ᠲᠤ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠭᠦᠢᠴᠡᠳ ᠲᠤᠭ᠎ᠠ ᠪᠠᠷ ᠣᠯᠭᠤᠬᠤ ᠬᠡᠷᠡᠭᠲᠡᠶ᠃ ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠶ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠷᠠᠭᠤᠯᠤᠨ᠂ ᠥᠨᠳᠥᠷ ᠨᠠᠰᠤᠨ ᠤ ᠨᠡᠮᠡᠭᠦᠷᠢ ᠵᠡᠷᠭᠡ ᠨᠠᠰᠤᠲᠠᠶᠢᠴᠤᠳ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠨᠥᠴᠢᠨ ᠬᠡᠦᠬᠡᠳ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠦᠨ᠂ ᠥᠨᠥᠴᠢᠨ ᠬᠡᠤᠬᠡᠳ ᠤᠨ ᠦᠨᠳᠦᠰᠦᠨ ᠠᠮᠢᠳᠤᠷᠠᠯ ᠤᠨ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠣᠯᠭᠤᠵᠤ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠥᠬᠦᠴᠡᠯ ᠲᠠᠢ ᠭᠠᠵᠠᠷ ᠣᠷᠣᠨ ᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠵᠤ᠂ ᠨᠥᠬᠦᠪᠥᠷᠢ ᠶᠢᠨ ᠬᠡᠪᠴᠢᠶ᠎ᠡ ᠶᠢ ᠵᠦᠶ ᠵᠣᠬᠢᠰᠲᠠᠶ ᠥᠷᠭᠡᠳᠬᠡᠨ᠎ᠡ᠃ ᠨᠢᠭᠦᠯᠡᠰᠦᠩᠭᠦᠢ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠨᠢᠭᠦᠯᠡᠰᠦᠩᠭᠦᠢ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃    3. ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠭᠡᠷᠡᠭᠯᠡᠨ᠎ᠡ᠃ ᠲᠥᠷᠥ ᠶᠢᠨ ᠪᠣᠳᠣᠯᠭ᠎ᠠ ᠶᠢᠨ ᠬᠥᠲᠥᠯᠥᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠤᠨ᠂ ᠲᠠᠷᠢᠶᠠᠯᠠᠩ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠰᠢᠯᠢᠳᠡᠭᠵᠢᠭᠦᠯᠦᠨ ᠨᠡᠶᠢᠯᠡᠭᠦᠯᠵᠦ᠂ ᠵᠦᠢ ᠵᠣᠬᠢᠰᠲᠠᠶ ᠲᠣᠬᠢᠷᠠᠭᠤᠯᠤᠨ᠂ ᠰᠢᠭᠤᠳ ᠨᠥᠬᠦᠪᠥᠷᠢ᠂ ᠵᠢᠭᠡᠯᠡᠯᠭᠡ ᠶᠢᠨ ᠳᠠᠭᠠᠭᠠᠯᠲᠠ᠂ ᠲᠦᠭᠰᠢᠭᠦᠷᠢ ᠶᠢᠨ ᠨᠥᠬᠦᠪᠥᠷᠢ᠂ ᠵᠢᠭᠡᠯᠡᠯᠭᠡ ᠶᠢᠨ ᠳᠠᠮ ᠬᠦᠦ᠂ ᠠᠵᠤ ᠦᠢᠯᠡᠰ ᠤᠨ ᠰᠠᠭᠤᠷᠢ ᠮᠥᠩᠭᠦ᠂ ᠲᠠᠷᠢᠶᠠᠯᠠᠩ ᠤᠨ ᠳᠠᠭᠠᠳᠬᠠᠯ᠂ ᠬᠥᠳᠡᠯᠮᠦᠷᠢ ᠦᠢᠯᠡᠴᠢᠯᠡᠭᠡᠨ ᠤ ᠱᠠᠩᠨᠠᠯ ᠨᠥᠬᠦᠪᠥᠷᠢ ᠵᠡᠷᠭᠡ ᠲᠡᠳᠬᠦᠬᠦ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠠᠮᠤ ᠪᠤᠳᠠᠭᠠᠨ ᠤ ᠰᠢᠭᠤᠳ ᠨᠥᠬᠦᠪᠥᠷᠢ᠂ ᠲᠠᠷᠢᠶᠠᠯᠠᠩ ᠤᠨ ᠮᠠᠰᠢᠨ ᠤ ᠨᠥᠬᠦᠪᠥᠷᠢ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠥᠷᠢ ᠵᠡᠷᠭᠡ ᠨᠥᠬᠦᠪᠥᠷᠢ ᠶᠢᠨ ᠪᠡᠯᠡ ᠮᠥᠩᠭᠦ ᠶᠢ ᠴᠠᠭ ᠲᠤᠬᠠᠶ ᠳᠤᠨᠢ ᠦᠭᠭᠦ ᠬᠡᠷᠡᠭᠲᠡᠶ᠃ ᠲᠠᠷᠢᠶᠠᠯᠠᠩ ᠤᠨ ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠡᠪᠴᠢᠶ᠎ᠡ ᠶᠢ ᠥᠷᠭᠡᠳᠬᠡᠬᠦ᠂ ᠪᠦᠲᠦᠭᠡᠭᠳᠡᠬᠦᠨ ᠢ ᠨᠡᠮᠡᠭᠳᠡᠭᠦᠯᠬᠦ ᠶᠢ ᠢᠳᠡᠪᠬᠢᠲᠡᠶ ᠠᠬᠢᠭᠤᠯᠵᠤ᠂ ᠭᠠᠷᠤᠯᠲᠠ᠂ ᠦᠨ᠎ᠡ ᠬᠠᠩᠰᠢ᠂ ᠴᠠᠭ ᠠᠭᠤᠷ ᠵᠡᠷᠭᠡ ᠵᠢᠭᠠᠯᠲᠠ ᠲᠣᠭᠠᠨ ᠤ ᠳᠠᠭᠠᠳᠬᠠᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠶ᠃    ᠭᠤᠷᠪᠠ᠂ ᠪᠠᠲᠤᠯᠠᠭ᠎ᠠ ᠶᠢᠨ ᠲᠣᠭᠲᠠᠴᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠵᠣᠬᠢᠴᠠᠭᠤᠯᠬᠤ ᠪᠠ ᠰᠢᠮᠳᠠᠭᠤᠯᠣᠨ ᠪᠠᠶᠢᠴᠠᠭᠠᠬᠤ ᠬᠢᠨᠠᠨ ᠰᠢᠯᠭᠠᠬᠤ ᠶᠢ ᠨᠡᠶᠢᠳᠡᠮ ᠳᠤᠨᠢ ᠳᠦᠯᠦᠪᠵᠢᠬᠦᠯᠵᠦ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠴᠢᠬᠤᠯᠠ ᠡᠭᠦᠷᠭᠡ ᠪᠣᠯᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠯᠡᠨ ᠵᠢᠱᠢᠬᠦ ᠲᠣᠭᠲᠠᠴᠠ ᠶᠢ ᠰᠤᠳᠤᠯᠤᠨ ᠪᠠᠶᠢᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠥᠬᠦ ᠠᠶᠢᠮᠠᠭ ᠤᠨ ᠣᠨ ᠤ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠰᠢᠯᠭᠠᠨ ᠬᠢᠨᠠᠬᠤ  ᠳᠣᠭᠳᠠᠯᠴᠠᠭ᠎ᠠ ᠳᠤ ᠣᠷᠣᠭᠤᠯᠤᠨ᠂ ᠰᠢᠯᠭᠠᠨ ᠬᠢᠨᠠᠭᠰᠠᠨ ᠦᠷ᠎ᠡ ᠳ᠋ᠦᠩ ᠢ ᠡᠯ᠎ᠡ ᠱᠠᠲᠤᠨ ᠤ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠣᠨ ᠤ ᠰᠢᠯᠭᠠᠨ ᠬᠢᠨᠠᠬᠤ ᠴᠢᠬᠤᠯᠠ ᠠᠭᠤᠯᠭ᠎ᠠ ᠪᠣᠯᠭᠠᠨ᠎ᠠ᠃ ᠡᠯ᠎ᠡ ᠬᠤᠰᠢᠭᠤ ᠣᠷᠣᠨ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠵᠡᠷᠭᠡᠪᠡᠷ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠭᠤᠤᠯᠳᠠᠯᠭ᠎ᠠ ᠲᠠᠢ ᠬᠦᠮᠦᠰ ᠤᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠵᠣᠷᠢᠭᠵᠢᠭᠤᠯᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃    ︵ᠬᠤᠶᠠᠷ︶ ᠠᠬᠢᠴᠠ ᠶᠢ ᠬᠢᠨᠠᠨ ᠬᠡᠮᠵᠢᠬᠦ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠳ ᠲᠥᠰᠦᠯ ᠳᠤ ᠳᠤᠷᠠᠳᠤᠭᠰᠠᠨ ᠬᠠᠷᠠᠯᠲᠠ ᠡᠭᠦᠷᠭᠡ ᠶᠢᠨ ᠶᠣᠰᠣᠭᠠᠷ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠬᠦᠯᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠰᠦᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠮᠥᠷᠳᠡᠨ ᠦᠨᠡᠯᠡᠨ ᠵᠢᠱᠢᠬᠦ ᠬᠡᠷᠡᠭᠲᠡᠶ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠰᠠᠯᠠᠭ᠎ᠠ ᠮᠥᠴᠢᠷ ᠵᠢᠴᠢ ᠡᠯ᠎ᠡ ᠬᠤᠰᠢᠭᠤ ᠣᠷᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ ᠬᠤᠲᠠ ᠬᠥᠳᠡᠭᠡ ᠶᠢᠨ ᠰᠠᠭᠤᠭᠠᠯᠢ ᠡᠷᠦᠬᠡ ᠶᠢᠨ ᠣᠷᠣᠯᠭ᠎ᠠ ᠵᠠᠷᠤᠯᠭ᠎ᠠ ᠶᠢᠨ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠤᠯᠤᠰ᠂ ᠪᠥᠬᠦ ᠣᠷᠣᠨ ᠤ ᠲᠤᠭ᠎ᠠ ᠪᠠᠷᠢᠮᠲᠠ ᠲᠠᠢ ᠶᠡᠷᠦᠩᠬᠡᠶᠢᠯᠡᠨ ᠬᠠᠷᠢᠴᠠᠭᠤᠯᠤᠨ ᠵᠠᠳᠠᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃    ︵ᠭᠤᠷᠪᠠ︶ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠥᠪᠥᠷ ᠮᠣᠩᠭᠤᠯ ᠤᠨ ᠤᠯᠤᠰ ᠤᠨ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠪᠠ ᠳᠡᠮᠵᠢᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠭᠦᠨᠵᠡᠭᠡᠶ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠠᠭᠤᠭᠠᠯᠢ ᠡᠷᠦᠬᠡ ᠶᠢ ᠪᠠᠶᠢᠴᠠᠭᠠᠬᠤ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠠᠭᠤᠭᠠᠯᠢ ᠡᠷᠦᠬᠡ ᠶᠢ ᠪᠠᠶᠢᠴᠠᠭᠠᠬᠤ ᠠᠵᠢᠯᠲᠠᠨ ᠤ ᠬᠦᠴᠦᠨ ᠢ ᠲᠡᠭᠦᠯᠳᠡᠷᠵᠢᠭᠦᠯᠵᠦ᠂ ᠡᠯ᠎ᠡ ᠬᠤᠰᠢᠭᠤ ᠣᠷᠣᠨ ᠨᠢ ᠨᠠᠭᠠᠳᠤ ᠵᠠᠬ᠎ᠠ ᠳᠠᠭᠠᠨ 2 ᠲᠤᠰᠬᠠᠶ ᠠᠵᠢᠯᠲᠠᠨ ᠢ ᠲᠣᠬᠢᠷᠠᠭᠤᠯᠬᠤ ᠶᠢᠨ ᠬᠠᠮᠲᠤ ᠠᠵᠢᠯᠲᠠᠨ ᠤ ᠡᠩᠨᠡᠭᠡ ᠶᠢᠨ ᠲᠣᠭᠲᠠᠪᠤᠷᠢᠲᠤ ᠴᠢᠨᠠᠷ ᠢ ᠪᠠᠲᠤᠯᠠᠵᠤ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠤᠯᠤᠰ ᠤᠨ ᠪᠠᠶᠢᠴᠠᠭᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢ ᠲᠣᠳᠣᠷᠬᠠᠶᠢᠯᠠᠨ᠂ ᠠᠵᠢᠯᠳᠠᠨ ᠢ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ ᠵᠠᠷᠴᠢᠮ ᠶᠣᠰᠣᠭᠠᠷ ᠭᠠᠴᠠᠭ᠎ᠠ ᠲᠣᠰᠬᠤᠨ ︵ᠰᠠᠭᠤᠭᠠᠯᠢ ᠠᠷᠠᠳ ᠤᠨ ᠵᠦᠪᠯᠡᠯ︶ ᠤ ᠳᠣᠰᠠᠯᠠᠬᠤ ᠪᠠᠶᠢᠴᠠᠭᠠᠭᠴᠢ ᠶᠢ ᠰᠢᠯᠢᠳᠡᠭ ᠢ ᠨᠢ ᠰᠣᠩᠭᠤᠨ ᠳᠣᠬᠢᠷᠠᠭᠤᠯᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠬᠦᠯᠦᠨ᠎ᠡ᠃ ᠰᠠᠯᠠᠭ᠎ᠠ ᠮᠥᠴᠢᠷ ᠤᠳ ᠤᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠵᠡᠷᠭᠡ ᠬᠡᠯᠪᠡᠷᠢ ᠪᠠᠷ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ᠂ ᠵᠠᠰᠠᠭ ᠵᠠᠬᠢᠷᠭᠠᠨ ᠤ ᠲᠡᠮᠳᠡᠭᠯᠡᠯ ᠪᠠ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠬᠤᠪᠢᠶᠠᠯᠴᠠᠨ᠎ᠠ᠃ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号