ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠶᠢ ᠣᠮᠲᠣᠭᠠᠶᠢᠯᠠᠵᠤ ᠪᠣᠯᠬᠤ ᠥᠬᠡᠶ
ᠨᠡᠶᠢᠲᠡᠯᠡᠭᠰᠡᠨ ᠴᠠᠭ᠄
2025/4/30
    2025 ᠣᠨ ᠤ 4 ᠰᠠᠷ᠎ᠠ ᠶᠢᠨ 25 ᠤ ᠡᠳᠦᠷ ᠪᠣᠯ ᠪᠥᠬᠦ ᠤᠯᠤᠰ ᠤᠨ 39 ᠳᠠᠬᠢ ᠬᠡᠦᠬᠡᠳ ᠪᠠᠭᠠᠴᠤᠳ ᠤᠨ ᠬᠠᠯᠳᠠᠪᠤᠷᠢᠳᠤ ᠡᠪᠡᠳᠴᠢᠨ ᠢ ᠣᠷᠢᠳᠴᠢᠯᠠᠨ ᠰᠡᠷᠭᠡᠶᠢᠯᠡᠬᠦ ᠸᠠᠺᠼᠢᠨ ᠤ ᠲᠠᠷᠢᠯᠭ᠎ᠠ ᠲᠠᠷᠢᠬᠤ ᠡᠳᠦᠷ ᠪᠣᠯᠤᠨ᠎ᠠ᠃ ᠲᠤᠰᠬᠠᠶ ᠮᠡᠷᠭᠡᠵᠢᠯᠲᠡᠨ᠂ ᠸᠠᠺᠼᠢᠨ ᠤ ᠲᠠᠷᠢᠯᠭ᠎ᠠ ᠪᠣᠯ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠬᠠᠮᠤᠭ ᠤᠨ ᠬᠢᠮᠳᠠ ᠂ ᠠᠮᠤᠷ ᠲᠦᠪᠰᠢᠨ᠂ ᠪᠦᠲᠦᠮᠵᠢᠲᠡᠶ ᠠᠷᠭ᠎ᠠ ᠪᠠᠷᠢᠯ ᠮᠥᠨ᠂ ᠡᠷᠲᠡ ᠲᠦᠷᠦᠭᠰᠡᠨ ᠬᠡᠦᠬᠡᠳ᠂ ᠡᠭᠡᠯᠢᠯᠡᠭᠡ ᠶᠢᠨ ᠴᠢᠳᠠᠪᠤᠷᠢ ᠪᠠᠷ ᠪᠠᠭᠤᠷᠠᠢ ᠬᠡᠦᠬᠡᠳ᠂ ᠬᠠᠷᠰᠢᠮᠠᠲᠠᠭᠠᠶ ᠪᠡᠶ᠎ᠡ ᠮᠠᠬᠠᠪᠣᠳ ᠲᠠᠢ ᠬᠡᠦᠬᠡᠳ ᠵᠡᠷᠭᠡ ᠤᠨᠴᠠᠭᠠᠢ ᠬᠡᠦᠬᠡᠳ ᠲᠤ ᠠᠪᠴᠤ ᠬᠡᠯᠡᠪᠡᠯ ᠨᠠᠩ ᠴᠤ ᠴᠢᠬᠤᠯᠠ ᠪᠠᠶᠢᠳᠠᠭ᠃ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠵᠢᠷᠤᠮᠵᠢᠯ ᠲᠠᠢ ᠲᠠᠷᠢᠯᠭ᠎ᠠ ᠬᠢᠬᠦ ᠪᠠᠷ ᠳᠠᠮᠵᠢᠨ᠂ ᠤᠨᠴᠠᠭᠠᠢ ᠬᠡᠦᠬᠡᠳ ᠲᠤ ᠡᠭᠡᠯᠢᠯᠡᠭᠡ ᠶᠢᠨ ᠪᠠᠲᠤ ᠪᠠᠬᠢ ᠬᠠᠯᠬᠠᠪᠴᠢ ᠶᠢ ᠪᠠᠶᠢᠭᠤᠯᠵᠤ ᠦᠭᠬᠦᠨ᠂ ᠲᠡᠳᠡᠨ ᠤ ᠡᠷᠡᠭᠦᠯ ᠢᠶᠠᠷ ᠦᠰᠦᠨ ᠪᠤᠶᠢᠵᠢᠬᠤ ᠶᠢ ᠰᠠᠬᠢᠨ ᠬᠠᠮᠠᠭᠠᠯᠠᠬᠤ ᠬᠡᠷᠡᠭᠲᠡᠶ ᠭᠡᠵᠦ ᠢᠯᠡᠳᠭᠡᠪᠡ᠃    ︽ᠤᠨᠴᠠᠭᠠᠢ ᠬᠡᠦᠬᠡᠳ ᠤᠨ ᠡᠭᠡᠯᠢᠯᠡᠭᠡ ᠶᠢᠨ ᠴᠢᠳᠠᠮᠵᠢ ᠨᠢ ᠲᠡᠭᠦᠯᠳᠡᠷ ᠪᠤᠰᠤ ᠪᠤᠶᠤ ᠪᠡᠶ᠎ᠡ ᠳᠤᠨᠢ ᠰᠠᠭᠤᠷᠢ ᠡᠪᠡᠳᠴᠢᠨ ᠡᠮᠭᠡᠭ ᠣᠷᠣᠰᠢᠵᠤ᠂ ᠡᠪᠡᠳᠴᠢᠨ ᠡᠭᠦᠰᠭᠡᠭᠴᠢ ᠶᠢ ᠡᠰᠡᠷᠭᠦᠴᠡᠬᠦ ᠴᠢᠳᠠᠪᠤᠷᠢ ᠨᠢ ᠡᠷᠡᠭᠦᠯ ᠬᠡᠦᠬᠡᠳ ᠠᠴᠠ ᠢᠯᠡᠳᠲᠡ ᠳᠤᠤᠷ᠎ᠠ ᠪᠠᠶᠢᠳᠠᠭ︾᠃ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠠᠨᠠᠭᠠᠬᠤ ᠤᠬᠠᠭᠠᠨ ᠤ ᠲᠥᠪ ᠤᠨ ᠬᠡᠦᠬᠡᠳ ᠤᠨ ᠳᠣᠲᠣᠷ ᠰᠠᠯᠠᠭᠠᠨ ᠤ ᠡᠷᠬᠢᠯᠡᠭᠴᠢ ᠡᠮᠴᠢ ᠯᠢᠶᠠᠩ ᠹᠦ᠋ ᠷᠦᠩ ᠬᠡᠯᠡᠬᠦ ᠳᠡᠭᠡᠨ᠂ ︽ᠸᠠᠺᠼᠢᠨ ᠤ ᠲᠠᠷᠢᠯᠭ᠎ᠠ ᠪᠣᠯ ᠶᠠᠭ ᠲᠡᠳᠡᠨ ᠤ ᠠᠶᠤᠯ ᠶᠡᠬᠡᠲᠡᠶ ᠬᠠᠯᠳᠠᠪᠤᠷᠢᠲᠤ ᠡᠪᠡᠳᠴᠢᠨ ᠢ ᠡᠰᠡᠷᠭᠦᠴᠡᠬᠦ ᠴᠢᠬᠤᠯᠠ ᠵᠡᠪᠰᠡᠭ ᠮᠥᠨ︾ ᠭᠡᠪᠡ᠃    ᠯᠢᠶᠠᠩ ᠹᠦ᠋ ᠷᠦᠩ᠂ ᠸᠠᠺᠼᠢᠨ ᠤ ᠲᠠᠷᠢᠯᠭ᠎ᠠ ᠬᠢᠬᠦ ᠨᠢ ᠤᠨᠴᠠᠭᠠᠢ ᠬᠡᠦᠬᠡᠳ ᠤᠨ ᠣᠨᠴᠠᠭᠠᠶ ᠴᠢᠨᠠᠷᠲᠠᠶ ᠡᠭᠡᠯᠢᠯᠡᠭᠡ ᠶᠢᠨ ᠬᠠᠷᠢᠭᠤ ᠲᠤᠰᠬᠠᠯ ᠢ ᠬᠥᠭᠵᠢᠭᠡᠵᠦ᠂ ᠲᠡᠭᠦᠨ ᠤ ᠪᠡᠶ᠎ᠡ ᠳᠣᠲᠣᠷ᠎ᠠ ᠬᠠᠨᠳᠤᠯᠭᠠᠲᠤ ᠴᠢᠨᠠᠷᠲᠠᠶ ᠡᠰᠡᠷᠭᠦᠴᠡᠭᠴᠢ ᠶᠢ ᠡᠭᠦᠰᠭᠡᠵᠦ᠂ ᠡᠭᠡᠯᠢᠯᠡᠭᠡ ᠶᠢᠨ ᠬᠠᠯᠬᠠᠪᠴᠢ ᠶᠢ ᠪᠣᠶ ᠪᠣᠯᠭᠠᠳᠠᠭ᠃ ᠡᠨᠡ ᠨᠢ ᠤᠯᠠᠭᠠᠨ ᠨᠣᠳ᠂ ᠵᠠᠭᠤᠨ ᠬᠤᠨᠤᠭ ᠤᠨ ᠬᠠᠨᠢᠶᠠᠳᠤ᠂ ᠨᠤᠭᠤᠰᠤᠨ ᠤ ᠪᠣᠷᠣ ᠡᠳ᠋ ᠤᠨ ᠦᠷᠪᠢᠰᠦᠯ ᠵᠡᠷᠭᠡ ᠠᠶᠤᠯ ᠶᠡᠬᠡᠲᠡᠶ ᠬᠠᠯᠳᠠᠪᠤᠷᠢᠲᠤ ᠡᠪᠡᠳᠴᠢᠨ ᠢ ᠪᠦᠲᠦᠮᠵᠢᠲᠡᠶ ᠰᠡᠷᠭᠡᠶᠢᠯᠡᠵᠦ ᠴᠢᠳᠠᠬᠤ ᠪᠠᠷ ᠪᠠᠷᠠᠬᠤ ᠥᠬᠡᠶ᠂ ᠪᠠᠰᠠ ᠬᠡᠦᠬᠡᠳ ᠤᠨ ᠬᠠᠯᠳᠠᠪᠤᠷᠢᠯᠠᠯ ᠠᠴᠠ ᠪᠣᠯᠤᠭᠰᠠᠨ ᠬᠦᠨᠳᠦ ᠨᠣᠴᠢᠲᠠᠶ ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠢᠯᠡᠳᠲᠡ ᠪᠠᠭᠤᠷᠠᠭᠤᠯᠵᠤ ᠴᠢᠳᠠᠨ᠎ᠠ ᠭᠡᠵᠦ ᠵᠢᠭᠠᠵᠤ ᠭᠠᠷᠭᠠᠪᠠ᠃    ︽ᠸᠠᠺᠼᠢᠨ ᠤ ᠲᠠᠷᠢᠯᠭ᠎ᠠ ᠬᠢᠭᠰᠡᠨ ᠥᠬᠡᠶ ᠤᠨᠴᠠᠭᠠᠢ ᠬᠡᠦᠬᠡᠳ ᠬᠠᠯᠳᠠᠪᠤᠷᠢᠲᠤ ᠡᠪᠡᠳᠴᠢᠨ ᠤ ᠬᠠᠯᠳᠠᠪᠤᠷᠢᠯᠠᠬᠤ ︿ᠰᠢᠪᠲᠤᠯᠤᠯᠲᠠ ᠶᠢᠨ ᠴᠡᠭ﹀ ᠪᠣᠯᠵᠣ ᠮᠡᠳᠡᠨ᠎ᠡ᠃ ᠯᠢᠶᠠᠩ ᠹᠦ᠋ ᠷᠦᠩ᠂ ︽ᠢᠯᠠᠩᠭᠤᠶ᠎ᠠ ᠡᠭᠡᠯᠢᠯᠡᠭᠡ ᠶᠢᠨ ᠴᠢᠳᠠᠪᠤᠷᠢ ᠪᠠᠭᠤᠷᠠᠢ ᠪᠤᠶᠤ ᠬᠤᠤᠷ ᠢ ᠪᠠᠭᠠᠰᠬᠠᠬᠤ ᠠᠮᠢᠳᠤ ᠸᠠᠺᠼᠢᠨ ᠳᠠᠷᠢᠵᠤ ᠴᠢᠳᠠᠬᠤ ᠥᠬᠡᠶ ᠬᠡᠦᠬᠡᠳ ᠬᠠᠯᠳᠠᠪᠤᠷᠢᠯᠠᠭᠳᠠᠭᠰᠠᠨ ᠤ ᠳᠠᠷᠠᠭ᠎ᠠ ᠣᠷᠳᠣ ᠬᠤᠭᠤᠴᠠᠭ᠎ᠠ ᠪᠠᠷ ᠡᠪᠡᠳᠴᠢᠨ ᠡᠭᠦᠰᠭᠡᠭᠴᠢ ᠶᠢ ᠠᠪᠴᠤ ᠶᠠᠪᠤᠵᠤ᠂ ᠨᠡᠶᠢᠭᠡᠮ ᠲᠣᠭᠤᠷᠢᠭ ᠲᠤ ᠬᠠᠯᠳᠠᠪᠤᠷᠢᠯᠠᠬᠤ ᠠᠶᠤᠯ ᠲᠦᠭᠰᠢᠭᠦᠷᠢ ᠶᠢ ᠨᠡᠮᠡᠭᠳᠡᠭᠦᠯᠵᠦ ᠮᠡᠳᠡᠨ᠎ᠡ᠃ ᠡᠶᠢᠮᠦ ᠠᠴᠠ ᠰᠢᠨᠵᠢᠯᠡᠬᠦ ᠤᠬᠠᠭᠠᠨᠴᠢ ᠪᠠᠷ ᠦᠨᠡᠯᠡᠭᠰᠡᠨ ᠤ ᠳᠠᠷᠠᠭ᠎ᠠ ᠢᠳᠡᠪᠬᠢ ᠥᠬᠡᠶᠢᠳᠡᠭᠦᠯᠦᠭᠰᠡᠨ ᠸᠠᠺᠼᠢᠨ ᠪᠤᠶᠤ ᠬᠡᠰᠡᠭ ᠬᠤᠤᠷ ᠢ ᠪᠠᠭᠠᠰᠬᠠᠬᠤ ᠸᠠᠺᠼᠢᠨ ᠢ ᠳᠠᠷᠢᠬᠤ ᠨᠢ ᠬᠦᠮᠦᠰ ᠤᠨ ᠡᠭᠡᠯᠢᠯᠡᠭᠡ ᠶᠢᠨ ᠦᠷ᠎ᠡ ᠪᠦᠲᠦᠮᠵᠢ ᠶᠢ ᠪᠠᠬᠢᠵᠢᠭᠦᠯᠬᠦ ᠳᠤ ᠲᠦᠢᠯ ᠤᠨ ᠴᠢᠬᠤᠯᠠ ᠪᠠᠶᠢᠳᠠᠭ︾ ᠭᠡᠵᠦ ᠴᠢᠬᠤᠯᠠᠴᠢᠯᠠᠪᠠ᠃    ᠡᠭᠦᠨ ᠠᠴᠠ ᠭᠠᠳᠠᠨ᠎ᠠ᠂ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠬᠡᠦᠬᠡᠳ ᠤᠨ ᠠᠨᠠᠭᠠᠬᠤ ᠤᠬᠠᠭᠠᠨ ᠤ ᠲᠥᠪ ᠤᠨ ᠬᠡᠦᠬᠡᠳ ᠤᠨ ᠳᠣᠲᠣᠷ ᠰᠠᠯᠠᠭᠠᠨ ᠤ ᠭᠤᠤᠯ ᠡᠮᠴᠢ ᠰᠥᠩ ᠳ᠋ᠠᠨ ᠢᠦᠶ ᠣᠨᠴᠠᠭᠠᠶᠢᠯᠠᠨ ᠰᠠᠨᠠᠭᠤᠯᠤᠭᠰᠠᠨ ᠨᠢ᠂ ᠵᠠᠷᠢᠮ ᠣᠨᠴᠠᠭᠠᠶ ᠡᠪᠡᠳᠴᠢᠨ᠂ ᠵᠢᠱᠢᠶᠡᠯᠡᠪᠡᠯ ᠲᠥᠷᠥᠯᠬᠢ ᠵᠢᠷᠦᠬᠡᠨ ᠡᠪᠡᠳᠴᠢᠨ᠂ ᠤᠨᠠᠳᠠᠭ ᠡᠪᠡᠳᠴᠢᠨ ᠵᠡᠷᠭᠡ ᠡᠪᠡᠳᠴᠢᠨ ᠲᠠᠢ ᠬᠡᠦᠬᠡᠳ ᠤᠨ ᠲᠣᠰ ᠪᠡᠶ᠎ᠡ ᠨᠢ ᠬᠡᠳᠦ᠋ᠢᠪᠡᠷ ᠬᠠᠯᠳᠠᠪᠤᠷᠢᠯᠠᠬᠤ ᠲᠦᠭᠰᠢᠭᠦᠷᠢ ᠶᠢ ᠰᠢᠭᠤᠳ ᠨᠡᠮᠡᠭᠳᠡᠭᠦᠯᠬᠦ ᠥᠬᠡᠶ ᠪᠣᠯᠪᠠᠴᠤ ᠬᠤᠯᠪᠣᠭᠳᠠᠯ ᠪᠥᠬᠦᠶ ᠸᠠᠺᠼᠢᠨ ᠢ ᠳᠠᠷᠢᠭᠰᠠᠨ ᠥᠬᠡᠶ ᠪᠣᠯ ᠬᠡᠦᠬᠡᠳ ᠬᠠᠮᠢᠶ᠎ᠠ ᠪᠥᠬᠦᠶ ᠬᠦᠨᠳᠦ ᠡᠪᠡᠳᠴᠢᠨ ᠡᠮᠭᠡᠭ ᠲᠤ ᠬᠠᠯᠳᠠᠪᠤᠷᠢᠯᠠᠭᠳᠠᠭᠰᠠᠨ ᠠᠴᠠ ᠪᠣᠯᠵᠣ ᠡᠪᠡᠳᠴᠢᠨ ᠨᠢ ᠬᠦᠨᠳᠦᠷᠡᠵᠦ ᠮᠡᠳᠡᠨ᠎ᠡ ᠭᠡᠵᠡᠢ᠃    ᠭᠡᠲᠡᠯ᠎ᠡ ᠸᠠᠺᠼᠢᠨ ᠤ ᠲᠠᠷᠢᠯᠭ᠎ᠠ ᠶᠢ ᠮᠥᠨ ᠬᠦ ᠪᠥᠬᠦ ᠲᠠᠯ᠎ᠠ ᠪᠠᠷ ᠣᠶᠢᠯᠠᠭᠠᠵᠤ ᠲᠠᠨᠢᠬᠤ ᠴᠢᠬᠤᠯᠠᠲᠠᠶ ᠪᠠᠶᠢᠨ᠎ᠠ᠃ ᠰᠦᠩ ᠳ᠋ᠠᠨ ᠢᠦᠶ ᠬᠡᠯᠡᠬᠦ ᠳᠡᠭᠡᠨ᠂ ᠸᠠᠺᠼᠢᠨ ᠤ ᠲᠠᠷᠢᠯᠭ᠎ᠠ ᠳᠤ ᠴᠢᠩᠭ᠎ᠠ ᠲᠠᠷᠢᠯᠭ᠎ᠠ ᠶᠢᠨ ᠴᠡᠭᠡᠷ ᠪᠠ ᠲᠣᠬᠢᠷᠠᠬᠤ ᠡᠪᠡᠳᠴᠢᠨ ᠪᠠᠶᠢᠳᠠᠭ᠂ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠳᠤ ᠲᠤᠰᠬᠠᠶ ᠮᠡᠷᠭᠡᠵᠢᠯ ᠤᠨ ᠦᠨᠡᠯᠡᠯᠲᠡ ᠬᠢᠬᠦ ᠬᠡᠷᠡᠭᠲᠡᠶ ᠪᠥᠭᠡᠳ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠳᠤᠤᠷ᠎ᠠ ᠲᠠᠷᠢᠯᠭ᠎ᠠ ᠬᠢᠬᠦ ᠬᠡᠷᠡᠭᠲᠡᠶ᠃ ᠰᠢᠨᠵᠢᠯᠡᠬᠦ ᠤᠬᠠᠭᠠᠨᠴᠢ ᠦᠨᠡᠯᠡᠯᠲᠡ ᠶᠢᠨ ᠰᠢᠰᠲ᠋ᠧᠮ ᠪᠣᠯᠤᠨ ᠵᠢᠷᠤᠮᠵᠢᠭᠰᠠᠨ ᠲᠠᠷᠢᠯᠭ᠎ᠠ ᠶᠢᠨ ᠲᠠᠰ ᠳᠠᠷᠠᠭᠠᠯᠠᠯ ᠨᠢ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ ᠬᠡᠦᠬᠡᠳ ᠤᠨ ᠲᠤᠰ ᠪᠡᠶ᠎ᠡ ᠶᠢᠨ ᠡᠷᠡᠭᠦᠯ ᠮᠡᠨᠳᠦ ᠶᠢ ᠬᠠᠮᠠᠭᠠᠯᠠᠬᠤ ᠮᠥᠷᠲᠡᠭᠡᠨ ᠪᠠᠰᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠢ ᠬᠠᠮᠠᠭᠠᠯᠠᠵᠤ ᠪᠣᠯᠤᠨ᠎ᠠ ᠭᠡᠵᠠᠢ᠃    ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠂ ᠬᠡᠷ ᠤᠨ ᠠᠬᠠᠮᠠᠳ ᠪᠣᠯᠤᠨ ᠡᠮᠴᠢᠯᠡᠭᠡᠨ ᠤ ᠪᠠᠶᠢᠭᠤᠯᠤᠮᠵᠢ ᠨᠢᠭᠲᠠ ᠬᠠᠮᠲᠤᠷᠠᠯᠴᠠᠵᠤ᠂ ᠸᠠᠺᠼᠢᠨ ᠳᠠᠷᠢᠬᠤ ᠠᠴᠠ ᠡᠮᠦᠨᠡᠬᠢ ᠦᠨᠡᠯᠡᠬᠦ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠤᠨᠴᠠᠭᠠᠢ ᠬᠡᠦᠬᠡᠳ ᠤᠨ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ ᠂ ᠸᠠᠺᠼᠢᠨ ᠤ ᠲᠠᠷᠢᠯᠭ᠎ᠠ ᠶᠢᠨ ᠴᠢᠬᠤᠯᠠ ᠴᠢᠨᠠᠷ ᠤᠨ ᠲᠤᠬᠠᠶ ᠣᠯᠠᠨ ᠨᠡᠶᠢᠲᠡ ᠶᠢᠨ ᠲᠠᠨᠢᠯᠲᠠ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号