ᠮᠠᠨ ᠤ ᠠᠶᠢᠮᠠᠭ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠤᠨ ᠠᠷᠠᠳ ᠣᠯᠠᠨ ᠳᠤ ᠨᠡᠩ ᠣᠯᠠᠨ ᠰᠢᠯᠢᠳᠡᠭ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠦ ᠪᠠᠶᠢᠨ᠎ᠠ
ᠨᠡᠶᠢᠲᠡᠯᠡᠭᠰᠡᠨ ᠴᠠᠭ᠄
2025/4/30
    ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠨᠢ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ ᠪᠣᠯᠤᠭᠰᠠᠨ ᠤ ᠬᠤᠪᠢ ᠳᠤ᠂ ᠥᠪᠡᠷᠮᠢᠴᠡ ᠣᠨᠣᠯ ᠤᠨ ᠰᠢᠰᠲ᠋ᠧᠮ ᠪᠠ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠲᠠᠢ ᠶᠤᠮ᠃ ᠣᠶᠢᠷ᠎ᠠ ᠶᠢᠨ ᠵᠢᠯ ᠠᠴᠠ᠂ ᠮᠠᠨ ᠤ ᠠᠶᠢᠮᠠᠭ ᠠᠯᠠᠱᠠ ᠶᠢᠨ ᠡᠷᠡᠭᠦᠯ ᠮᠡᠨᠳᠦ ᠠᠵᠢᠯᠯᠠᠭ᠎ᠠ ᠶᠢ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠪᠠᠳᠠᠷᠠᠭᠤᠯᠤᠨ᠂ ᠡᠮᠴᠢᠯᠡᠭᠡᠨ ᠤ ᠶᠠᠰᠤ ᠴᠢᠨᠠᠷ ᠵᠢᠴᠢ ᠦᠢᠯᠡᠴᠢᠯᠡᠭᠡᠨ ᠤ ᠴᠢᠳᠠᠪᠤᠷᠢ ᠶᠢᠨ ᠳᠠᠯ᠎ᠠ ᠳᠤ ᠰᠢᠨ᠎ᠡ ᠰᠢᠪᠲᠤᠯᠤᠯᠲᠠ ᠲᠠᠢ ᠪᠤᠯᠭᠠᠵᠦ᠂ ᠠᠷᠠᠳ ᠣᠯᠠᠨ ᠳᠤ ᠨᠠᠩ ᠣᠯᠠᠨ ᠨᠠᠩ ᠰᠢᠯᠢᠳᠡᠭ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠵᠤ ᠪᠠᠶᠢᠨ᠎ᠠ᠃    ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠷᠡᠬᠦᠯ ᠢ ᠰᠠᠬᠢᠬᠤ ᠲᠥᠪ ᠲᠤ ᠬᠦᠷᠬᠦ ᠳᠤ᠂ ᠬᠤᠶᠠᠷ ᠡᠪᠡᠳᠴᠢᠲᠡᠨ ᠶᠠᠭ ᠡᠯᠡᠰᠦᠨ ᠵᠠᠰᠠᠯ ᠪᠠ ᠳᠠᠪᠤᠰᠤᠨ ᠵᠠᠰᠠᠯ ᠬᠢᠯᠬᠡᠵᠦ ᠪᠠᠶᠢᠯ᠎ᠠ᠃ ᠮᠣᠩᠭᠤᠯ ᠡᠮᠨᠡᠯᠭᠡ ᠶᠢᠨ ᠡᠮ ᠦᠬᠡᠢ ᠵᠠᠰᠠᠯᠲᠠ ᠶᠢᠨ ᠠᠷᠭ᠎ᠠ ᠪᠣᠯ ᠲᠤᠰ ᠬᠤᠷᠢᠶᠠᠨ ᠤ ᠣᠶᠢᠷ᠎ᠠ ᠶᠢᠨ ᠬᠤᠶᠠᠷ ᠵᠢᠯ ᠳᠤ ᠰᠡᠷᠬᠦᠭᠡᠭᠰᠡᠨ ᠤᠯᠠᠮᠵᠢᠯᠠᠯᠳᠤ ᠪᠠᠶᠢᠭᠠᠯᠢᠯᠢᠭ ᠡᠮᠴᠢᠯᠡᠬᠡᠨ ᠤ ᠵᠠᠰᠠᠯ ᠪᠣᠯᠤᠨ᠎ᠠ᠃ ᠡᠨᠡ ᠬᠦ ᠵᠠᠰᠠᠯᠭ᠎ᠠ ᠨᠢ ᠲᠤᠬᠠᠶ ᠶᠢᠨ ᠭᠠᠵᠠᠷ ᠤᠨ ᠠᠷᠠᠳ ᠲᠤ ᠠᠰᠢᠭ ᠬᠦᠷᠳᠡᠭᠡᠭᠰᠡᠨ ᠢᠶᠠᠷ ᠪᠠᠷᠠᠬᠤ ᠦᠭᠡᠶ ᠭᠠᠳᠠᠨ᠎ᠠ ᠣᠷᠣᠨ ᠤ ᠣᠯᠠᠨ ᠲᠦᠮᠡᠨ ᠤ ᠠᠩᠬᠠᠷᠤᠯ ᠢ ᠴᠤ ᠲᠠᠲᠠᠵᠠᠶ᠃    ᠡᠪᠡᠳᠴᠢᠲᠡᠨ ᠬᠠᠢ ᠵᠠᠨ ᠺᠧ᠄ ︽ᠮᠠᠨ ᠤ ᠭᠡᠷ ᠪᠦᠯᠢ ᠶᠢᠨ ᠬᠢᠨ ᠣᠨᠴᠠᠯᠢᠭᠲᠤ ᠪᠣᠬᠢᠷᠲᠤᠯ ᠥᠬᠡᠢ ᠡᠮᠴᠢᠯᠡᠭᠡ ᠶᠢ ᠬᠦᠷᠳᠡᠬᠦ ᠬᠡᠵᠦ ᠦᠬᠠᠨ ᠠᠴᠠ ᠳᠤᠰᠬᠠᠶᠢᠯᠠᠨ ᠵᠤᠷᠢᠵᠦ ᠢᠷᠡᠭᠰᠡᠨ ᠶᠤᠮ᠂ ᠪᠢᠳᠡ ᠳᠡᠭᠡᠷ᠎ᠡ ᠤᠳᠠᠭ᠎ᠠ ᠢᠷᠡᠵᠦ ᠵᠠᠰᠠᠭᠤᠯᠤᠭᠠᠳ ᠢᠯᠡᠷᠬᠡᠢ ᠵᠠᠰᠠᠯ ᠠᠪᠤᠭᠰᠠᠨ ᠳᠤᠯᠠ ᠡᠨᠡ ᠤᠳᠠᠭ᠎ᠠ ᠳᠠᠬᠢᠨ ᠢᠷᠡᠵᠦ ᠡᠨᠡ ᠡᠮᠴᠢᠯᠡᠭᠡ ᠪᠠᠷ ᠵᠠᠰᠠᠭᠤᠯᠵᠤ ᠪᠠᠶᠢᠨ᠎ᠠ᠃ ᠤᠳᠤ ᠡᠪᠡᠳᠴᠢᠨ ᠤ ᠪᠠᠶᠢᠳᠠᠯ ᠰᠠᠶᠢᠵᠢᠷᠠᠵᠦ᠂ ᠤᠷᠮ᠎ᠠ ᠰᠡᠳᠭᠢᠯᠭᠡ ᠲᠤᠩ ᠰᠠᠶᠢᠨ ᠪᠣᠯᠵᠠᠢ︾ ᠬᠡᠵᠦ ᠪᠠᠶᠠᠷᠯᠠᠨ ᠶᠠᠷᠢᠨ᠎ᠠ᠃    ᠠᠯᠠᠱᠠ ᠶᠢᠨ ᠮᠣᠩᠭᠤᠯ ᠡᠮ ᠡᠮᠨᠡᠯᠭᠡ ᠨᠢ 300 ᠭᠠᠷᠤᠢ ᠵᠢᠯ ᠤᠨ ᠳᠡᠦᠬᠡᠨ ᠶᠠᠪᠤᠴᠠ ᠳᠤ ᠲᠠᠰᠤᠷᠠᠯᠲᠠ ᠤᠢᠭᠡᠢ ᠤᠯᠠᠮᠵᠢᠯᠠᠨ ᠬᠦᠭᠵᠢᠵᠦ᠂ ᠦᠨᠳᠦᠰᠦᠲᠡᠨ ᠤ ᠡᠮ ᠡᠮᠨᠡᠯᠭᠡ ᠶᠢᠨ ᠤᠯᠠᠮᠵᠢᠯᠠᠯᠲᠤ ᠳᠠᠪᠠᠭᠤᠯᠢᠭ ᠢ ᠬᠠᠳᠠᠭᠠᠯᠠᠨ᠂ ᠪᠦᠬᠦ ᠣᠷᠣᠨ ᠳᠤ ᠠᠯᠳᠠᠷᠰᠢᠭᠰᠠᠨ ᠥᠪᠡᠷᠮᠢᠴᠡ ᠡᠮᠨᠡᠬᠦ ᠠᠷᠭ᠎ᠠ ᠮᠡᠷᠭᠡᠵᠢᠯ ᠪᠠ ᠡᠮ ᠤᠨ ᠨᠠᠶᠢᠷᠠᠯᠲᠠ ᠲᠠᠢ ᠪᠠᠶᠢᠭ᠎ᠠ ᠶᠤᠮ᠃ ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠠᠶᠢᠮᠠᠭ ᠬᠢᠳᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠮᠡᠷᠭᠡᠵᠢᠯ ᠢ ᠳᠡᠯᠭᠡᠷᠡᠭᠦᠯᠬᠦ ᠠᠵᠢᠯ ᠢ ᠭᠦᠨᠵᠡᠭᠡᠶ ᠦᠷᠨᠢᠬᠦᠯᠦᠨ᠂ ᠬᠢᠳᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠶᠢ ᠪᠥᠬᠦ ᠠᠶᠢᠮᠠᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠳᠤ ᠠᠭᠤᠰᠤᠯᠴᠠᠭᠤᠯᠬᠤ ᠶᠢᠨ ᠲᠥᠯᠥᠭᠡ᠂ ᠠᠯᠠᠱᠠ ᠶᠢᠨ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠳᠠᠪᠬᠤᠷ ᠳᠤᠭᠤᠭ᠎ᠠ ᠶᠢᠨ ᠱᠦᠯᠦ ᠶᠢᠨ ᠵᠠᠰᠠᠯ ᠵᠡᠷᠬᠡ 4 ᠵᠦᠢᠯ ᠤᠨ ᠡᠮᠴᠢᠯᠡᠭᠡ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠭᠠᠷᠴᠠᠭ ᠲᠤ ᠮᠡᠳᠡᠬᠦᠯᠦᠨ ᠤᠷᠤᠭᠤᠯᠵᠤ᠂ ᠮᠣᠩᠭᠤᠯ ᠡᠮᠨᠡᠯᠭᠡ ᠶᠢᠨ ᠤᠯᠠᠮᠵᠢᠯᠠᠯᠲᠤ ᠪᠤᠮᠪᠠ ᠰᠤᠷᠤᠭᠤᠯ ᠤᠨ ᠡᠮᠴᠢᠯᠡᠭᠡ ᠪᠠ ᠮᠣᠩᠭᠤᠯ ᠡᠮᠨᠡᠯᠭᠡ ᠶᠢᠨ ᠰᠤᠬᠠᠢ ᠶᠢᠨ ᠳᠦᠬᠡᠨᠡᠯᠬᠡ ᠵᠠᠰᠠᠯ ᠨᠢ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠨᠴᠠᠯᠢᠭᠳᠦ ᠵᠠᠰᠠᠯ ᠤᠨ ᠨᠡᠷᠡᠰ ᠲᠤ ᠰᠤᠩᠭᠤᠭᠳᠠᠨ ᠤᠷᠤᠵᠡᠢ᠃    ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠤ ᠡᠷᠡᠬᠦᠯ ᠢ ᠰᠠᠬᠢᠬᠤ ᠲᠥᠪ ᠤᠨ ᠡᠷᠬᠢᠯᠡᠭᠴᠢ ᠯᠢ ᠲᠤᠶᠠᠭ᠎ᠠ᠄ ︽ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶᠠᠨ ᠠᠴᠠ ᠮᠣᠩᠭᠤᠯ ᠡᠮᠨᠡᠯᠭᠡ ᠶᠢᠨ ᠡᠯᠡᠰᠦᠨ ᠵᠠᠰᠠᠯ᠂ ᠳᠠᠪᠤᠰᠤᠨ ᠵᠠᠰᠠᠯ᠂ ᠬᠡᠪᠡᠯᠢ ᠶᠢᠨ ᠢᠯᠢᠯᠬᠡ᠂ ᠭᠠᠯ ᠲᠥᠭᠡᠨᠡᠯᠭᠡ ᠵᠡᠷᠬᠡ 20 ᠭᠠᠷᠤᠶ ᠵᠦᠢᠯ ᠤᠨ ᠡᠮ ᠤᠨ ᠪᠤᠰᠤ ᠤᠨᠴᠠᠯᠢᠭᠳᠦ ᠵᠠᠰᠠᠯ ᠬᠢᠵᠦ ᠪᠠᠶᠢᠳᠠᠭ ᠪᠦᠬᠡᠳ ᠵᠢᠷᠦᠬᠡᠨ ᠪᠤᠭᠤᠳᠠᠭ᠂ ᠳᠠᠪᠬᠤᠷ ᠳᠤᠭᠤᠭ᠎ᠠ ᠶᠢᠨ ᠱᠥᠯᠥ᠂ ᠴᠣᠯᠢᠬᠢᠷ ᠤᠨ ᠵᠠᠮᠪᠠᠭ᠎ᠠ ᠵᠡᠷᠬᠡ ᠥᠪᠡᠷᠮᠢᠴᠡ ᠣᠨᠴᠠᠯᠢᠭ ᠲᠠᠢ ᠢᠳᠡᠭᠡᠨ ᠤ ᠡᠮᠴᠢᠯᠡᠬᠡᠨ ᠤ ᠵᠦᠢᠯᠡᠰ ᠪᠠᠶᠢᠳᠠᠭ᠃ ᠲᠠᠷᠠᠭᠠᠴᠢ ᠪᠠᠷ ᠪᠢᠳᠡ ᠡᠨᠡ 20 ᠭᠠᠷᠤᠶ ᠵᠦᠢᠯ ᠤᠨ ᠡᠮ ᠦᠬᠡᠢ ᠵᠠᠰᠠᠯᠲᠠ ᠶᠢ ᠤᠯᠠᠮᠵᠢᠯᠠᠨ ᠰᠢᠨᠡᠳᠭᠡᠵᠦ᠂ ᠨᠡᠩ ᠵᠢᠷᠤᠮᠵᠢᠭᠤᠯᠤᠨ ᠰᠠᠶᠢᠨ ᠦᠷ᠎ᠠ ᠪᠦᠳᠦᠮᠵᠢ ᠭᠠᠷᠭᠠᠬᠤ ᠪᠠᠷ ᠴᠢᠷᠮᠠᠶᠢᠨ᠎ᠠ︾ ᠬᠡᠵᠦ ᠪᠠᠶᠢᠯ᠎ᠠ᠃    ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠭᠦᠯᠬᠦ ᠵᠠᠰᠠᠯ ᠤᠨ ᠲᠣᠭᠤᠷᠢᠭ ᠲᠤ ᠤᠯᠠᠠ ᠡᠪᠡᠳᠴᠢᠲᠡᠨ ᠹᠢᠽᠢᠺ ᠵᠠᠰᠠᠯ ᠬᠢᠯᠬᠡᠵᠦ ᠪᠠᠶᠢᠯ᠎ᠠ᠃ ᠡᠪᠡᠳᠴᠢᠲᠡᠨ ᠵᠤᠤ ᠰᠢᠤ ᠬᠤᠸᠠ᠄ ︽ᠡᠮᠨᠡᠯᠬᠡ ᠳᠤ ᠬᠦᠮᠦᠨ ᠢᠶᠠᠷ ᠳᠦᠰᠢᠬᠦᠯᠵᠦ ᠤᠷᠤᠵᠤ ᠢᠷᠡᠭᠰᠡᠨ ᠶᠤᠮ᠂ ᠬᠡᠳᠦᠨ ᠡᠳᠦᠷ ᠵᠡᠬᠦᠦ ᠳᠦᠬᠡᠨᠡᠯᠬᠡ ᠬᠢᠯᠬᠡᠬᠡᠳ ᠤᠳᠤ ᠠᠯᠬᠤᠵᠤ ᠴᠢᠳᠠᠬᠤ ᠪᠤᠯᠤᠯ᠎ᠠ︾ ᠬᠡᠵᠦ ᠶᠠᠷᠢᠨ᠎ᠠ᠃ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠠᠯᠳᠠᠨᠰᠦ᠋ᠮᠪᠦᠷ᠄ ︽ᠮᠠᠨ ᠤ ᠣᠲᠣ ᠶᠢᠨ ᠦᠷᠨᠢᠬᠦᠯᠵᠦ ᠪᠠᠶᠢᠭ᠎ᠠ ᠡᠮ ᠦᠬᠡᠢ ᠡᠮᠴᠢᠯᠡᠭᠡ ᠳᠤ ᠮᠣᠩᠭᠤᠯ ᠡᠮᠨᠡᠯᠭᠡ ᠶᠢᠨ ᠤᠯᠠᠮᠵᠢᠯᠠᠯᠲᠤ ᠬᠠᠨᠠᠯᠭ᠎ᠠ ᠳᠦᠬᠡᠨᠡᠯᠬᠡ᠂ ᠬᠠᠭᠤᠷᠠᠢ ᠵᠡᠬᠦᠦ ᠬᠠᠳᠬᠤᠬᠤ᠂ ᠪᠤᠮᠪᠠᠳᠠᠬᠤ ᠵᠠᠰᠠᠯ ᠵᠡᠷᠭᠡ ᠪᠠᠶᠢᠳᠠᠭ᠂ ᠦᠷ᠎ᠡ ᠪᠦᠲᠦᠮᠵᠢ ᠨᠢ ᠴᠥᠮ ᠮᠠᠰᠢ ᠰᠠᠶᠢᠨ ᠪᠠᠶᠢᠨ᠎ᠠ᠃ ᠤᠶᠢᠷ᠎ᠠ ᠶᠢᠨ ᠵᠢᠯ ᠠᠴᠠ ᠡᠪᠡᠳᠴᠢᠲᠡᠨ ᠪᠢᠳᠡᠨ ᠤ ᠭᠠᠳᠠᠷ ᠵᠠᠰᠠᠯᠭ᠎ᠠ ᠶᠢ ᠬᠦᠯᠢᠶᠡᠨ ᠠᠪᠬᠤ ᠬᠡᠮᠵᠢᠶ᠎ᠡ ᠶᠡᠬᠡᠪᠡᠷ ᠳᠡᠭᠡᠭᠰᠢᠯᠡᠵᠦ ᠪᠠᠶᠢᠨ᠎ᠠ᠃ ᠵᠢᠱᠢᠶᠡᠯᠡᠪᠡᠯ ᠰᠤᠬᠠᠢ ᠳᠦᠬᠡᠨᠡᠯᠬᠡ᠂ ᠪᠤᠮᠪᠠ ᠰᠤᠷᠤᠭᠤᠯ ᠤᠨ ᠵᠠᠰᠠᠯᠭ᠎ᠠ ᠨᠢ ᠮᠠᠰᠢ ᠰᠠᠶᠢᠨ᠂ ᠬᠡᠰᠡᠭ ᠦᠶ᠎ᠡ ᠬᠡᠰᠢᠬᠦᠤ ᠶᠢᠨ ᠦᠷᠪᠢᠰᠦᠯ ᠤᠨ ᠡᠪᠡᠳᠴᠢᠲᠡᠨ ᠡᠯᠡᠰᠦᠨ ᠵᠠᠰᠠᠯ ᠠᠷᠪᠢᠨ ᠬᠢᠯᠬᠡᠵᠦ ᠪᠠᠶᠢᠨ᠎ᠠ᠂ ᠪᠢᠳᠡ ᠶᠡᠷᠦ ᠳᠡᠭᠡᠨ 5 ᠠᠴᠠ 7 ᠤᠳᠠᠭ᠎ᠠ ᠬᠢᠬᠦ ᠳᠤ ᠦᠶ᠎ᠡ ᠭᠡᠰᠢᠭᠦᠦ ᠶᠢᠨ ᠡᠪᠡᠳᠴᠢᠨ ᠢ ᠨᠡᠮᠳᠡᠭᠠᠵᠦ ᠳᠡᠶᠢᠯᠬᠦ ᠶᠤᠮ︾ ᠬᠡᠵᠦ ᠳᠠᠨᠢᠯᠴᠠᠭᠤᠯᠤᠨ᠎ᠠ᠃    ᠤᠶᠢᠷ᠎ᠠ ᠶᠢᠨ ᠵᠢᠯ ᠳᠤ᠂ ᠬᠦᠮᠦᠰ ᠤᠨ ᠡᠷᠡᠭᠦᠯ ᠮᠡᠨᠳᠦ ᠶᠢᠨ ᠲᠤᠬᠠᠢ ᠣᠶᠢᠯᠠᠭᠠᠯᠲᠠ ᠶᠢᠨ ᠬᠤᠪᠢᠷᠠᠬᠤ ᠶᠢ ᠳᠠᠭᠠᠯᠳᠤᠨ᠂ ᠠᠷᠠᠳ ᠤᠯᠠᠨ ᠤ ᠪᠤᠬᠢᠷᠳᠤᠯ ᠦᠬᠡᠢ᠂ ᠠᠮᠤᠷ ᠲᠥᠪᠰᠢᠨ᠂ ᠶᠡᠷᠦᠩᠬᠡᠶᠢᠯᠡᠭᠰᠡᠨ ᠡᠮ ᠡᠮᠨᠡᠯᠭᠡ ᠪᠠᠷ ᠡᠷᠡᠭᠦᠯ ᠮᠡᠨᠳᠦ ᠪᠠᠨ ᠬᠠᠮᠠᠭᠠᠯᠠᠬᠤ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠤᠯᠤᠰ ᠤᠨ ︽ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ︾ ᠤ ᠤᠷᠢᠶᠠᠯᠠᠭ᠎ᠠ ᠶᠢ ᠳᠠᠭᠠᠬᠤ ᠶᠢᠨ ᠲᠥᠯᠥᠭᠡ᠂ ᠡᠨᠡ ᠵᠢᠯ ᠠᠯᠠᠱᠠ ᠵᠡᠭᠦᠨ ᠬᠤᠰᠢᠭᠤᠨ ᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠠᠴᠠ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠡᠭᠦᠳᠡᠨ ᠡᠮᠨᠡᠯᠭᠡ ᠭᠠᠷᠭᠠᠵᠤ᠂ ᠬᠢᠲᠠᠳ ᠡᠮ ᠡᠮᠨᠡᠯᠭᠡ ᠶᠢᠨ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠦᠢᠯᠡᠳᠦᠯ ᠪᠠ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠡᠢ᠃ 2024 ᠣᠨ ᠠᠴᠠ ᠡᠬᠢᠯᠡᠨ᠂ ᠲᠣᠰ ᠬᠤᠷᠢᠶᠠᠨ ᠳᠤ ᠬᠢᠲᠠᠳ ᠡᠮ ᠤᠨ ᠴᠠᠶ ᠤᠮᠳᠠᠭᠠᠨ᠂ ᠬᠤᠯᠤ ᠰᠤᠶᠢᠬ᠎ᠠ ᠶᠢᠨ ᠲᠥᠭᠡᠨᠡᠯᠭᠡ ᠵᠡᠷᠭᠡ ᠬᠢᠲᠠᠳ ᠡᠮᠨᠡᠯᠭᠡ ᠶᠢᠨ ᠣᠨᠴᠠᠯᠢᠭᠲᠤ ᠵᠠᠰᠠᠯᠭ᠎ᠠ ᠬᠢᠵᠦ᠂ ᠨᠢᠭᠡ ᠪᠦᠯᠦᠭ ᠬᠥᠮᠥᠰ ᠤᠨ ᠡᠷᠡᠭᠦᠯ ᠮᠡᠨᠳᠦ ᠠᠮᠤᠷ ᠲᠦᠪᠰᠢᠨ ᠢᠶᠠᠷ ᠪᠡᠶ᠎ᠡ ᠶᠢᠨ ᠵᠢᠩ ᠢᠶᠠᠨ ᠪᠠᠭᠠᠰᠬᠠᠬᠤ ᠶᠢ ᠳᠤᠰᠠᠯᠠᠪᠠ᠃    ᠮᠠᠨ ᠤ ᠠᠶᠢᠮᠠᠭ ᠤᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠨᠢ ᠡᠷᠡᠭᠦᠯ ᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠲᠠᠯ᠎ᠠ ᠪᠠᠷ ᠣᠷᠣᠯᠠᠭᠤᠯᠵᠤ ᠪᠣᠯᠤᠰᠢ ᠥᠬᠡᠶ ᠦᠨ᠎ᠡ ᠥᠷᠲᠡᠭ ᠪᠠ ᠳᠠᠪᠠᠭᠤᠯᠢᠭ ᠲᠠᠢ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠨᠠᠩ ᠰᠠᠶᠢᠲᠤᠷ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠯᠢ ᠣᠯᠠᠨ ᠠᠷᠭ᠎ᠠ ᠬᠡᠮᠵᠢᠶ᠎ᠡ ᠲᠣᠭᠲᠠᠭᠠᠵᠤ᠂ ᠡᠯ᠎ᠡ ᠱᠠᠲᠤᠨ ᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶ᠎ᠠ ᠳᠤ ᠨᠠᠷᠠᠲᠤ ᠡᠮᠴᠢ ᠶᠢᠨ ᠠᠵᠢᠯ ᠤᠨ ᠲᠠᠰᠤᠭ᠂ ᠤᠨᠴᠠᠯᠢᠬᠳᠤ ᠰᠤᠪᠢᠯᠠᠯᠲᠠ ᠶᠢᠨ ᠡᠭᠦᠳᠡᠨ ᠡᠮᠨᠡᠯᠭᠡ ᠵᠡᠷᠭᠡ ᠶᠢ ᠪᠠᠶᠢᠭᠤᠯᠤᠨ᠂ ᠡᠷᠡᠬᠦᠯ ᠢ ᠰᠠᠬᠢᠬᠤ ᠰᠠᠯᠠᠭ᠎ᠠ᠂ ᠬᠢᠲᠠᠳ ᠮᠣᠩᠭᠤᠯ ᠡᠮᠨᠡᠯᠭᠡ ᠶᠢᠨ ᠡᠷᠡᠭᠦᠯᠵᠢᠯ ᠤᠨ ᠰᠠᠯᠠᠭ᠎ᠠ᠂ ᠡᠮᠴᠢᠯᠡᠭᠡᠨ ᠤ ᠮᠡᠷᠭᠡᠵᠢᠯ ᠤᠨ ᠰᠠᠯᠠᠭ᠎ᠠ ᠵᠡᠷᠭᠡ ᠤᠨᠴᠠᠯᠢᠭᠳᠤ ᠰᠠᠯᠠᠭ᠎ᠠ ᠲᠠᠰᠤᠭ ᠢ ᠭᠤᠤᠯᠳᠠᠯᠭ᠎ᠠ ᠲᠠᠢ ᠬᠥᠭᠵᠢᠭᠦᠯᠵᠦ᠂ ᠡᠮᠨᠡᠯᠭᠡ ᠶᠢᠨ ᠬᠤᠷᠢᠶᠠᠨ ᠤ ᠡᠷᠡᠬᠦᠯᠵᠢᠬᠦᠯᠬᠦ ᠴᠢᠳᠠᠪᠤᠷᠢ ᠪᠠ ᠡᠪᠡᠳᠴᠢᠨ ᠢ ᠵᠠᠰᠠᠬᠤ ᠬᠢᠷᠢ ᠬᠡᠮᠵᠢᠶ᠎ᠠ ᠶᠢᠨ ᠳᠡᠭᠡᠭᠰᠢᠯᠡᠬᠦᠯᠦᠯᠳᠡ ᠶᠢ ᠠᠬᠢᠭᠤᠯᠤᠭᠰᠠᠨ ᠪᠠᠶᠢᠨ᠎ᠠ᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠯᠢ ᠬᠤᠩ᠄ ︽ᠪᠢᠳᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠭᠤᠤᠯ ᠱᠤᠭᠤᠮ ᠤᠨ ᠲᠣᠭᠤᠷᠢᠨ ᠳᠤ᠂ ᠬᠢᠲᠠᠳ ᠮᠣᠩᠭᠤᠯ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠠᠬᠢᠭᠤᠯᠤᠨ᠂ ᠠᠯᠠᠱᠠ ᠶᠢᠨ ᠣᠨᠴᠠᠯᠢᠭᠲᠤ ᠳᠠᠪᠠᠭᠤᠯᠢᠭ ᠡᠮᠴᠢᠯᠡᠭᠡ ᠶᠢᠨ ᠠᠷᠭ᠎ᠠ ᠵᠠᠰᠠᠯ ᠢ ᠠᠭᠤᠳᠠᠯᠤᠨ᠂ ᠡᠷᠡᠭᠦᠯᠵᠢᠯ ᠰᠤᠪᠢᠯᠠᠯᠲᠠ ᠶᠢᠨ ᠡᠮᠴᠢᠯᠡᠭᠡ ᠪᠠ ︿ᠨᠠᠰᠤᠲᠠᠨ ᠨᠢᠯᠬᠠᠰ﹀ ᠤᠨ ᠦᠢᠯᠡᠴᠢᠯᠡᠭᠡ ᠶᠢ ᠢᠳᠡᠪᠬᠢᠲᠡᠶ ᠥᠷᠨᠢᠭᠦᠯᠵᠦ᠂ ᠣᠯᠠᠨ ᠲᠦᠮᠡᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ︾ ᠬᠡᠵᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号