ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2025/4/30
    4 ᠰᠠᠷ᠎ᠠ ᠶᠢᠨ 27 ᠠᠴᠠ 28 ᠤ ᠡᠳᠦᠷ ᠪᠣᠯᠲᠠᠯ᠎ᠠ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠵᠤ᠂ 4 ᠰᠠᠷ᠎ᠠ ᠶᠢᠨ 25 ᠤ ᠡᠳᠦᠷ ᠤᠨ ᠨᠠᠮ ᠤᠨ ᠲᠦᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠭᠦᠨᠵᠡᠭᠡᠢ ᠵᠠᠳᠠᠯᠵᠤ᠂ ᠠᠵᠢᠯ ᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠳᠠᠷᠠᠭᠠᠴᠢ ᠶᠢᠨ ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠤᠯᠪᠣᠭᠳᠠᠯ ᠪᠥᠬᠦᠶ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠱᠢ ᠭᠤᠸᠠᠩ ᠬᠤᠢ᠂ ᠬᠤᠸᠠᠩ ᡁᠢ ᠴᠢᠶᠠᠩ᠂ ᠪᠦᠦ ᠰᠢᠶᠠᠨ ᠬᠤᠸᠠ᠂ ᠴᠢ᠊ ᠪᠠᠲᠤ᠂ ᠵᠧᠩ ᠭᠤᠸᠠᠩ ᠵᠤᠤ᠂ ᠶᠤᠤ ᠶᠦᠩ ᠪᠥᠸᠧ᠂ ᠳᠠᠶᠢᠴᠢᠨ᠂ ᠶᠠᠩ ᠶᠢᠨ᠂ ᠰᠦᠨ ᠵᠢᠶᠦ᠋ᠨ ᠴᠢᠩ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ᠂ 12 ᠠᠶᠢᠮᠠᠭ ᠬᠤᠳᠠ᠂ 7 ᠣᠷᠣᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠮᠠᠨ ᠤ ᠣᠷᠣᠨ ᠤ ᠠᠵᠤ ᠠᠬᠤᠢ ᠶᠢᠨ ᠪᠠᠶᠢᠳᠠᠯ ᠢ ︽ᠬᠡᠷᠬᠢᠨ ᠦᠵᠡᠬᠦ︾᠂ ᠠᠵᠤ ᠠᠬᠤᠢ ᠶᠢᠨ ᠠᠵᠢᠯ ᠢ ︽ᠬᠡᠷᠬᠢᠨ ᠬᠢᠬᠦ︾ ᠲᠤᠬᠠᠢ ᠦᠭᠡ ᠬᠡᠯᠡᠪᠡ᠃    ᠰᠦᠨ ᠱᠤᠤ ᠴᠧᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠠᠴᠠ ᠣᠳᠣᠬᠠᠨ ᠤ ᠪᠦᠬᠦ ᠤᠯᠤᠰ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠲᠠᠷᠠᠭᠠᠴᠢ ᠶᠢᠨ ᠠᠯᠬᠤᠮ ᠤᠨ ᠪᠦᠬᠦ ᠤᠯᠤᠰ ᠤᠨ ᠠᠵᠤ ᠠᠬᠤᠢ ᠶᠢᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠲᠠᠯ᠎ᠠ ᠶᠢᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠪᠠᠲᠤᠳᠬᠠᠵᠤ᠂ ᠬᠦᠴᠢᠷᠳᠡᠯ ᠥᠷᠢᠰᠥᠯᠳᠦᠭᠡᠨ ᠢ ᠢᠳᠡᠪᠬᠢᠲᠡᠢ ᠪᠦᠲᠦᠮᠵᠢᠲᠡᠢ ᠠᠷᠭᠠᠴᠠᠭᠠᠵᠤ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠳᠤ ᠤᠷᠤᠭᠰᠢᠯᠠᠬᠤ ᠴᠢᠭᠯᠡᠯ ᠪᠣᠯᠤᠨ ᠬᠦᠴᠦᠯᠡᠬᠦ ᠭᠤᠣᠯᠳᠠᠯᠭ᠎ᠠ ᠶᠢ ᠵᠢᠭᠠᠵᠤ ᠥᠭᠴᠡᠢ᠃ ᠡᠯ᠎ᠡ ᠱᠠᠲᠤᠨ ᠤ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠤᠯᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ ᠠᠵᠢᠯᠯᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠨ ᠴᠢᠷᠮᠠᠶᠢᠵᠤ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃    ᠰᠦᠨ ᠱᠤᠤ ᠴᠧᠩ᠂ ᠣᠳᠣᠬᠠᠨ ᠳᠤ ᠮᠠᠨ ᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ ᠰᠠᠶᠢᠨ ᠪᠠᠶᠢᠨ᠎ᠠ᠂ ᠮᠠᠯ ᠠᠵᠤ ᠠᠬᠤᠢ ᠲᠠᠷᠢᠶᠠᠯᠠᠩ ᠪᠣᠯᠤᠨ ᠡᠨᠧᠷᠭᠢ ᠭᠡᠬᠦ ᠬᠤᠶᠠᠷ ᠦᠨᠳᠦᠰᠦᠨ ᠪᠠᠶᠢᠳᠠᠯ ᠲᠣᠭᠲᠠᠭᠤᠨ ᠪᠠᠶᠢᠨ᠎ᠠ᠂ ᠠᠵᠤ ᠦᠢᠯᠡᠰ ᠤᠨ ᠰᠠᠭᠤᠷᠢ᠂ ᠢᠳᠡᠪᠬᠢᠲᠡᠢ ᠪᠠᠶᠢᠳᠠᠯ ᠬᠤᠪᠢᠷᠠᠭ᠎ᠠ ᠦᠭᠡᠢ᠂ ᠭᠠᠳᠠᠭᠠᠳᠤ ᠨᠥᠬᠦᠴᠡᠯ ᠰᠠᠶᠢᠵᠢᠷᠠᠵᠤ ᠪᠠᠶᠢᠨ᠎ᠠ᠂ ᠬᠠᠷᠠᠯᠲᠠ ᠡᠭᠦᠷᠭᠡ ᠬᠤᠪᠢᠷᠠᠵᠤ ᠪᠣᠯᠬᠤ ᠦᠭᠡᠢ᠃ ᠡᠯ᠎ᠡ ᠱᠠᠲᠤᠨ ᠤ ᠬᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ︽ᠤᠷᠤᠭᠰᠢᠯᠠᠬᠤ ᠦᠭᠡᠢ ᠨᠢ ᠤᠬᠤᠷᠢᠵᠤ ᠪᠠᠶᠢᠭ᠎ᠠ ᠶᠠᠪᠤᠳᠠᠯ ᠮᠦᠨ ᠂ ᠤᠳᠠᠭᠠᠨ ᠤᠷᠤᠭᠰᠢᠯᠠᠬᠤ ᠨᠢ ᠴᠦ ᠤᠬᠤᠷᠢᠵᠤ ᠪᠠᠶᠢᠭ᠎ᠠ ᠶᠠᠪᠤᠳᠠᠯ ᠪᠤᠯᠤᠨ᠎ᠠ︾ ᠭᠡᠳᠡᠭ ᠢ ᠭᠦᠢᠴᠡᠳ ᠲᠠᠨᠢᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠳᠣᠯᠭᠠᠮ᠎ᠠ ᠰᠡᠳᠭᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠳᠠᠪᠠᠭᠤᠯᠢᠭ ᠢᠶᠠᠨ ᠪᠠᠳᠠᠷᠠᠭᠤᠯᠤᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠦᠭᠵᠢᠷᠡᠯ ᠢ ᠰᠢᠯᠤᠭᠤᠳᠬᠠᠵᠤ᠂ ᠰᠢᠨ᠎ᠡ ᠡᠨᠧᠷᠭᠢ ᠡᠨᠡ ᠬᠦ ᠳᠠᠪᠠᠭᠤᠯᠢᠭ ᠠᠵᠤ ᠦᠢᠯᠡᠰ ᠢ ᠤᠯᠠᠮ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠣᠳᠠᠲᠠᠢ ᠶᠢ ᠡᠷᠬᠢᠮᠯᠡᠭᠰᠡᠨ ᠠᠷᠭ᠎ᠠ  ᠬᠡᠮᠵᠢᠶ᠎ᠡ ᠠᠪᠴᠤ ᠪᠠᠶᠢᠭᠠᠳ ᠮᠠᠯ ᠠᠵᠤ ᠠᠬᠤᠢ ᠲᠠᠷᠢᠶᠠᠯᠠᠩ᠂ ᠪᠠᠷᠢᠯᠭ᠎ᠠ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠶᠢᠨ ᠠᠷᠭ᠎ᠠ ᠳᠤ ᠲᠦᠰᠢᠭᠯᠡᠨ ᠲᠦᠷᠦᠯ ᠵᠦᠢᠯ ᠤᠨ ᠬᠢᠨᠠᠨ ᠵᠥᠪᠰᠢᠶᠡᠷᠡᠯ ᠤᠳᠠᠭᠠᠨ ᠪᠠᠶᠢᠬᠤ᠂ ᠪᠣᠬᠢᠷᠲᠤᠯ ᠦᠭᠡᠢ ᠴᠠᠬᠢᠯᠭᠠᠨ ᠤ ᠬᠠᠩᠭᠠᠯᠭ᠎ᠠ ᠬᠡᠷᠡᠭᠴᠡᠭᠡ ᠲᠤᠬᠢᠷᠠᠯᠴᠠᠬᠤ ᠦᠭᠡᠢ ᠪᠠᠶᠢᠬᠤ᠂ ᠪᠠᠩᠬᠢ ᠪᠣᠯᠤᠨ ᠠᠵᠤ ᠠᠬᠤᠶᠢᠯᠠᠯ ᠤᠨ ᠵᠣᠯᠭᠠᠯᠴᠠᠭ᠎ᠠ ᠤᠷᠤᠭᠰᠢᠲᠠᠢ ᠪᠤᠰᠤ ᠪᠠᠶᠢᠬᠤ ᠵᠡᠷᠭᠡ ᠪᠣᠭᠤᠮᠢ ᠬᠢᠵᠠᠭᠠᠷᠯᠠᠯ ᠢ ᠰᠢᠢᠳᠪᠦᠷᠢᠯᠡᠬᠦ ᠶᠢ ᠨᠡᠩ ᠴᠢᠬᠤᠯᠠᠴᠢᠯᠠᠬᠤ ᠬᠡᠷᠡᠭᠲᠡᠢ᠃ ᠰᠢᠨ᠎ᠡ ᠲᠠᠶᠢᠨ ᠤ ᠲᠠᠯᠠᠪᠤᠷ ᠢ ᠨᠡᠭᠡᠭᠡᠵᠦ᠂ ᠠᠭᠠᠷ ᠤᠨ ᠦᠢᠯᠡᠰ ᠤᠨ ᠠᠵᠤ ᠠᠬᠤᠢ᠂ ᠪᠣᠬᠢᠷᠲᠤᠯ ᠦᠭᠡᠢ ᠤᠰᠤᠲᠥ᠋ᠷᠥᠭᠴᠢ᠂ ᠴᠥᠮ᠎ᠡ ᠶᠢᠨ ᠡᠨᠧᠷᠭᠢ᠂ ᠵᠢᠯᠣᠭᠤᠴᠢ ᠦᠭᠡᠢ ᠮᠠᠰᠢᠨ᠂ ᠪᠤᠳᠤᠯᠲᠠ ᠶᠢᠨ ᠬᠦᠴᠦᠨ ᠵᠡᠷᠭᠡ ᠬᠦᠷᠢᠶ᠎ᠠ ᠶᠢ ᠨᠢᠭᠲᠠ ᠠᠩᠬᠠᠷᠴᠤ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠤᠶᠢᠵᠢᠭᠤᠯᠬᠤ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠤᠨ ᠣᠷᠣᠯᠭ᠎ᠠ ᠪᠠ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠭᠵᠢᠯᠲᠡ ᠶᠢᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠱᠦᠵᠢ ᠲᠦᠷᠦᠭᠦᠯᠡᠨ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠳᠠᠨ ᠵᠣᠷᠢᠭ᠂ ᠡᠷᠴᠢ ᠵᠣᠷᠢᠭ ᠢᠶᠠᠨ ᠭᠦᠢᠴᠡᠳ ᠬᠥᠪᠴᠢᠯᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ᠂ ᠴᠠᠭ ᠮᠦᠴᠡ ᠶᠢ ᠠᠮᠵᠢᠨ ᠠᠵᠤ ᠠᠬᠤᠢ ᠶᠢᠨ ᠬᠥᠭᠵᠢᠯᠲᠡ ᠡᠨᠡ ᠬᠦ ᠭᠤᠣᠯ ᠡᠭᠦᠷᠭᠡ ᠶᠢ ᠰᠠᠶᠢᠲᠤᠷ ᠠᠳᠬᠤᠬᠤ ᠶᠢᠨ ᠬᠠᠮᠲᠤ ᠠᠮᠢ ᠠᠬᠤᠢ ᠶᠢᠨ ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠠᠮ ᠤᠨ ᠪᠠᠶᠢᠭᠤᠯᠤᠯᠲᠠ᠂ ᠲᠥᠪ ᠤᠨ ᠲᠣᠭᠤᠷᠢᠨ ᠪᠠᠶᠢᠴᠠᠭᠠᠯᠲᠠ ᠳᠤ ᠬᠠᠮᠵᠢᠯᠴᠠᠬᠤ ᠵᠡᠷᠭᠡ ᠠᠵᠢᠯ ᠢ ᠰᠠᠶᠢᠳᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号