ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ | ᠦᠨᠳᠦᠰᠦᠲᠡᠨ ᠨᠦᠭᠦᠳ ᠤᠨ ᠠᠵᠢᠯᠴᠢᠨ ᠲᠠᠷᠢᠶᠠᠴᠢᠨ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ᠂ ᠡᠯ᠎ᠡ | ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ | ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︕ | ᠯᠢ ᠴᠢᠶᠠᠩ ᠬᠤᠷᠠᠯ ᠢ ᠡᠷᠭᠢᠯᠡᠵᠦ ᠵᠣᠣ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠤᠷᠠᠯ ᠳᠤ | ᠤᠷᠤᠯᠴᠠᠵᠤ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 28 ᠤ ᠴᠠᠭᠢᠯᠭᠠᠨ ᠮᠡᠳᠡᠭᠡ ᠳᠤᠮᠳᠠᠳᠤ ᠶᠢᠨ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ 28 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠨᠠᠮ ᠤᠨ ᠭᠤᠣᠯ ᠡᠭᠦᠷᠭᠡ ᠶᠢᠨ | ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ | ᠨᠢᠭᠲᠠᠷᠠᠭᠤᠯᠵᠤ᠂ ᠯᠠᠪᠳᠠᠭᠤᠨ ᠪᠠᠲᠤᠲᠠᠢ ᠠᠵᠢᠯᠯᠠᠵᠤ᠂ ᠡᠷᠡᠯᠬᠡᠭᠯᠡᠨ ᠤᠷᠤᠭᠰᠢᠯᠠᠵᠤ ᠡᠷᠡᠮᠡᠬᠡᠶᠢᠯᠡᠨ ᠲᠡᠮᠡᠴᠡᠵᠦ ᠬᠤᠪᠢ ᠨᠡᠮᠡᠷᠢ | ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ | ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | | | | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠶᠡᠭᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ︶ | | | ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠰᠢ ᠶᠢᠨ ᠫᠢᠩ | ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ ᠲᠠᠷᠢᠶᠠᠴᠢᠨ᠂ | ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ︕ | ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ᠂ ᠲᠠᠶᠢᠸᠠᠨ | ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ ᠨᠠᠶᠢᠵᠠ ᠨᠠᠷ ᠲᠤ ᠪᠠᠶᠠᠷ ᠤᠨ ᠡᠳᠦᠷ ᠤᠨ | ᠵᠥᠩᠨᠡᠯ ᠳᠡᠪᠰᠢᠭᠦᠯᠪᠡ︕ ᠬᠥᠬᠢᠭᠦᠯᠦᠨ ᠰᠠᠶᠢᠰᠢᠶᠠᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ︕ | ᠯᠢ ᠴᠢᠶᠠᠩ ᠶᠡᠭᠡ ᠬᠤᠷᠠᠯ ᠢ ᠡᠷᠭᠢᠯᠡᠵᠦ᠂ ᠵᠤᠤ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ | ᠣᠷᠣᠯᠴᠠᠵᠤ᠂ ᠼᠠᠢ ᠴᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠪᠡ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠦᠪᠡᠳᠡᠭᠰᠢ ᠶᠡᠭᠡ ᠪᠥᠭᠡᠳ ᠭᠦᠷ | ᠬᠥᠭᠵᠢᠶᠡᠨ ᠲᠠᠢ ᠠᠭᠤᠷ ᠠᠮᠢᠰᠬᠤᠯ ᠪᠢᠯᠬᠠᠨ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠶᠢᠨ | ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠵᠢᠴᠢ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ︾ | ᠭᠡᠰᠡᠨ ᠦᠰᠦᠭ ᠲᠠᠢ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ | ᠬᠤᠷᠠᠯ ᠤᠨ ᠰᠦᠯᠳᠡ ᠶᠢ ᠡᠯᠭᠦᠵᠦ᠂ ᠬᠤᠷᠠᠯ ᠤᠨ ᠰᠦᠯᠳᠡ ᠶᠢᠨ ᠳᠣᠣᠷ᠎ᠠ ᠲᠠᠯ᠎ᠠ ᠳᠤ ︽1925 — 2025︾ | ᠭᠡᠰᠡᠨ ᠲᠤᠭ᠎ᠠ ᠡᠯᠭᠦᠵᠦ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠵᠠᠢ᠃ ᠬᠤᠶᠠᠳᠤᠭᠠᠷ ᠳᠠᠪᠬᠤᠷᠯᠢᠭ ᠤᠨ | ᠪᠠᠷᠠᠯᠠᠬᠤ ᠲᠠᠶᠢᠰᠠᠨ ᠳᠡᠭᠡᠷ᠎ᠡ᠄ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠭᠤᠶᠢᠪᠢᠰᠢ ᠦᠭᠡᠢ ᠪᠠᠷ ᠨᠠᠮ ᠤᠨ ᠦᠭᠡ ᠶᠢ | ᠰᠣᠨᠣᠰᠴᠤ ᠨᠠᠮ ᠢᠶᠠᠨ ᠳᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ | ᠳᠤᠮᠳᠠ ᠠᠵᠢᠯᠴᠢᠨ ᠠᠩᠭᠢ ᠶᠢᠨ ᠭᠤᠣᠯ ᠬᠦᠴᠦᠨ ᠤ ᠦᠢᠯᠡᠳᠦᠯ ᠪᠠ ᠠᠵᠢᠯᠴᠢᠨ ᠤ ᠡᠪᠯᠡᠯ ᠤᠨ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠶ᠎ᠠ︕︾ ᠭᠡᠬᠦ ᠤᠷᠢᠶ᠎ᠠ ᠶᠢ ᠡᠯᠭᠦᠵᠡᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠵᠡᠢ᠃ ᠪᠦᠭᠦᠳᠡᠭᠡᠷ ᠢᠶᠠᠨ ᠪᠣᠰᠴᠤ ᠵᠣᠭᠰᠣᠨ ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠳᠠᠭᠤᠯᠠᠪᠠ᠃ | ᠼᠠᠢ ᠴᠢ ︽ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ | ᠰᠠᠶᠢᠰᠢᠶᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃ 1670 ᠬᠥᠮᠥᠨ ᠳᠤ ᠪᠦᠭᠦ ᠤᠯᠤᠰ ᠤᠨ ᠭᠦᠳᠡᠯᠮᠦᠷᠢ ᠶᠢᠨ | ᠵᠢᠱᠢᠶᠡᠴᠢ ᠶᠢᠨ ᠴᠣᠯᠠ ᠣᠯᠭᠤᠵᠤ᠂ 756 ᠬᠥᠮᠥᠨ ᠳᠤ ᠪᠦᠭᠦ ᠤᠯᠤᠰ ᠤᠨ ᠲᠡᠷᠢᠭᠦᠨ ᠤ ᠠᠵᠢᠯᠲᠠᠨ ᠤ ᠴᠣᠯᠠ ᠣᠯᠭᠤᠪᠠ᠃ | ᠪᠠᠶᠠᠰᠬᠤᠯᠠᠩᠲᠤ ᠬᠥᠭᠵᠢᠮ ᠤᠨ ᠠᠶᠠᠰ ᠳᠤᠮᠳᠠ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ | ᠠᠵᠢᠯᠲᠠᠨ ᠤ ᠲᠥᠯᠥᠭᠡᠯᠡᠭᠴᠢ ᠠᠯᠬᠤᠮ ᠲᠠᠷᠠᠭ᠎ᠠ ᠲᠠᠢ ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠰᠢ ᠶᠢᠨ ᠫᠢᠩ ᠨᠠᠷ | ᠲᠡᠳᠡᠨ ᠳᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠪᠠ᠃ | | | | | | | | | | 4 ᠰᠠᠷ᠎ᠠ ᠶᠢᠨ 28 ᠤ ᠡᠳᠦᠷ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠵᠢᠷᠤᠭ ᠪᠣᠯ᠂ ᠰᠢ ᠶᠢᠨ ᠫᠢᠩ ᠵᠡᠷᠭᠡ ᠨᠠᠮ ᠪᠠ ᠲᠦᠷᠦ ᠶᠢᠨ | ᠤᠳᠤᠷᠢᠳᠬᠤ ᠬᠥᠮᠥᠰ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ | ᠲᠥᠯᠥᠭᠡᠯᠡᠭᠴᠢᠳ ᠲᠤ ᠢᠷᠠᠭᠤ ᠠᠯᠳᠠᠷ ᠤᠨ ᠦᠨᠡᠮᠯᠡᠯ ᠭᠠᠷᠳᠠᠭᠤᠯᠵᠤ ᠪᠠᠶᠢᠭ᠎ᠠ ᠨᠢ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | | ᠳᠤᠮᠳᠠᠳᠤ ᠤᠯᠤᠰ ᠤᠨ ᠡᠯ ᠴᠦᠡᠭ ᠳ᠋ᠧ ᠶᠠᠩ ᠸᠠᠨ ᠬᠠᠩ ᠬᠡᠪ ᠳᠠᠪᠲᠠᠬᠤ ᠺᠤᠮᠫᠠᠨᠢ ᠶᠢᠨ ᠠᠩᠭᠢ ᠶᠢᠨ ᠳᠠᠷᠤᠭ᠎ᠠ ᠶᠧ | ᠯᠢᠨ ᠸᠧᠢ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠲᠥᠯᠥᠭᠡᠯᠡᠨ | ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ | ᠲᠠᠯᠠᠪᠠᠢ ᠳᠠᠶᠠᠭᠠᠷ ᠤᠨ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ | ᠲᠡᠷᠡ᠂ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠲᠤᠷᠰᠢ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ | ᠡᠯ᠎ᠡ ᠲᠡᠦᠬᠡᠨ ᠴᠠᠭ ᠦᠶ᠎ᠡ ᠶᠢᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ ᠤᠯᠤᠰ ᠤᠨ ᠠᠵᠢᠯᠴᠢᠨ ᠠᠩᠭᠢ ᠶᠢ | ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ | ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠠᠭᠤᠤ ᠶᠡᠭᠡ ᠦᠢᠯᠡᠰ ᠢ ᠠᠬᠢᠭᠤᠯᠬᠤ ᠳᠤᠮᠳᠠ | ᠪᠠᠯᠠᠷᠠᠰᠢ ᠦᠭᠡᠢ ᠭᠠᠪᠢᠶ᠎ᠠ ᠵᠢᠳᠬᠦᠯ ᠪᠠᠶᠢᠭᠤᠯᠵᠤ᠂ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠢᠷᠠᠭᠤ | ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ | ᠠᠩᠭᠢ ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ | ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ ᠬᠥᠳᠡᠯᠭᠡᠭᠡᠨ ᠤ | ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠲᠡᠦᠬᠡᠲᠦ | ᠴᠢᠨᠠᠷᠲᠠᠢ ᠠᠮᠵᠢᠯᠲᠠ ᠣᠯᠵᠤ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ ᠠᠬᠢᠭᠤᠯᠪᠠ᠃ ᠡᠯ᠎ᠡ ᠱᠠᠲᠤᠨ ᠤ | ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠢ ᠪᠦᠯᠬᠦᠮᠳᠡᠭᠦᠯᠦᠨ ᠳᠠᠶᠢᠴᠢᠯᠠᠵᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ | ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ | ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ ᠰᠠᠭᠤᠷᠢ ᠮᠥᠨ᠂ | ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ ᠮᠥᠨ᠂ ᠨᠡᠷ᠎ᠡ | ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ ᠬᠠᠷᠢᠴᠠᠭᠠᠨ ᠤ | ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ 100 ᠵᠢᠯ ᠤᠨ ᠲᠤᠷᠰᠢᠬᠢ ᠦᠢᠯᠡᠳᠦᠯᠭᠡ ᠭᠦᠢᠴᠡᠳ | ᠭᠡᠷᠡᠴᠢᠯᠡᠪᠡ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ ᠠᠵᠢᠯᠲᠠᠨ | ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ | ᠵᠢᠷᠤᠮᠲᠤ ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ | ᠠᠵᠢᠯᠲᠠᠨ ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ | ᠪᠠ ᠨᠡᠶᠢᠭᠡᠮ ᠤᠨ ᠬᠠᠮᠲᠤ ᠤᠯᠠᠨ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ | ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ | ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ ᠤᠯᠤᠰ ᠤᠨ | ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠤᠷᠢ ᠶᠢ ᠭᠤᠶᠢᠪᠢᠯᠵᠠᠭᠤᠯᠵᠤ ᠪᠤᠯᠬᠤ ᠦᠭᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ 100 ᠵᠢᠯ ᠤᠨ ᠲᠤᠷᠰᠢᠬᠢ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ | ᠡᠭᠦᠳᠦᠯᠲᠡ ᠪᠣᠯᠣᠨ ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ | ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ | ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠪᠦᠭᠦ ᠰᠡᠳᠬᠢᠯ ᠪᠦᠭᠦ | ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠨᠠᠮ ᠤᠨ ᠭᠤᠣᠯ | ᠡᠭᠦᠷᠭᠡ ᠶᠢ ᠲᠠᠭᠠᠬᠤ ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ | ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ ᠪᠠᠷᠢᠮᠲᠠᠯᠠᠵᠤ᠂ ᠬᠠᠤᠯᠢ | ᠶᠣᠰᠣᠭᠠᠷ ᠳᠦᠷᠢᠮ ᠶᠣᠰᠣᠭᠠᠷ ᠠᠵᠢᠯ ᠢᠶᠠᠨ ᠥᠷᠨᠢᠭᠦᠯᠬᠦ ᠶᠢ ᠪᠠᠷᠢᠮᠲᠠᠯᠠᠵᠤ᠂ ᠨᠠᠮ ᠠᠴᠠ ᠠᠵᠢᠯᠴᠢᠨ ᠤ ᠬᠥᠳᠡᠯᠭᠡᠭᠡᠨ ᠤ | ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ ᠭᠦᠨᠵᠡᠭᠡᠢ | ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠠᠮ ᠤᠨ ᠭᠤᠣᠯ ᠡᠭᠦᠷᠭᠡ ᠪᠣᠯ ᠮᠠᠨ ᠤ ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ | ᠭᠤᠣᠯ ᠰᠡᠳᠦᠪ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠬᠡᠪᠰᠢ ᠮᠠᠨ ᠤ ᠤᠯᠤᠰ ᠤᠨ ᠠᠵᠢᠯᠴᠢᠨ ᠠᠩᠭᠢ | ᠪᠣᠯᠣᠨ ᠥᠷᠭᠡᠨ ᠣᠯᠠᠨ ᠬᠥᠳᠡᠯᠮᠦᠷᠢᠴᠢᠨ ᠲᠦᠮᠡᠨ ᠢ ᠤᠯᠠᠮ ᠳᠠᠶᠢᠴᠢᠯᠠᠨ ᠵᠣᠷᠢᠭᠵᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ | ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ | ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠣᠰᠬᠠᠬᠤ᠂ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠳᠤ ᠵᠣᠬᠢᠴᠠᠵᠤ᠂ | ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠵᠢᠷᠤᠮ ᠤᠨ | ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ | ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠤ ᠠᠵᠠ ᠵᠢᠷᠭᠠᠯ ᠢ ᠯᠠᠪᠳᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠪᠣᠯ ᠴᠥᠮ ᠠᠷᠠᠳ ᠲᠦᠮᠡᠨ ᠤ ᠬᠡᠪ | ᠳᠠᠭᠤᠷᠢᠶᠠᠯ᠂ ᠤᠯᠤᠰ ᠤᠨ ᠲᠤᠯᠭᠠᠭᠤᠷᠢ ᠬᠦᠴᠦᠨ ᠮᠥᠨ᠂ ᠪᠦᠭᠦ ᠨᠡᠶᠢᠭᠡᠮ ᠢᠶᠠᠷ ᠢᠶᠠᠨ ᠳᠡᠳᠡᠨ ᠤ ᠦᠢᠯᠡ ᠠᠵᠢᠯᠯᠠᠭ᠎ᠠ ᠶᠢ | ᠰᠤᠷᠤᠯᠴᠠᠵᠤ᠂ ᠳᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ᠃ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ | ᠠᠵᠢᠯᠲᠠᠳ ᠢᠷᠠᠭᠤ ᠠᠯᠳᠠᠷ ᠢᠶᠠᠨ ᠨᠠᠨᠳᠢᠩᠨᠠᠨ᠂ ᠮᠥᠨ ᠴᠢᠨᠠᠷ ᠢᠶᠠᠨ ᠬᠠᠳᠠᠭᠠᠯᠠᠵᠤ᠂ ᠦᠷᠭᠦᠯᠵᠢᠯᠡᠨ ᠴᠢᠷᠮᠠᠶᠢᠵᠤ᠂ ᠲᠠᠭᠢᠨ | ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠡᠯ᠎ᠡ ᠱᠠᠲᠤᠨ ᠤ ᠠᠵᠢᠯᠴᠢᠨ ᠤ ᠡᠪᠯᠡᠯ | ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ | ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ | ᠦᠢᠯᠡᠴᠢᠯᠡᠵᠦ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠵᠢᠯᠴᠢᠨ ᠤ | ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ ᠳᠠᠭᠠᠭᠤᠯᠬᠤ ᠬᠦᠴᠦᠨ᠂ | ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ | ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ | ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ | ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ | ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠶᠠᠷᠢᠶᠠᠨ ᠤ ᠪᠦᠭᠦ ᠠᠭᠤᠯᠭ᠎ᠠ ᠶᠢ ᠠᠰ ᠲᠤᠨᠢ | ᠨᠡᠶᠢᠲᠡᠯᠡᠪᠡ︶ | ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ 100 | ᠵᠢᠯ ᠤᠨ ᠲᠤᠷᠰᠢᠬᠢ ᠨᠠᠮ ᠤᠨ ᠤᠳᠤᠷᠢᠳᠤᠭᠰᠠᠨ ᠳᠤᠮᠳᠠᠳᠤ ᠤᠯᠤᠰ ᠤᠨ ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ | ᠥᠩᠭᠡᠷᠡᠯᠲᠡ ᠪᠠ ᠠᠭᠤᠤ ᠶᠡᠭᠡ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠮᠳᠠᠳᠤ ᠤᠯᠤᠰ ᠤᠨ ᠠᠵᠢᠯᠴᠢᠨ | ᠠᠩᠭᠢ ᠪᠣᠯᠣᠨ ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠨᠠᠮ ᠪᠣᠯᠣᠨ ᠤᠯᠤᠰ ᠤᠨ ᠦᠢᠯᠡᠰ ᠤᠨ ᠬᠥᠭᠵᠢᠯᠲᠡ ᠶᠢᠨ | ᠪᠦᠭᠦ ᠲᠠᠯ᠎ᠠ ᠳᠠᠬᠢ ᠪᠠᠶᠢᠷᠢ ᠰᠠᠭᠤᠷᠢ ᠪᠣᠯᠣᠨ ᠦᠢᠯᠡᠳᠦᠯ ᠢ ᠭᠦᠢᠴᠡᠳ ᠨᠤᠲᠠᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ | ᠪᠣᠯᠣᠨ ᠠᠵᠢᠯᠴᠢᠨ ᠤ ᠡᠪᠯᠡᠯ ᠤᠨ ᠠᠵᠢᠯ ᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ | ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ | ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ | ᠦᠶ᠎ᠡ ᠰᠢᠨ᠎ᠡ ᠠᠶᠠᠨ ᠤ ᠠᠵᠢᠯᠴᠢᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ | ᠶᠠᠷᠢᠶᠠᠨ ᠳᠤ ᠨᠠᠮ ᠤᠨ ᠲᠥᠪ ᠬᠤᠷᠢᠶ᠎ᠠ ᠠᠴᠠ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ ᠲᠦᠮᠡᠨ ᠢ | ᠳᠣᠲᠣᠨᠣ ᠪᠠᠷ ᠬᠠᠯᠠᠮᠵᠢᠯᠠᠵᠤ᠂ ᠠᠵᠢᠯᠴᠢᠨ ᠤ ᠬᠥᠳᠡᠯᠭᠡᠭᠡᠨ ᠤ ᠦᠢᠯᠡᠰ ᠪᠣᠯᠣᠨ ᠠᠵᠢᠯᠴᠢᠨ ᠤ ᠡᠪᠯᠡᠯ ᠤᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ | ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠲᠠᠭᠢᠨ ᠰᠢᠨ᠎ᠡ ᠭᠠᠪᠢᠶ᠎ᠠ ᠪᠠᠶᠢᠭᠤᠯᠤᠨ᠂ ᠲᠠᠭᠢᠨ ᠭᠡᠷᠡᠯ | ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠷᠢᠭᠦᠯᠡᠭᠴᠢ ᠸᠠᠩ ᠳ᠋ᠦᠩ ᠮᠢᠩ ᠶᠡᠭᠡ | ᠬᠤᠷᠠᠯ ᠳᠡᠭᠡᠷ᠎ᠡ ᠦᠭᠡ ᠬᠡᠯᠡᠪᠡ᠃ | ᠶᠡᠭᠡ ᠬᠤᠷᠠᠯ ᠰᠦᠷ ᠵᠢᠪᠬᠤᠯᠠᠩᠲᠤ ︽ᠢᠨᠲ᠋ᠧᠷᠨᠠᠼᠢᠣᠨᠠᠯ ᠤᠨ ᠳᠠᠭᠤᠤ︾ ᠳᠤᠮᠳᠠ ᠲᠡᠭᠦᠰᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠱᠦᠵᠢ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠤᠳᠤᠷᠢᠳᠬᠤ | ᠲᠤᠰᠢᠶᠠᠯ ᠢ ᠡᠭᠦᠷᠭᠡᠯᠡᠵᠦ ᠥᠩᠭᠡᠷᠡᠭᠰᠡᠨ ᠠᠬᠠᠮᠠᠳ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ | ᠬᠤᠳᠠ ᠶᠢᠨ ᠬᠠᠷᠢᠭᠤᠴᠠᠯᠭᠠᠲᠠᠨ ᠨᠥᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢ᠂ ᠡᠯ᠎ᠡ ᠮᠤᠵᠢ ᠶᠢᠨ ᠱᠠᠲᠤᠨ ᠤ ᠠᠵᠢᠯᠴᠢᠨ ᠤ ᠶᠡᠷᠦᠩᠬᠡᠢ ᠡᠪᠯᠡᠯ ᠤᠨ ᠲᠥᠯᠥᠭᠡᠯᠡᠭᠴᠢ᠂ | 2025 ᠣᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ᠂ ᠥᠩᠭᠡᠷᠡᠭᠰᠡᠨ | ᠬᠤᠭᠤᠴᠠᠭᠠᠨ ᠤ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠤ ᠲᠥᠯᠥᠭᠡᠯᠡᠭᠴᠢ ᠵᠡᠷᠭᠡ | 3000 ᠭᠠᠷᠤᠢ ᠬᠥᠮᠥᠨ ᠶᠡᠭᠡ ᠬᠤᠷᠠᠯ ᠳᠤ ᠣᠷᠣᠯᠴᠠᠵᠠᠢ᠃ |