ᠴᠡᠭᠡ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ 500 ᠲᠦᠮᠡᠨ ᠲᠣᠨ ᠢ ᠳᠠᠪᠠᠯ᠎ᠠ
ᠨᠡᠶᠢᠲᠡᠯᠡᠭᠰᠡᠨ ᠴᠠᠭ᠄
2025/4/7
     ᠴᠡᠭᠡ ᠪᠤᠭᠤᠮᠳᠠ ᠶᠢᠨ 3 ᠰᠠᠷ᠎ᠠ ᠶᠢᠨ 31 ᠤ ᠡᠳᠦᠷ ᠪᠤᠯᠳᠡᠯᠡᠬᠢ ᠪᠦᠷᠢᠳᠬᠡᠯ ᠢ ᠦᠨᠳᠦᠰᠦᠯᠠᠪᠠᠯ᠂ ᠨᠢᠬᠡᠳᠦᠬᠡᠷ ᠤᠯᠡᠷᠢᠯ ᠳᠤ ᠪᠣᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ 501.12 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠵᠠᠢ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠲᠤᠭ᠎ᠠ 20.19 ᠳ᠋ᠦᠩᠰᠢᠭᠤᠷ ᠲᠥᠭᠦᠷᠢᠭ ᠲᠤ ᠬᠦᠷᠴᠦ᠂ 6.8 ᠲᠦᠮᠠᠡ ︵ᠤᠳᠠᠭ᠎ᠠ︶ ᠲᠡᠷᠬᠡ ᠮᠠᠰᠢᠨ ᠪᠤᠯᠤᠨ 7.76 ᠲᠦᠮᠡᠨ ᠬᠥᠮᠥᠨ ︵ᠤᠳᠠᠭ᠎ᠠ︶ ᠬᠢᠯᠢ ᠪᠠᠷ ᠤᠷᠤᠵᠦ ᠭᠠᠷᠴᠦ᠂ ᠡᠯ᠎ᠡ ᠵᠦᠢᠯ ᠤᠨ ᠲᠤᠭ᠎ᠠ ᠪᠠᠷᠢᠮᠲᠠ ᠴᠥᠮ ᠲᠣᠭᠲᠠᠭᠤᠨ ᠢᠶᠠᠷ ᠨᠡᠮᠡᠭᠳᠡᠨ᠂ ᠪᠥᠬᠦ ᠵᠢᠯ ᠤᠨ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃     ᠴᠡᠭᠡ ᠪᠤᠭᠤᠮᠳᠠ ᠨᠢ ᠳᠤᠮᠳᠠᠳᠤ ᠮᠣᠩᠭᠤᠯ ᠤᠨ ᠬᠢᠯᠢ ᠶᠢᠨ ᠬᠠᠭᠤᠷᠠᠢ ᠵᠠᠮ ᠤᠨ ᠴᠢᠬᠤᠯᠠ ᠪᠣᠭᠤᠮᠲᠠ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ︾ ᠬᠠᠷᠠᠯᠲᠠ ᠶᠢᠨ ᠲᠣᠭᠤᠷᠢᠨ ᠳᠤ᠂ ᠪᠣᠭᠤᠮᠲᠠ᠂ ᠬᠢᠯᠢ ᠶᠢᠨ ᠪᠠᠶᠢᠴᠠᠭᠠᠯᠲᠠ ᠵᠢᠴᠢ ᠮᠣᠩᠭᠤᠯ ᠤᠨ ᠬᠠᠮᠲᠤᠷᠠᠨ ᠪᠠᠶᠢᠴᠠᠭᠠᠬᠤ ᠨᠢᠬᠡᠴᠡ ᠲᠠᠢ ᠪᠠᠶᠢᠩᠭᠤ ᠶᠢᠨ ᠬᠠᠮᠳᠤᠷᠠᠯᠴᠠᠭᠠᠨ ᠤ ᠲᠣᠭᠲᠠᠴᠠ ᠶᠢ ᠪᠠᠶᠢᠭᠤᠯᠵᠠᠢ᠃ ᠡᠨᠡ ᠵᠢᠯ ᠠᠴᠠ ᠨᠠᠭᠠᠰᠢ᠂ ᠴᠡᠭᠡ ᠪᠣᠭᠤᠮᠲᠠ ᠶᠢᠨ ᠬᠢᠨ ︽ᠤᠷᠢᠳᠴᠢᠯᠠᠨ ᠭᠤᠶᠤᠴᠢᠯᠠᠨ ᠮᠡᠳᠡᠭᠦᠯᠬᠦ + ᠤᠷᠢᠳᠴᠢᠯᠠᠨ ᠪᠣᠯᠵᠣᠵᠤ ᠪᠠᠶᠢᠴᠠᠭᠠᠨ ᠰᠢᠯᠭᠠᠬᠤ︾ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠵᠦ᠂ ᠣᠯᠠᠨ ᠤᠯᠤᠰ ᠤᠨ ᠠᠷᠠᠯᠵᠢᠶᠠᠨ ᠤ ︽ᠭᠠᠭᠴᠠ ᠴᠣᠩᠬᠤᠪᠴᠢ︾ ᠪᠠᠷ ᠰᠦᠯᠵᠢᠶᠠᠨ ᠲᠡᠬᠡᠷ᠎ᠠ ᠪᠦᠬᠦ ᠶᠠᠪᠤᠴᠠ ᠶᠢ ᠬᠦᠢᠴᠡᠳᠬᠡᠬᠦ ᠶᠢ ᠪᠡᠶᠡᠯᠡᠬᠦᠯᠤᠨ᠂ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ᠴᠠᠭ ᠢ ᠪᠣᠭᠤᠨᠢᠰᠬᠠᠪᠠ︔ ︽ᠦᠳᠡ ᠶᠢᠨ ᠠᠮᠠᠷᠠᠯᠲᠠ ᠦᠭᠡᠢ ᠪᠠᠷ ᠪᠣᠭᠤᠮᠲᠠ ᠥᠩᠭᠡᠷᠡᠬᠦ︾᠂ ︽ᠪᠣᠭᠤᠮᠲᠠ ᠨᠡᠭᠡᠭᠡᠬᠦ ᠴᠠᠭ ᠢ ᠤᠷᠲᠤᠳᠬᠠᠬᠤ︾ ᠵᠡᠷᠭᠡ ᠠᠷᠭ᠎ᠠ ᠠᠪᠴᠠᠯ ᠢ ᠬᠡᠷᠡᠭᠵᠢᠭᠦᠯᠵᠦ᠂ ᠨᠡᠭᠦᠷᠡᠰᠦᠨ ᠤ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠠᠢ᠃ ᠡᠭᠦᠨ ᠠᠴᠠ ᠭᠠᠳᠠᠨ᠎ᠠ᠂ ᠲᠡᠮᠦᠷ ᠵᠠᠮ ᠤᠨ ᠰᠠᠯᠠᠭ᠎ᠠ ᠮᠥᠴᠢᠷ ᠲᠠᠢ ᠬᠠᠷᠢᠯᠴᠠᠵᠦ ᠪᠠᠶᠢᠭᠠᠳ ᠭᠠᠳᠠᠭᠰᠢ ᠲᠡᠭᠡᠭᠡᠪᠦᠷᠢᠯᠡᠬᠦ ᠭᠠᠯᠲᠤ ᠲᠡᠷᠭᠡᠨ ᠤ ᠡᠬᠡᠯᠵᠢ ᠶᠢ ᠨᠡᠮᠡᠭᠳᠡᠭᠦᠯᠵᠦ᠂ ᠲᠡᠭᠡᠭᠡᠪᠦᠷᠢ ᠶᠢᠨ ᠵᠠᠷᠤᠳᠠᠯ ᠢ ᠪᠠᠭᠤᠷᠠᠭᠤᠯᠤᠨ᠂ ᠠᠵᠤ ᠠᠬᠤᠶᠢᠯᠠᠯ ᠤᠨ ᠨᠡᠭᠦᠷᠡᠰᠦ ᠣᠷᠣᠭᠤᠯᠬᠤ ᠢᠳᠡᠪᠬᠢᠵᠢᠯ ᠢ ᠲᠡᠬᠡᠭᠰᠢᠯᠡᠬᠦᠯᠵᠦ᠂ ᠭᠠᠳᠠᠭᠠᠳᠤ ᠠᠴᠠ ᠣᠷᠣᠭᠤᠯᠬᠤ ᠨᠡᠬᠦᠷᠡᠰᠦᠨ ᠤ ᠬᠡᠮᠵᠢᠶ᠎ᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠭᠰᠠᠨ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠴᠡᠭᠡ ᠪᠣᠭᠤᠮᠲᠠ ᠶᠢᠨ ᠬᠢᠨ ᠤᠳᠤᠬᠢ ᠰᠠᠭᠤᠷᠢᠨ ᠳᠡᠭᠡᠷ᠎ᠡ᠂ ᠡᠷᠬᠢᠨ ᠲᠣᠭᠤᠷᠢᠨ ᠤ ᠭᠠᠵᠠᠷ ᠣᠷᠣᠨ ᠲᠠᠢ ᠬᠠᠷᠢᠯᠴᠠᠭ᠎ᠠ ᠬᠤᠯᠪᠤᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠮᠣᠩᠭᠤᠯ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠠᠮᠲᠤᠷᠠᠯᠴᠠᠭ᠎ᠠ ᠶᠢ ᠳᠥᠭᠦᠮᠴᠢᠯᠡᠬᠦ᠂ ᠥᠨᠳᠥᠷ ᠠᠰᠢᠭᠯᠠᠮᠵᠢ ᠲᠠᠢ᠂ ᠣᠶᠤᠨᠴᠢᠯᠠᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠤᠨ᠂ ᠭᠠᠳᠠᠭᠠᠳᠤ ᠠᠴᠠ ᠤᠷᠤᠭᠤᠯᠵᠤ ᠭᠠᠳᠠᠭᠠᠲᠦ ᠳᠤ ᠭᠠᠷᠭᠠᠬᠤ ᠬᠡᠮᠵᠢᠶ᠎ᠠ ᠶᠢ ᠨᠡᠮᠡᠭᠳᠡᠬᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠪᠦᠬᠦ ᠠᠶᠢᠮᠠᠭ ᠤᠨ ᠠᠵᠦ ᠠᠬᠤᠢ ᠨᠡᠶᠢᠬᠡᠮ ᠤᠨ ᠴᠢᠨᠡᠷ ᠰᠠᠶᠢᠳᠡᠢ ᠬᠦᠭᠵᠢᠯᠳᠠ ᠳᠤ ᠦᠷᠬᠦᠯᠵᠢᠯᠡᠨ ᠬᠦᠴᠦᠨ ᠨᠡᠮᠡᠷᠢᠯᠡᠬᠦ ᠪᠠᠷ ᠪᠤᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号