ᠬᠤᠸᠠᠩ ᠶᠠ ᠯᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠠᠯᠠᠱᠠ ᠶᠢᠨ ᠪᠠᠶᠢᠴᠠᠭᠠᠬᠤ ᠠᠩᠭᠢ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/7
     4 ᠰᠠᠷ᠎ᠠ ᠶᠢᠨ 2 ᠤᠨ ᠡᠳᠦᠷ ᠠᠴᠠ 4 ᠰᠠᠷ᠎ᠠ ᠶᠢᠨ 3 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠠᠯᠠᠱᠠ ᠶᠢᠨ ᠪᠠᠶᠢᠴᠠᠭᠠᠯᠲᠠ ᠶᠢᠨ ᠠᠩᠭᠢ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠵᠢᠴᠢ ᠵᠠᠩᠭᠢᠯᠠᠭ᠎ᠠ ᠶᠢᠨ ᠺᠠᠳ᠋ᠷᠴᠤᠳ ᠲᠠᠢ ᠶᠠᠷᠢᠯᠴᠠᠨ ᠰᠣᠯᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠲᠥᠯᠥᠪᠵᠢᠭᠦᠯᠦᠨ ᠠᠬᠢᠭᠤᠯᠤᠭᠰᠠᠨ ᠪᠠᠶᠢᠳᠠᠯ ᠢ ᠰᠣᠨᠣᠰᠴᠤ᠂ ᠭᠤᠤᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠤᠨ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠴᠢᠳᠠᠮᠠᠭᠠᠶ ᠪᠠᠷ ᠬᠢᠵᠦ ᠴᠢᠳᠠᠮᠠᠭᠠᠶ ᠪᠠᠷ ᠪᠦᠲᠦᠭᠡᠵᠦ ᠂ ᠡᠯ᠎ᠡ ᠵᠦᠢᠯ ᠤᠨ ᠡᠭᠦᠷᠭᠡ ᠶᠢ ᠪᠡᠶᠡᠯᠡᠬᠦᠯᠬᠦ ᠬᠤᠷᠳᠤᠴᠠ ᠪᠠᠨ ᠳᠦᠷᠭᠡᠳᠭᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠪᠥᠬᠦ ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠤᠨ ᠠᠯᠠᠱᠠ ᠶᠢᠨ ᠪᠠᠶᠢᠴᠠᠭᠠᠯᠲᠠ ᠶᠢᠨ ᠠᠩᠭᠢ ᠳᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ  ᠵᠠᠰᠠᠬᠤ ᠶᠢ ᠪᠠᠷᠢᠮᠲᠠᠯᠠᠵᠤ᠂ ᠪᠥᠬᠦ ᠠᠶᠢᠮᠠᠭ ᠤᠨ ᠠᠵᠤ ᠠᠬᠤᠶ ᠶᠢᠨ ᠬᠥᠭᠵᠢᠯᠲᠡ᠂ ᠪᠠᠯᠠ ᠣᠷᠣᠭᠤᠯᠤᠯᠲᠠ ᠬᠡᠷᠡᠭᠯᠡᠭᠡ᠂ ᠰᠠᠭᠤᠭᠠᠯᠢ ᠠᠷᠠᠳ ᠤᠨ ᠣᠷᠣᠯᠭ᠎ᠠ ᠵᠠᠷᠤᠯᠭ᠎ᠠ ᠵᠡᠷᠭᠡ  ᠬᠦᠷᠢᠶᠡᠨ ᠳᠤ᠂ ᠲᠤᠭ᠎ᠠ ᠪᠦᠷᠢᠳᠬᠡᠯ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠵᠣᠬᠢᠴᠠᠭᠤᠯᠤᠨ ᠵᠣᠯᠭᠠᠭᠤᠯᠬᠤ ᠶᠢ ᠰᠠᠶᠢᠲᠤᠷ ᠬᠢᠵᠦ᠂ ᠲᠠᠰ ᠳᠡᠪᠰᠢᠭᠦᠯᠦᠨ ᠪᠦᠷᠢᠳᠬᠡᠯ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠪᠦᠷᠢᠳᠬᠡᠪᠡᠰᠦ ᠵᠣᠬᠢᠬᠤ ᠶᠢ ᠨᠢ ᠪᠦᠬᠦᠨ ᠢ ᠪᠦᠷᠢᠳᠭᠡᠬᠦ ᠬᠡᠷᠡᠭᠲᠡᠶ᠃ ᠲᠤᠭ᠎ᠠ ᠪᠦᠷᠢᠳᠬᠡᠯ ᠪᠠ ᠪᠠᠶᠢᠴᠠᠭᠠᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠢᠯ ᠤᠨ ᠡᠮᠦᠨ᠎ᠡ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠵᠢᠯ ᠤᠨ ᠳᠤᠮᠳᠠ ᠨᠠᠷᠢᠯᠢᠭ ᠣᠨᠣᠪᠴᠢᠳᠠᠢ ᠪᠠᠷ ᠲᠤᠰᠬᠠᠵᠤ᠂ ᠠᠵᠢᠯ ᠤᠨ ᠳᠠᠷᠠᠭ᠎ᠠ ᠵᠠᠳᠠᠯᠤᠨ ᠰᠢᠨᠵᠢᠯᠡᠵᠦ᠂ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠤ ᠲᠤᠭ᠎ᠠ ᠪᠦᠷᠢᠳᠬᠡᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃
1.jpg
     ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ  ᠳᠡᠭᠦᠨ ᠲᠠᠢ ᠠᠭᠤᠰᠤᠯᠴᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠬᠤ᠂ ᠶᠠᠪᠤᠴᠠ ᠶᠢ ᠰᠢᠯᠢᠳᠡᠭᠵᠢᠭᠦᠯᠬᠦ᠂ ᠨᠠᠷᠢᠯᠢᠭ ᠣᠨᠣᠪᠴᠢᠳᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ᠂ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠠᠪᠴᠠᠩ ᠪᠠᠶᠢᠭᠤᠯᠬᠤ᠂ ᠡᠵᠡᠩᠨᠡᠯᠲᠡ ᠶᠢᠨ ᠬᠡᠯᠪᠡᠷᠢ ᠶᠢ ᠥᠷᠭᠡᠳᠬᠡᠬᠦ᠂ ᠪᠦᠷᠢᠳᠬᠡᠯ ᠳᠤ ᠣᠷᠣᠭᠤᠯᠬᠤ ᠶᠢ ᠠᠳᠬᠤᠬᠤ ᠳᠣᠭᠤᠷᠢᠨ ᠳᠤ ᠭᠡᠷᠡᠭᠯᠡᠭᠡ ᠶᠢ ᠠᠬᠢᠭᠤᠯᠬᠤ ᠶᠢ ᠳᠦᠷᠭᠡᠳᠬᠡᠨ ᠲᠠᠰ ᠳᠡᠪᠰᠢᠬᠦᠯᠵᠦ᠂ ᠪᠣᠭᠤᠮᠲᠠ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠳᠣᠲᠣᠷ ᠭᠠᠵᠠᠷ ᠲᠠᠢ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠲᠣᠭᠤᠷᠢᠨ ᠳᠤ ᠨᠡᠭᠡᠭᠡᠯᠲᠡ ᠬᠢᠵᠦ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠤᠳᠠᠯᠳᠤᠭᠠᠨ ᠤ ᠶᠠᠪᠤᠳᠠᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
2.jpg
     ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠂ ᠭᠠᠵᠠᠷ ᠣᠷᠣᠨ ᠤ ᠲᠠᠯᠠᠪᠠᠢ ᠶᠡᠭᠡ᠂ ᠨᠡᠭᠡᠭᠡᠨ ᠠᠰᠢᠭᠯᠠᠬᠤ ᠣᠷᠣᠨ ᠵᠠᠢ ᠥᠷᠭᠡᠨ ᠵᠡᠷᠭᠡ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠪᠤᠳᠤᠬᠤ ᠤᠬᠠᠮᠰᠠᠷ ᠢᠶᠠᠷ ᠭᠠᠵᠠᠷ ᠰᠢᠷᠣᠢ ᠶᠢᠨ ᠡᠵᠡᠩᠨᠡᠯᠲᠡ ᠶᠢᠨ ᠠᠵᠢᠯ ᠢ ᠰᠠᠶᠢᠲᠤᠷ ᠬᠢᠵᠦ᠂ ᠨᠡᠩ ᠤᠯᠠᠨ ᠦᠷ᠎ᠡ ᠪᠦᠲᠦᠭᠡᠯ ᠭᠠᠷᠭᠠᠵᠤ᠂ ᠨᠡᠩ ᠤᠯᠠᠨ ᠣᠯᠠᠷᠢᠭᠤᠯᠣᠯᠳᠠ ᠪᠠᠷ ᠭᠤᠣᠯᠳᠠᠯᠭ᠎ᠠ ᠪᠣᠯᠭᠠᠨ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠪᠠᠶᠢᠯᠳᠤᠬᠤ ᠪᠤᠳᠤᠯᠭ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠤᠯᠤᠰ ᠤᠨ ᠨᠣᠳᠤᠭ ᠳᠡᠪᠢᠰᠭᠡᠷ ᠤᠨ ᠣᠷᠣᠨ ᠵᠠᠢ ᠶᠢ ᠳᠦᠯᠦᠪᠵᠢᠬᠦᠯᠬᠦ ᠬᠠᠮᠢᠶᠠᠷᠬᠤ ᠡᠵᠡᠮᠳᠡᠬᠦ ᠶᠢ ᠴᠢᠩᠭᠠᠳᠬᠠᠵᠤ᠂ ᠬᠦᠴᠦᠨ ᠵᠦᠢᠯ ᠤᠨ  ᠦᠢᠯᠡᠴᠢᠯᠡᠭᠡ ᠪᠠᠲᠤᠯᠠᠭ᠎ᠠ ᠶᠢ ᠳᠡᠭᠡᠭᠰᠢᠯᠡᠭᠦᠯᠵᠦ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠰᠢᠨ᠎ᠡ ᠪᠠᠶᠢᠳᠠᠯ ᠢ ᠦᠷᠭᠦᠯᠵᠢᠯᠡᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
3.jpg
      ᠬᠤᠸᠠᠩ ᠶᠠ ᠯᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠲᠤᠬᠠᠢ ᠱᠠᠭᠠᠷᠳᠠᠯᠭ᠎ᠠ ᠳᠤᠷᠠᠳᠴᠤ᠂ ᠡᠯ᠎ᠡ ᠨᠢᠭᠡᠴᠡ ᠶᠢᠨ ᠬᠢᠨ ᠰᠣᠷᠣᠯᠴᠠᠬᠤ ᠪᠠᠶᠢᠴᠠᠭᠠᠬᠤ ᠵᠠᠰᠠᠬᠤ ᠡᠯ᠎ᠡ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠪᠠᠭ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠡᠩᠨᠡᠭᠡ ᠶᠢ ᠰᠠᠶᠢᠲᠤᠷ ᠳᠠᠭᠠᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ  ᠢᠶᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠪᠦᠦ ᠶᠧ᠂ ᠯᠢᠦ ᠴᠥᠩ ᠰᠢᠶᠤᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号