ᠦᠪᠡᠷᠲᠡᠭᠡᠨ ᠵᠠᠰᠬᠠᠤ ᠤᠷᠤᠨ ᠤ ᠬᠠᠤᠯᠢ ᠴᠠᠭᠠᠵᠠ ᠶᠢᠨ ᠲᠢᠩᠬᠢᠮ ︽ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠨᠠᠬᠰᠢᠲᠠ ᠴᠢᠩᠭᠠᠳᠬᠠᠬᠤ ᠲᠤᠬᠠᠢ ᠰᠠᠨᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2025/4/7
    ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ᠪᠥᠬᠦ ᠣᠷᠣᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠨᠠᠬᠰᠢᠲᠠ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠰᠠᠨᠠᠯ︾ ᠨᠢ ᠤᠯᠤᠰ ᠲᠥᠷᠥ ᠪᠠᠷ ᠬᠥᠲᠥᠯᠥᠨ ᠳᠠᠭᠠᠭᠤᠯᠬᠤ᠂ ᠠᠳᠠᠯᠢ ᠲᠡᠭᠰᠢ ᠪᠠᠷ ᠨᠡᠶᠢᠳᠡᠮ ᠠᠰᠢᠭ ᠬᠦᠷᠲᠡᠭᠡᠬᠦ᠂ ᠴᠢᠳᠠᠪᠤᠷᠢ ᠶᠢᠨ ᠪᠠᠶᠢᠭᠤᠯᠤᠯᠲᠠ᠂ ᠵᠥᠷᠢᠴᠡᠯ ᠢ ᠨᠠᠮᠳᠠᠭᠤᠯᠬᠤ᠂ ᠨᠠᠷᠢᠯᠢᠭ ᠣᠨᠣᠴᠠᠲᠠᠢ ᠪᠠᠷ ᠬᠠᠤᠯᠢ ᠲᠦᠭᠡᠮᠡᠯᠵᠢᠭᠦᠯᠬᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠵᠡᠷᠭᠡ ᠭᠤᠣᠯ ᠡᠭᠦᠷᠭᠡ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ ᠳᠤ ᠦᠢᠯᠡᠴᠢᠯᠡᠵᠦ᠂ ᠬᠤᠲᠠ ᠬᠥᠳᠡᠭᠡ ᠶᠢ ᠬᠠᠮᠤᠷᠤᠭᠰᠠᠨ ᠣᠲᠣ ᠦᠶ᠎ᠡ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠢ ᠴᠢᠨᠠᠬᠰᠢᠲᠠ ᠪᠦᠷᠢᠨᠰᠢᠭᠦᠯᠦᠨ᠎ᠡ᠃    ᠤᠯᠠᠨ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ ︽ᠰᠠᠨᠠᠯ︾ ᠳᠤ ᠡᠯ᠎ᠡ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ︵ᠠᠵᠢᠯᠯᠠᠬᠤ ᠥᠷᠲᠡᠭᠡ︶ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠪᠦᠲᠦᠮᠵᠢᠲᠡᠶ ᠪᠠᠳᠠᠷᠠᠭᠤᠯᠵᠤ᠂ ︽12348︾ ᠬᠠᠯᠠᠮᠰᠢᠯ ᠤᠲᠠᠰᠤ ᠪᠠ ︽12345︾ ᠵᠡᠷᠭᠡ ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤ ᠶᠢ ᠰᠢᠯᠵᠢᠭᠦᠯᠦᠨ ᠵᠠᠯᠭᠠᠵᠤ ᠬᠤᠯᠪᠤᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠦᠨ᠂ ᠥᠪᠥᠷ ᠮᠣᠩᠭᠤᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠦᠯᠵᠢᠶ᠎ᠡ ᠶᠢᠨ ᠪᠠᠶᠢᠴᠠᠭᠠᠨ ᠯᠠᠪᠯᠠᠬᠤ᠂ ᠠᠵᠢᠯ ᠶᠠᠪᠤᠳᠠᠯ ᠭᠦᠢᠴᠡᠳᠬᠡᠬᠦ ᠴᠢᠳᠠᠮᠵᠢ ᠶᠢ ᠴᠢᠩᠭᠠᠳᠬᠠᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠭᠤᠷᠪᠠᠨ ᠶᠡᠭᠡ ᠲᠠᠪᠴᠠᠩ ᠤᠨ ᠬᠤᠭᠤᠷᠣᠨᠳᠣᠬᠢ ᠪᠦᠲᠦᠮᠵᠢᠲᠡᠶ ᠡᠷᠭᠢᠯᠲᠡ ᠶᠢ ᠠᠬᠢᠭᠤᠯᠵᠤ᠂ ︽30 ᠮᠢᠨᠦ᠋ᠲ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠤᠭᠤᠷᠢᠭ︾ ᠢ ᠪᠦᠬᠦ ᠬᠦᠴᠦ ᠪᠠᠷ ᠢᠶᠠᠨ ᠴᠤᠬᠴᠠᠯᠠᠨ᠎ᠠ᠃ ᠬᠤᠳᠠ ᠳᠤ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ᠂ ᠵᠡᠮᠳᠡᠭᠴᠦᠳ᠂ ᠨᠠᠰᠤᠲᠠᠶᠢᠴᠤᠳ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠵᠢᠴᠢ ᠴᠡᠷᠢᠭ ᠬᠥᠮᠥᠨ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠬᠠᠯᠠᠬᠳᠠᠭᠰᠠᠳ ᠵᠡᠷᠭᠡ ᠭᠤᠣᠯᠳᠠᠯᠭ᠎ᠠ ᠲᠠᠢ ᠪᠦᠯᠬᠦᠮ ᠨᠡᠶᠢᠲᠡ ᠳᠤ ᠴᠢᠭᠯᠡᠭᠦᠯᠦᠨ ᠨᠠᠷᠢᠯᠢᠭ ᠣᠨᠣᠴᠠᠲᠠᠢ ᠬᠠᠤᠯᠢ ᠴᠠᠭᠠᠵᠠ ᠶᠢᠨ ᠦᠢᠯᠡᠴᠢᠯᠡᠭᠡ ᠶᠢ ᠲᠦᠷᠦᠯ ᠬᠤᠪᠢᠶᠠᠨ ᠬᠠᠩᠭᠠᠵᠤ᠂ ᠬᠠᠤᠯᠢᠴᠢ ᠶᠢᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠳᠤ ᠣᠷᠣᠯᠴᠠᠬᠤ ᠶᠢ ᠳᠠᠩᠰᠠᠯᠠᠬᠤ ᠳᠦᠷᠢᠮ ᠢ ᠪᠠᠶᠢᠭᠤᠯᠵᠤ᠂ ︽ᠰᠠᠨᠠᠭ᠎ᠠ ᠠᠮᠤᠷ ᠠᠵᠢᠯᠯᠠᠬᠤ︾᠂ ︽ᠨᠢᠭᠡ ᠯᠡ ᠤᠳᠠᠭ᠎ᠠ ᠳᠤ ᠰᠠᠶᠢᠲᠤᠷ ᠭᠦᠢᠴᠡᠳᠬᠡᠬᠦ︾᠂ ︽ᠠᠶᠢᠮᠠᠭ ︵ᠬᠤᠳᠠ︶ ᠤᠨ ᠣᠷᠣᠨ ᠪᠦᠰᠡ ᠳᠤ ᠨᠡᠶᠢᠳᠡᠮ ᠭᠦᠢᠴᠡᠳᠬᠡᠬᠦ︾᠂ ︽ᠲᠤᠰᠠᠯᠠᠬᠤ ᠪᠠ ᠡᠶᠡᠳᠡᠭᠦᠯᠬᠦ ᠶᠢ ᠵᠣᠯᠭᠠᠭᠤᠯᠬᠤ︾ ᠵᠡᠷᠭᠡ ᠬᠠᠤᠯᠢ ᠴᠠᠭᠠᠵᠠ ᠶᠢᠨ ᠲᠤᠰᠠᠯᠠᠮᠵᠢ ᠶᠢᠨ ᠦᠢᠯᠡᠴᠢᠯᠡᠭᠡ ᠶᠢ ᠥᠷᠨᠢᠭᠦᠯᠦᠨ᠎ᠡ ᠬᠡᠵᠦ ᠲᠤᠷᠠᠳᠤᠨ ᠭᠠᠷᠭᠠᠪᠠ᠃    ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠳᠤ ᠠᠩᠬᠠᠷᠤᠯ ᠢᠶᠠᠨ ᠲᠥᠪᠯᠡᠷᠡᠭᠦᠯᠦᠨ ︽ᠰᠠᠨᠠᠯ︾ ᠳᠤ ︽ᠲᠦᠮᠡᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠦᠮᠡᠨ ᠨᠡᠶᠢᠭᠡᠮᠯᠢᠭ ᠲᠠᠢ ᠬᠤᠯᠪᠤᠭᠠᠯᠠᠬᠤ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠬᠤᠯᠪᠤᠭᠠᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠦᠢᠯᠡᠴᠢᠯᠡᠭᠡ ᠶᠢ ᠵᠣᠯᠭᠠᠭᠤᠯᠬᠤ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ︽ᠠᠯᠪᠠᠨ ᠭᠡᠷᠡᠴᠢᠯᠡᠭᠡ ᠶᠢᠨ ᠵᠢᠷᠤᠮᠵᠢᠯ ᠲᠠᠢ ᠴᠢᠨᠠᠷ ᠰᠠᠶᠢᠲᠠᠢ︾ ᠠᠵᠢᠯᠯᠠᠭ᠎ᠠ ᠶᠢ ᠠᠬᠢᠭᠤᠯᠬᠤ ᠵᠡᠷᠭᠡ ᠤᠯᠠᠨ ᠵᠦᠢᠯ ᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠴᠤ᠂ ᠠᠵᠤ ᠠᠬᠤᠶᠢᠯᠠᠯ ᠳᠤ ᠤᠨᠢᠨ ᠳᠡᠭᠡᠷ᠎ᠡ ᠨᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠨ᠎ᠠ᠃ ᠠᠯᠪᠠᠨ ᠭᠡᠷᠡᠴᠢᠯᠡᠭᠡ ᠶᠢᠨ ︽ᠦᠨᠡᠮᠯᠡᠯ ᠢ ᠪᠠᠭᠠᠰᠬᠠᠨ ᠠᠷᠠᠳ ᠲᠤ ᠲᠥᠬᠦᠮ ᠦᠵᠡᠭᠦᠯᠤᠨ ᠬᠤᠷᠳᠤᠴᠠ ᠶᠢ ᠳᠡᠭᠡᠭᠰᠢᠯᠡᠭᠦᠯᠬᠦ︾ ᠶᠢ ᠭᠦᠨᠵᠡᠭᠡᠢ ᠠᠬᠢᠭᠤᠯᠵᠤ᠂ ᠠᠶᠢᠮᠠᠭ ᠬᠤᠲᠠ ᠶᠢᠨ ᠭᠤᠣᠯ ᠬᠤᠲᠠ ᠲᠣᠭᠤᠷᠢᠭ ᠤᠨ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠨᠢ ᠪᠦᠬᠦᠨ ᠢᠶᠠᠷ ᠢᠶᠠᠨ ᠣᠷᠭᠢᠯ ᠦᠶ᠎ᠡ ᠶᠢ ᠵᠥᠷᠢᠭᠦᠯᠦᠨ ᠨᠡᠮᠡᠬᠦᠷᠢ ᠦᠢᠯᠡᠴᠢᠯᠡᠭᠡ᠂ ᠤᠷᠢᠳᠴᠢᠯᠠᠨ ᠪᠣᠯᠵᠣᠬᠤ ᠦᠢᠯᠡᠴᠢᠯᠡᠭᠡ ᠪᠠ ᠪᠠᠴᠢᠮ ᠲᠦᠷᠭᠡᠨ ᠲᠤᠬᠠᠢ ᠶᠢᠨ ᠴᠠᠭ ᠤᠨ ᠦᠢᠯᠡᠴᠢᠯᠡᠭᠡ ᠶᠢ ᠥᠷᠨᠢᠭᠦᠯᠵᠦ᠂ ︽ᠮᠥᠩᠭᠦᠨ ᠭᠦᠢᠯᠭᠡᠭᠡᠨ ᠤ ᠵᠠᠭᠤᠷᠠᠯᠳᠤᠭᠠᠨ ᠢ ᠨᠠᠮᠳᠠᠭᠤᠯᠬᠤ + ᠠᠯᠪᠠᠨ ᠭᠡᠷᠡᠴᠢᠯᠡᠭᠡ ᠬᠢᠬᠦ︾ ᠵᠠᠭᠪᠤᠷ ᠢ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ︾ ᠢ ᠳᠣᠣᠱᠯᠠᠭᠤᠯᠣᠨ ᠨᠠᠶᠢᠲᠠᠪᠤᠷᠢᠵᠢᠭᠤᠯᠤᠨ᠎ᠠ᠃ ᠵᠥᠷᠢᠴᠡᠯ ᠵᠠᠭᠤᠷᠠᠯᠳᠤᠭᠠᠨ ᠢ ᠰᠶᠢᠳᠪᠦᠷᠢᠯᠡᠬᠦ ᠤᠯᠠᠨ ᠡᠰᠢᠴᠢᠯᠡᠭᠰᠡᠨ ᠲᠣᠭᠲᠠᠴᠠ ᠶᠢᠨ ᠪᠠᠶᠢᠭᠤᠯᠤᠯᠲᠠ ᠶᠢ ᠠᠬᠢᠭᠤᠯᠵᠤ᠂ ︽ᠭᠤᠷᠪᠠ ᠶᠢ ᠲᠣᠬᠢᠷᠠᠭᠤᠯᠤᠨ ᠬᠤᠯᠪᠣᠯᠳᠤᠭᠤᠯᠬᠤ︾ ᠠᠵᠢᠯ ᠤᠨ ᠪᠠᠶᠢᠷᠢᠰᠢᠯ ᠢ ᠪᠠᠶᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ᠂ ᠬᠥᠨᠳᠡᠯᠡᠨ ᠠᠴᠠ ᠲᠠᠰᠤᠯᠬᠤ ᠠᠵᠢᠯ ᠲᠥᠷᠥᠯ ᠤᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠺᠣᠮᠫᠠᠨᠢ ᠶᠢᠨ ᠬᠠᠤᠯᠢᠴᠢ ᠶᠢᠨ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠠᠯᠪᠠᠨ ᠭᠡᠷᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ︽ᠠᠯᠪᠠᠨ ᠭᠡᠷᠡᠴᠢᠯᠡᠭᠡ + ᠺᠤᠨᠰᠦᠯ ᠤᠨ ᠭᠡᠷᠡᠴᠢᠯᠡᠯ ︵ᠨᠡᠮᠡᠯᠲᠡ ᠭᠡᠷᠡᠴᠢ ᠪᠢᠴᠢᠭ︶︾᠂ ︽ᠠᠯᠪᠠᠨ ᠭᠡᠷᠡᠴᠢᠯᠡᠭᠡ + ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ︾ ᠶᠢᠨ ᠨᠢᠭᠡ ᠬᠡᠷᠡᠭ ᠢ ᠨᠢᠭᠡ ᠯᠡ ᠦᠷᠳᠡᠭᠡ ᠳᠤ ᠭᠦᠢᠴᠡᠳᠬᠡᠬᠦ ᠦᠢᠯᠡᠴᠢᠯᠡᠭᠡ ᠶᠢ ᠥᠷᠨᠢᠭᠦᠯᠵᠦ᠂ ᠥᠨᠳᠥᠷ ᠬᠢᠷᠢ ᠬᠡᠮ ᠲᠠᠢ ᠥᠨᠳᠥᠷ ᠲᠦᠪᠰᠢᠨ ᠲᠠᠢ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠬᠥᠨᠳᠡᠯᠡᠨ ᠠᠴᠠ ᠲᠠᠰᠤᠯᠬᠤ ᠵᠦᠪᠯᠡᠯ ᠤᠨ ᠳᠣᠲᠣᠭᠠᠳᠤ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠬᠡᠵᠦ ᠲᠤᠷᠠᠳᠤᠨ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号