4 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠳᠣᠣᠱᠯᠠᠭᠤᠯᠣᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃ | ᠬᠤᠷᠠᠯ ᠠᠴᠠ 3 ᠰᠠᠷ᠎ᠠ ᠶᠢᠨ 31 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ︽ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠦᠷᠢᠮ ᠲᠣᠭᠲᠠᠴᠠ ᠶᠢ ᠤᠯᠠᠮ ᠲᠡᠭᠦᠯᠳᠡᠷᠵᠢᠭᠦᠯᠵᠦ᠂ ᠠᠮᠢ ᠠᠬᠤᠢ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠶᠢᠨ ᠬᠤᠷᠴᠠ ᠰᠡᠯᠡᠮ᠎ᠡ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠡᠯ᠎ᠡ ᠱᠠᠲᠤᠨ ᠤ ᠬᠢᠨ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠵᠦᠢᠯ ᠢ ᠭᠤᠣᠯᠳᠠᠯᠭ᠎ᠠ ᠲᠠᠢ ᠠᠳᠬᠤᠬᠤ ᠶᠢ | ᠪᠠᠷᠢᠮᠲᠠᠯᠠᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠨᠤᠲᠤᠭ ᠪᠡᠯᠴᠢᠭᠡᠷ ᠤᠨ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠵᠢᠴᠢ ︽ᠬᠥᠯᠥᠨ ᠨᠠᠭᠤᠷ ᠤᠯᠠᠭᠠᠨᠰᠤᠬᠠᠢ ᠳᠠᠭ᠎ᠠ ᠶᠢᠨ ᠨᠠᠭᠤᠷ︾ ᠤᠨ ᠶᠡᠷᠦᠩᠬᠡᠶᠢᠯᠡᠭᠰᠡᠨ | ᠵᠠᠰᠠᠯᠲᠠ ᠵᠡᠷᠭᠡ ᠶᠢ ᠴᠢᠩᠭ᠎ᠠ ᠠᠩᠬᠠᠷᠴᠤ᠂ ᠲᠤᠪᠤᠶᠢᠮ᠎ᠠ ᠠᠰᠠᠭᠤᠳᠠᠯ ᠢ ᠴᠢᠩᠭ᠎ᠠ ᠪᠣᠳᠠᠲᠠᠢ ᠲᠦᠷᠭᠡᠨ ᠴᠡᠭᠴᠡᠯᠡᠨ | ᠰᠠᠶᠢᠵᠢᠷᠠᠭᠤᠯᠵᠤ ᠴᠡᠭᠴᠡᠯᠡᠨ ᠵᠠᠰᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠲᠤᠪᠤᠶᠢᠯᠭᠠᠨ᠂ ᠴᠢᠩᠭ᠎ᠠ ᠪᠠᠶᠢᠬᠤ ᠱᠠᠭᠠᠷᠳᠠᠯᠭ᠎ᠠ ᠶᠢ ᠳᠣᠣᠱᠯᠠᠭᠤᠯᠵᠦ᠂ ᠨᠠᠮ ᠤᠨ | ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢ | ᠠᠬᠢᠭᠤᠯᠬᠤ ᠪᠠᠷ ᠭᠤᠣᠯᠳᠠᠯᠭ᠎ᠠ ᠪᠣᠯᠭᠠᠨ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ | ᠴᠡᠭᠴᠡᠯᠡᠨ ᠰᠠᠶᠢᠵᠢᠷᠠᠭᠤᠯᠬᠤ ᠶᠢᠨ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠠᠴᠠ ᠪᠠᠷ ᠭᠠᠷᠳᠠᠴᠠ ᠪᠣᠯᠭᠠᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠶᠢᠷᠡᠭᠦᠯᠦᠨ᠂ | ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ | ᠦᠵᠡᠯᠲᠡ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠵᠢᠭᠦᠯᠬᠦ ᠠᠷᠭ᠎ᠠ ᠶᠢ ᠰᠠᠶᠢᠲᠤᠷ ᠬᠡᠷᠡᠭᠯᠡᠵᠦ᠂ ᠲᠣᠭᠤᠷᠢᠨ | ᠪᠠᠶᠢᠴᠠᠭᠠᠵᠤ ᠬᠢᠨᠠᠯᠲᠠ ᠲᠠᠯᠪᠢᠬᠤ ᠶᠢ ᠪᠤᠰᠤᠳ ᠬᠢᠨᠠᠯᠲᠠ ᠲᠠᠯᠪᠢᠬᠤ ᠲᠠᠢ ᠨᠠᠩ ᠰᠠᠶᠢᠲᠤᠷ ᠤᠶᠠᠯᠳᠤᠭᠤᠯᠵᠤ᠂ | ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠬᠤ ᠬᠡᠷᠡᠭᠲᠡᠶ ᠭᠡᠵᠦ | ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠣᠶᠢᠯᠠᠭᠠᠵᠤ᠂ ᠨᠡᠭᠡᠭᠡᠯᠲᠡ ᠬᠢᠬᠦ ᠤᠬᠠᠮᠰᠠᠷ ᠢᠶᠠᠨ ᠴᠢᠩᠭᠠᠳᠬᠠᠵᠤ᠂ ᠨᠡᠭᠡᠭᠡᠯᠲᠡ ᠬᠢᠬᠦ | ᠠᠯᠬᠤᠮ ᠢᠶᠠᠨ ᠲᠦᠷᠭᠡᠳᠭᠡᠵᠦ᠂ ᠠᠷᠭ᠎ᠠ ᠪᠦᠬᠦᠨ ᠢ ᠰᠦᠪᠡᠭᠴᠢᠯᠡᠨ ᠭᠠᠳᠠᠭᠠᠳᠤ ᠶᠢᠨ ᠠᠵᠤ ᠠᠬᠤᠶᠢᠯᠠᠯ ᠤᠨ ᠪᠠᠯᠠ | ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠭᠡᠵᠦ᠂ ᠤᠯᠤᠰ ᠤᠨ ᠠᠵᠤ ᠠᠬᠤᠶ ᠶᠢᠨ ᠬᠥᠭᠵᠢᠯᠲᠡ ᠪᠣᠯᠤᠨ | ᠭᠠᠳᠠᠭᠠᠳᠤ ᠬᠠᠷᠢᠯᠴᠠᠭᠠᠨ ᠤ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠶᠡᠭᠡ ᠬᠦᠴᠦ ᠣᠷᠣᠭᠤᠯᠵᠤ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠤᠨ ᠤᠮᠠᠷᠠᠰᠢ ᠨᠡᠭᠡᠭᠡᠯᠳᠠ ᠬᠢᠬᠦ | ᠴᠢᠬᠤᠯᠠ ᠪᠠᠬᠢᠯᠡᠯᠲᠡ ᠶᠢᠨ ᠪᠦᠳᠦᠭᠡᠨ ᠪᠠᠶᠢᠭᠤᠯᠤᠯᠲᠠ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ | ᠠᠬᠢᠭᠤᠯᠬᠤ ᠬᠡᠷᠡᠭᠲᠡᠢ᠃ ᠤᠷᠤᠰ᠂ ᠮᠣᠩᠭᠤᠯ ᠲᠡᠶᠢᠰᠢ ᠨᠡᠬᠡᠬᠡᠯᠳᠡ ᠬᠢᠬᠦ ᠪᠠᠨ ᠥᠷᠭᠡᠳᠭᠡᠬᠦ ᠶᠢᠨ ᠬᠠᠮᠲᠤ ︽ᠨᠢᠭᠡ | ᠪᠦᠰᠡ ᠨᠢᠭᠡ ᠵᠠᠮ︾ ᠲᠠᠭᠠᠤ ᠶᠢᠨ ᠤᠯᠤᠰ ᠤᠳ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠢᠳᠡᠪᠬᠢᠲᠡᠢ | ᠥᠷᠭᠡᠳᠭᠡᠵᠦ᠂ ᠨᠡᠩ ᠤᠯᠠᠨ ᠪᠤᠳᠠᠳᠤ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ | ᠡᠷᠡᠯᠬᠡᠭᠯᠡᠨ ᠤᠷᠤᠭᠰᠢᠯᠠᠬᠤ ᠬᠡᠷᠡᠭᠳᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠤᠯ ᠭᠠᠷᠳᠡᠴᠡ ᠪᠣᠯᠭᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ | ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠯᠡᠬᠦ ᠴᠡᠭ ᠢ ᠴᠢᠨᠠᠷ ᠰᠠᠶᠢᠲᠠᠢ | ᠬᠥᠭᠵᠢᠯᠲᠡ ᠶᠢ ᠬᠦᠯᠢᠶᠡᠰᠦᠯᠡᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠲᠠᠯᠪᠢᠬᠤ ᠶᠢ | ᠪᠠᠷᠢᠮᠲᠠᠯᠠᠵᠤ᠂ ᠰᠠᠶᠢᠨ ᠰᠠᠶᠢᠬᠠᠨ ᠬᠠᠨᠳᠤᠰᠢ ᠶᠢ ᠪᠠᠲᠤᠯᠠᠵᠤ᠂ ᠪᠦᠬᠦ ᠬᠦᠴᠦᠨ ᠢᠶᠠᠷ ᠢᠶᠠᠨ ᠬᠦᠴᠢᠷ ᠢ ᠲᠤᠭᠤᠯᠤᠨ | ᠪᠡᠷᠬᠡ ᠶᠢ ᠳᠠᠪᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ | ᠣᠨᠳᠣᠣᠰᠢᠭᠤᠯᠬᠤ ᠳᠤ ᠨᠡᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ᠂ ᠪᠡᠯᠡ | ᠮᠥᠩᠭᠦ᠂ ᠲᠠᠪᠴᠠᠩ᠂ ᠲᠦᠷᠦᠯ ᠵᠦᠢᠯ᠂ ᠦᠷ᠎ᠡ ᠪᠦᠳᠦᠬᠡᠯ ᠢ ᠣᠨᠳᠣᠣᠰᠢᠭᠤᠯᠬᠤ ᠵᠡᠷᠭᠡ ᠲᠠᠯ᠎ᠠ ᠠᠴᠠ ᠭᠠᠷᠳᠠᠵᠤ | ᠪᠦᠬᠦ ᠬᠡᠯᠬᠢᠶᠡᠨ ᠳᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠲᠣᠭᠲᠡᠴᠡ ᠶᠢ ᠰᠢᠯᠤᠭᠤᠳᠬᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠴᠢᠳᠠᠪᠤᠷᠢᠲᠠᠨ ᠢ | ᠴᠤᠭᠯᠠᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠡᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠪᠠ ᠲᠠᠪᠴᠠᠩ ᠢ ᠬᠡᠷᠡᠭᠯᠡᠨ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠶᠢ ᠨᠡᠩ ᠴᠢᠬᠤᠯᠠᠴᠢᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠴᠦᠨ ᠢ ᠪᠦᠬᠦ ᠬᠦᠴᠦᠨ ᠢᠶᠠᠷ ᠢᠶᠠᠨ ᠪᠤᠵᠠᠭᠠᠶᠢᠷᠠᠭᠤᠯᠵᠤ᠂ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠠᠭᠤᠷᠢ ᠰᠤᠷᠭᠠᠨ ᠬᠥᠮᠦᠵᠢᠯ᠂ | ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ | ᠬᠥᠭᠵᠢᠭᠦᠯᠬᠦ ᠶᠢ ᠪᠠᠷᠢᠮᠲᠠᠯᠠᠵᠤ᠂ ᠨᠡᠩ ᠤᠯᠠᠨ ᠨᠤᠲᠤᠭ ᠤᠨ ᠰᠢᠯᠢᠳᠡᠭ ᠴᠢᠳᠠᠪᠤᠷᠢᠲᠠᠨ ᠢ ᠴᠢᠷᠮᠠᠶᠢᠨ ᠬᠥᠮᠦᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠠᠨ ᠲᠦᠮᠡᠨ ᠤ | ᠪᠦᠯᠬᠦᠮ ᠤᠨ ᠠᠵᠢᠯ ᠤᠨ ᠣᠯᠤᠭᠰᠠᠨ ᠠᠮᠵᠢᠯᠲᠠ ᠶᠢ ᠨᠤᠲᠠᠯᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠶᠠᠮᠠᠷᠪᠠ ᠠᠵᠢᠯ ᠢ ᠤᠬᠠᠭᠠᠯᠠᠨ | ᠲᠦᠯᠦᠪᠯᠡᠬᠦ ᠳᠤ ᠴᠥᠮ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠶᠢ ᠳᠣᠣᠱᠯᠠᠭᠤᠯᠬᠤ ᠪᠠᠷ ᠤᠷᠢᠲᠠᠯ | ᠪᠣᠯᠭᠠᠵᠤ᠂ ᠨᠠᠮ ᠤᠨ ᠤᠳᠤᠷᠢᠳᠤᠯᠭ᠎ᠠ ᠶᠢ ᠤᠯᠠᠨ ᠲᠦᠮᠡᠨ ᠤ ᠪᠦᠯᠬᠦᠮ ᠤᠨ ᠠᠵᠢᠯ ᠤᠨ ᠡᠯ᠎ᠡ ᠲᠠᠯ᠎ᠠ᠂ ᠪᠦᠬᠦ | ᠶᠠᠪᠤᠴᠠ ᠳᠤ ᠦᠨᠡᠨ ᠬᠦ ᠢᠯᠡᠷᠡᠭᠦᠯᠬᠦ ᠬᠡᠷᠡᠭᠲᠡᠢ᠃ ᠦᠵᠡᠬᠦ ᠳᠤ ᠬᠡᠶᠢᠰᠪᠦᠷᠢ ᠠᠵᠢᠯ ᠢ ᠪᠣᠳᠠᠲᠠᠶᠢᠵᠢᠭᠤᠯᠤᠨ ᠬᠢᠬᠦ ᠶᠢ | ᠪᠠᠷᠢᠮᠲᠠᠯᠠᠵᠤ᠂ ︽ᠨᠢᠭᠡ ᠭᠤᠣᠯ ᠰᠢᠵᠢᠮ︾᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ | ᠵᠢᠷᠭᠤᠭᠠᠨ ᠠᠵᠢᠯᠯᠠᠭ᠎ᠠ︾ ᠲᠠᠢ ᠨᠢᠬᠳᠠ ᠤᠶᠠᠯᠳᠤᠭᠤᠯᠤᠨ᠂ ᠲᠤᠰ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠪᠠᠨ | ᠰᠢᠰᠲ᠋ᠧᠮ ᠲᠠᠢ ᠲᠥᠯᠥᠪᠵᠢᠭᠦᠯᠵᠦ᠂ ᠭᠤᠣᠯ ᠠᠵᠢᠯ ᠪᠠ ᠶᠡᠭᠡ ᠲᠠᠯ᠎ᠠ ᠳᠤ ᠨᠡᠩ ᠰᠠᠶᠢᠲᠤᠷ ᠠᠩᠬᠠᠷᠤᠯ ᠢᠶᠠᠨ | ᠲᠥᠪᠯᠡᠷᠡᠭᠦᠯᠦᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ︽ᠨᠠᠮ ᠤᠨ ᠠᠴᠢ ᠳᠤ ᠲᠠᠯᠠᠷᠬᠠᠬᠤ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ | ᠠᠬᠢᠭᠤᠯᠵᠤ᠂ ᠲᠣᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠣᠯᠠᠨ ᠲᠦᠮᠡᠨ ᠤ ᠪᠦᠯᠬᠦᠮ ᠤᠨ ᠠᠵᠢᠯᠯᠠᠭ᠎ᠠ ᠶᠢ | ᠲᠥᠯᠥᠪᠯᠡᠨ ᠥᠷᠨᠢᠭᠦᠯᠬᠦ ᠬᠡᠷᠡᠭᠲᠡᠶ᠂ ᠶᠠᠭᠠᠬᠢᠪᠠᠯ ᠣᠯᠠᠨ ᠲᠦᠮᠡᠨ ᠢ ᠬᠥᠮᠦᠵᠢᠭᠦᠯᠬᠦ᠂ ᠳᠠᠶᠢᠴᠢᠯᠠᠬᠤ ᠪᠠ | ᠦᠢᠯᠡᠴᠢᠯᠡᠬᠦ ᠳᠤ ᠠᠰᠢᠭᠲᠠᠶ ᠪᠣᠯ ᠲᠡᠭᠡᠵᠤ ᠬᠢᠵᠦ᠂ ᠬᠡᠯᠪᠡᠷᠢᠴᠢ ᠦᠵᠡᠯ ᠪᠠ ︽ᠶᠠᠮᠤᠨ ᠤ ᠰᠤᠷᠲᠠᠯ︾ ᠢ ᠴᠢᠩᠭ᠎ᠠ | ᠰᠡᠷᠭᠡᠶᠢᠯᠡᠬᠦ ᠬᠡᠷᠡᠭᠲᠡᠶ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠪᠠᠷ ᠴᠣᠩᠬᠤᠪᠴᠢ ᠪᠣᠯᠭᠠᠨ ᠤᠯᠠᠨ ᠲᠦᠮᠡᠨ ᠳᠤ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ | ᠰᠤᠷᠲᠠᠯ ᠢ ᠲᠡᠯᠬᠡᠨ ᠦᠵᠡᠬᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠤᠯᠠᠨ ᠲᠦᠮᠡᠨ ᠤ ᠪᠦᠯᠬᠦᠮ ᠤᠨ | ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ︽ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |