ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠪᠠ ᠭᠠᠷ ᠤᠲᠠᠰᠤ᠂ ᠭᠠᠷ ᠺᠣᠮᠫᠢᠣᠲ᠋ᠧᠷ᠂ ᠣᠶᠤᠨᠲᠤ ᠭᠠᠷ ᠴᠠᠭ ︵ᠴᠠᠬᠢᠮ ᠪᠠᠭᠤᠪᠴᠢ︶᠎ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ
ᠨᠡᠶᠢᠲᠡᠯᠡᠭᠰᠡᠨ ᠴᠠᠭ᠄
2025/4/8
    2025 ᠣᠨ ᠤ ᠭᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠶᠠᠮᠠᠷ ᠶᠠᠮᠠᠷ ᠪᠦᠲᠦᠭᠡᠭᠳᠡᠬᠦᠨ ᠳᠤ ᠨᠥᠬᠦᠪᠦᠷᠢ ᠥᠭᠬᠦ ᠪᠣᠢ︖    ᠲᠣᠰ ᠤᠳᠠᠭᠠᠨ ᠤ ᠨᠥᠬᠦᠪᠦᠷᠢ ᠶᠢᠨ ᠪᠡᠯᠡ ᠮᠥᠩᠭᠦ ᠶᠢᠨ ᠳᠡᠮᠵᠢᠯᠭᠡ ᠶᠢᠨ ᠪᠦᠲᠦᠭᠡᠭᠳᠡᠬᠦᠨ ᠳᠤ ᠬᠥᠷᠦᠭᠡᠭᠦᠷ᠂ ᠬᠤᠪᠴᠠᠰᠤ ᠤᠬᠢᠶᠠᠬᠤ ᠮᠠᠰᠢᠨ ︵ᠬᠤᠪᠴᠠᠰᠣ ᠬᠠᠳᠠᠭᠠᠬᠤ ᠮᠠᠰᠢᠨ ᠪᠠᠭᠲᠠᠨ᠎ᠠ︶᠂ ᠲᠧᠯᠸᠢᠰ᠂ ᠠᠭᠠᠷ ᠳᠣᠬᠢᠷᠠᠭᠤᠯᠣᠭᠴᠢ᠂ ᠺᠣᠮᠫᠢᠣᠲ᠋ᠧᠷ ︵ᠭᠠᠷ ᠺᠣᠮᠫᠢᠣᠲ᠋ᠧᠷ ᠪᠠᠭᠲᠠᠬᠤ ᠦᠭᠡᠢ︶᠂ ᠤᠰᠤ ᠬᠠᠯᠠᠭᠠᠭᠴᠢ ︵ᠬᠠᠨ᠎ᠠ ᠶᠢᠨ ᠡᠯᠭᠦᠮᠡᠯ ᠵᠤᠤᠬ᠎ᠠ ᠪᠠᠭᠲᠠᠨ᠎ᠠ︶᠂ ᠭᠡᠷ ᠤᠨ ᠬᠡᠷᠡᠭᠯᠡᠭᠡᠨ ᠤ ᠵᠤᠤᠬ᠎ᠠ᠂ ᠲᠣᠰᠣ ᠰᠣᠷᠣᠬᠤ ᠮᠠᠰᠢᠨ᠂ ᠤᠰᠤ ᠴᠡᠪᠡᠷᠯᠡᠭᠦᠷ᠂ ᠠᠶᠠᠭ᠎ᠠ ᠤᠬᠢᠶᠠᠬᠤ ᠮᠠᠰᠢᠨ᠂ ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨ ᠤ ᠵᠤᠤᠬ᠎ᠠ ᠵᠡᠷᠭᠡ 12 ᠲᠥᠷᠥᠯ ᠤᠨ ᠦᠢᠯᠡᠳᠬᠦᠨ ᠪᠠᠭᠲᠠᠨ᠎ᠠ᠃    ᠲᠣᠰ ᠤᠳᠠᠭᠠᠨ ᠤ ᠠᠵᠢᠯᠯᠠᠭ᠎ᠠ ᠶᠢᠨ ᠨᠥᠬᠦᠪᠦᠷᠢ ᠶᠢᠨ ᠪᠠᠷᠢᠮᠵᠢᠶ᠎ᠠ ᠨᠢ ᠶᠠᠭᠤ ᠪᠣᠢ︖    ᠬᠡᠷᠡᠭᠯᠡᠭᠴᠢ ᠬᠤᠪᠢ ᠬᠥᠮᠦᠨ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠦᠬᠦᠢ ᠭᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠬᠤ ᠳᠤ᠂ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠤᠨ ᠡᠴᠦᠰ ᠤᠨ ᠪᠣᠷᠣᠯᠠᠭᠤᠯᠬᠤ ᠦᠨ᠎ᠡ ᠶᠢᠨ 15% ᠪᠠᠶᠢᠵᠦ᠂ ᠨᠢᠭᠡᠳᠦᠭᠡᠷ ᠳᠡᠰ ᠵᠢᠴᠢ ᠲᠡᠭᠦᠨ ᠠᠴᠠ ᠳᠡᠭᠡᠭᠰᠢᠬᠢ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢᠨ ᠪᠠᠷᠢᠮᠵᠢᠶ᠎ᠠ ᠪᠦᠬᠦᠢ ᠬᠡᠷ ᠤᠨ ᠴᠠᠬᠢᠯᠭᠠᠨ ᠬᠡᠷᠡᠭᠰᠡᠯ ᠢ ᠬᠤᠳᠠᠯᠳᠤᠨ ᠠᠪᠣᠪᠠᠯ᠂ ᠦᠢᠯᠡᠳᠬᠦᠨ ᠤ ᠬᠠᠮᠤᠭ ᠤᠨ ᠡᠴᠦᠰ ᠤᠨ ᠪᠣᠷᠣᠯᠠᠭᠤᠯᠬᠤ ᠦᠨ᠎ᠡ ᠶᠢᠨ 5%᠎ ᠪᠠᠷ ᠬᠤᠶᠠᠳᠡᠬᠢ ᠣᠳᠠᠭ᠎ᠠ ᠨᠥᠬᠦᠪᠥᠷᠢ ᠣᠯᠭᠤᠨ᠎ᠠ᠃ ᠬᠡᠷᠡᠭᠯᠡᠭᠴᠢᠳ ᠨᠢᠭᠡᠪᠦᠷᠢ ᠶᠢᠨ ᠦᠢᠯᠡᠳᠬᠦᠨ ᠢ 1 ᠨᠦᠬᠦᠪᠦᠷᠢᠯᠡᠵᠦ᠂  ᠦᠢᠯᠡᠳᠬᠦᠨ ᠪᠦᠷᠢ ᠶᠢᠨ ᠨᠥᠬᠦᠪᠥᠷᠢ ᠶᠢ 2000 ᠲᠥᠭᠦᠷᠢᠭ ᠠᠴᠠ ᠳᠠᠪᠠᠭᠤᠯᠬᠤ ᠥᠬᠡᠶ᠂ ᠨᠥᠬᠦᠪᠥᠷᠢ ᠥᠭᠬᠦ ᠬᠤᠭᠤᠴᠠᠭ᠎ᠠ ᠶᠢ 12 ᠰᠠᠷ᠎ᠠ ᠶᠢᠨ 31᠎ ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃ ᠡᠨᠧᠷᠭᠢ ᠶᠢᠨ ᠠᠰᠢᠭᠯᠠᠮᠵᠢ ᠪᠤᠶᠤ ᠤᠰᠤᠨ ᠤ ᠠᠰᠢᠭᠯᠠᠮᠵᠢ ᠶᠢ ᠲᠣᠭᠲᠠᠭᠠᠭᠰᠠᠨ ᠦᠭᠡᠢ ᠦᠢᠯᠡᠳᠬᠦᠨ ᠳᠤ ᠨᠥᠬᠦᠪᠥᠷᠢ ᠥᠭᠬᠦ ᠪᠠᠷᠢᠮᠵᠢᠶ᠎ᠠ ᠨᠢ ᠦᠢᠯᠡᠳᠬᠦᠨ ᠤ ᠬᠠᠮᠤᠭ ᠤᠨ ᠡᠴᠦᠰ ᠤᠨ ᠪᠣᠷᠣᠯᠠᠭᠤᠯᠬᠤ ᠦᠨ᠎ᠡ ᠶᠢᠨ 15% ᠪᠣᠯᠤᠨ᠎ᠠ᠃    ᠲᠣᠰ ᠤᠳᠠᠭᠠᠨ ᠤ ᠨᠥᠬᠦᠪᠦᠷᠢ ᠶᠢᠨ ᠠᠵᠢᠯᠯᠠᠭ᠎ᠠ ᠶᠢᠨ ᠬᠤᠭᠤᠴᠠᠭ᠎ᠠ ᠨᠢ︖    2025 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ 2025 ᠣᠨ ᠤ 12 ᠳ᠋ᠤᠭᠠᠷ ᠰᠠᠷ᠎ᠠ  ᠶᠢᠨ 31᠎ ᠤ ᠡᠳᠦᠷ ᠪᠣᠯᠲᠠᠯ᠎ᠠ᠂ ᠡᠳᠦᠷ ᠪᠦᠷᠢ ᠶᠢᠨ 9᠄ 00—22᠄ 00 ᠎ ᠲᠤ ᠨᠥᠬᠦᠪᠦᠷᠢ ᠎ ᠶᠢᠨ ᠲᠡᠮᠳᠡᠭ ᠎ ᠢ ᠠᠪᠴᠤ ᠪᠣᠯᠣᠨ᠎ᠠ᠃    ᠨᠥᠬᠦᠪᠦᠷᠢ ᠶᠢᠨ ᠲᠡᠮᠳᠡᠭ ᠢ ᠬᠡᠷᠬᠢᠨ ᠠᠪᠬᠤ ᠪᠣᠢ︖    ᠬᠡᠷᠡᠭᠯᠡᠭᠴᠢᠳ ᠡᠭᠦᠯᠡᠨ ᠳᠦᠷᠭᠡᠨ ᠳᠦᠯᠦᠬᠦ APP᠎ ᠳᠤ ᠨᠡᠪᠳᠡᠷᠡᠵᠦ᠂ ᠬᠡᠷ ᠤᠨ ᠴᠠᠬᠢᠯᠭᠠᠨ ᠬᠡᠷᠡᠭᠰᠡᠯ ᠳᠤ ᠨᠥᠬᠦᠪᠥᠷᠢ ᠦᠭᠭᠦ ᠲᠤᠰᠬᠠᠶ ᠳᠠᠪᠴᠠᠩ ᠳᠤ ᠣᠷᠣᠵᠤ᠂  ᠣᠷᠣᠨ ᠪᠠᠶᠢᠷᠢ ᠶᠢᠨ ᠮᠡᠳᠡᠭᠡ ᠵᠠᠩᠭᠢ ᠶᠢᠨ ᠡᠷᠬᠡ ᠣᠯᠭᠤᠯᠲᠠ ᠶᠢ ᠠᠪᠴᠣ᠂ ᠠᠵᠢᠯᠯᠠᠭᠠᠨ ᠤ ᠬᠠᠭᠤᠳᠠᠰᠤ ᠳᠤ ᠣᠷᠣᠵᠤ᠂ ᠨᠥᠬᠦᠪᠥᠷᠢ ᠶᠢᠨ ᠲᠡᠮᠳᠡᠭ ᠢ ᠠᠪᠤᠨ᠎ᠠ᠃ ᠨᠢᠭᠡᠳᠦᠭᠡᠷ ᠠᠯᠬᠤᠮ ᠳᠤ᠄ ᠡᠭᠦᠯᠡᠨ ᠳᠦᠷᠭᠡᠨ ᠳᠦᠯᠦᠬᠦ APP᠎ ᠳᠤ ᠨᠡᠪᠳᠡᠷᠡᠵᠦ᠂ GPS᠎ ᠢ ᠠᠯᠠᠱᠠ ᠳᠤ ᠳᠣᠭᠳᠠᠭᠠᠵᠦ᠂ ᠬᠡᠷ ᠤᠨ ᠴᠠᠬᠢᠯᠭᠠᠨ ᠬᠡᠷᠡᠭᠰᠡᠯ ᠳᠤ ᠨᠦᠬᠦᠪᠦᠷᠢ ᠦᠭᠭᠦ ᠠᠵᠢᠯᠯᠠᠭ᠎ᠠ ᠶᠢᠨ ᠳᠠᠪᠴᠠᠩ ᠳᠤ ᠣᠷᠣᠨ᠎ᠠ᠃ ᠬᠤᠶᠠᠳᠤᠭᠠᠷ ᠠᠯᠬᠤᠮ ᠳᠤ᠄ ᠨᠢᠭᠤᠷ ᠤᠨ ᠵᠢᠭᠠᠯᠲᠠ ᠪᠠᠷ ᠨᠥᠬᠦᠪᠥᠷᠢ ᠶᠢᠨ ᠲᠡᠮᠳᠡᠭ ᠢ ᠠᠪᠤᠨ᠎ᠠ᠃    ᠨᠥᠬᠦᠪᠦᠷᠢ ᠶᠢᠨ ᠲᠡᠮᠳᠡᠭ ᠢ ᠬᠡᠷᠬᠢᠨ ᠬᠠᠷᠭᠤᠭᠤᠯᠬᠤ ᠪᠣᠢ︖    ᠬᠡᠷᠡᠭᠯᠡᠭᠴᠢᠳ ᠨᠥᠬᠦᠪᠦᠷᠢ ᠶᠢᠨ ᠬᠡᠪᠴᠢᠶᠡᠨ ᠳᠣᠲᠣᠷᠠᠬᠢ ᠲᠠᠸᠠᠷ ᠢ ᠰᠣᠩᠭᠤᠵᠤ᠂ ᠳ᠋ᠦᠩᠨᠡᠨ ᠪᠤᠳᠤᠬᠤ ᠦᠶ᠎ᠡ ᠳᠤ ᠵᠣᠭᠤᠰ ᠬᠤᠷᠢᠶᠠᠭᠴᠢ ᠭᠥᠯᠢᠶᠡᠨ ᠠᠪᠴᠤ ᠰᠢᠢᠳᠪᠦᠷᠢᠯᠡᠬᠦ ᠦᠵᠦᠭᠦᠷ ᠢ ᠬᠡᠷᠡᠭᠯᠡᠵᠦ᠂ ︽ᠬᠠᠭᠤᠴᠢᠨ ᠢᠶᠠᠷ ᠰᠢᠨ᠎ᠡ ᠶᠢ ᠰᠣᠯᠢᠬᠤ︾ ᠨᠥᠬᠦᠪᠦᠷᠢ ᠶᠢᠨ ᠬᠡᠪᠴᠢᠶᠡᠨ ᠳᠣᠲᠣᠷᠠᠬᠢ ᠲᠠᠸᠠᠷ ᠤᠨ ᠵᠢᠷᠤᠭᠠᠰᠤᠨ ᠲᠡᠮᠳᠡᠭ ᠢ ᠰᠢᠷᠪᠢᠵᠦ᠂ ᠦᠵᠦᠭᠦᠷ ᠤᠨ ᠪᠣᠷᠤᠯᠠᠭᠤᠯᠭ᠎ᠠ ᠶᠢᠨ ᠨᠢᠭᠤᠷ ᠢ ᠰᠢᠷᠪᠢᠵᠦ᠂ ᠡᠭᠦᠯᠡᠨ ᠳᠦᠷᠭᠡᠨ ᠳᠦᠯᠦᠬᠦ ᠶᠢᠨ ᠮᠡᠷᠭᠡᠨ ᠴᠣᠬᠤᠷ ᠢ ᠰᠢᠷᠪᠢᠬᠦ ᠪᠤᠶᠤ ᠡᠭᠦᠯᠡᠨ ᠳᠦᠷᠭᠡᠨ ᠳᠦᠯᠦᠬᠦ ᠶᠢᠨ ᠴᠢᠳᠠᠮᠵᠢ ᠪᠦᠬᠦᠢ 62 ᠬᠡᠬᠦ ᠳᠤᠭ᠎ᠠ ᠪᠠᠷ ᠡᠬᠢᠯᠡᠬᠦᠯᠦᠭᠰᠡᠨ ᠪᠠᠩᠬᠢ ᠶᠢᠨ ᠺᠠᠷᠲ ᠢᠶᠠᠷ ᠲᠥᠯᠥᠵᠦ᠂ ᠠᠷᠤ ᠲᠠᠪᠴᠠᠩ ᠳᠤ ᠺᠣᠳ᠋ ᠢᠶᠠᠷ ᠰᠢᠯᠭᠠᠨ ᠪᠠᠲᠤᠯᠠᠭᠰᠠᠨ ᠤ ᠳᠠᠷᠠᠭ᠎ᠠ ᠳᠣᠭᠠᠴᠠᠭ᠎ᠠ ᠬᠢᠨ᠎ᠡ᠃ ᠳᠡᠭᠡᠷᠡᠬᠢ ᠪᠤᠢ ᠪᠦᠬᠦᠢ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠲᠠᠪᠴᠠᠩ ᠠᠴᠠ ᠪᠦᠬᠦ ᠤᠯᠤᠰ ᠤᠨ ᠲᠠᠪᠴᠠᠩ ᠳᠤ ᠬᠢᠷᠢ ᠬᠡᠮ ᠢ ᠬᠠᠷᠭᠤᠭᠤᠯᠬᠤ ᠳᠣᠬᠠᠢ ᠮᠡᠳᠡᠭᠳᠡᠨ᠎ᠡ᠃     ᠬᠡᠷᠪᠡ ᠪᠠᠷᠠᠭ᠎ᠠ ᠶᠢ ᠪᠤᠴᠠᠭᠠᠪᠠᠯ ᠶᠠᠭᠠᠬᠢᠬᠤ ᠪᠤᠢ︖     ᠬᠠᠷᠠᠭᠠᠯᠵᠠᠯ ᠬᠦᠷᠲᠡᠵᠦ ᠪᠠᠶᠢᠭ᠎ᠠ ᠠᠷᠠᠯᠵᠢᠶ᠎ᠠ ᠳᠤ ᠪᠠᠷᠠᠭ᠎ᠠ ᠶᠢ ᠪᠤᠴᠠᠭᠠᠬᠤ᠂ ᠬᠦᠴᠦᠨ ᠦᠭᠡᠢ ᠪᠣᠯᠭᠠᠬᠤ ᠦᠶ᠎ᠡ ᠳᠤ᠂ ᠲᠤᠬᠠᠢ ᠶᠢᠨ ᠡᠳᠦᠷ ᠲᠤ ᠵᠠᠬᠢᠶᠠᠯᠠᠭ᠎ᠠ ᠶᠢ ᠪᠣᠴᠠᠭᠠᠪᠠᠯ᠂ ᠲᠤᠬᠠᠢ ᠶᠢᠨ ᠡᠳᠦᠷ ᠲᠤ ᠳᠡᠮᠳᠡᠭ ᠢ ᠪᠣᠴᠠᠭᠠᠵᠦ ᠂ ᠳᠠᠷᠠᠭ᠎ᠠ ᠡᠳᠦᠷ ᠠᠴᠠ ᠬᠤᠶᠢᠰᠢ ᠪᠠᠷᠠᠭ᠎ᠠ ᠶᠢ ᠪᠣᠴᠠᠭᠠᠪᠠᠯ᠂ ᠳᠡᠮᠳᠡᠭ ᠢ ᠪᠤᠴᠠᠭᠠᠬᠤ ᠦᠭᠡᠢ᠃ ᠵᠠᠬᠢᠶᠠᠯᠠᠭ᠎ᠠ ᠶᠢᠨ ᠪᠣᠳᠠᠲᠠᠢ ᠲᠥᠯᠥᠪᠦᠷᠢ ᠶᠢᠨ ᠮᠦᠩᠬᠦ ᠶᠢ ᠬᠡᠷᠡᠭᠯᠡᠭᠴᠢ ᠶᠢᠨ ᠤᠤᠯ ᠤᠨ ᠮᠦᠩᠬᠦ ᠲᠥᠯᠥᠬᠦ ᠺᠠᠷᠲ ᠲᠤ ᠪᠤᠴᠠᠭᠠᠨ ᠥᠭᠭᠦᠨ᠎ᠡ᠃ ᠬᠡᠷᠪᠡ ᠲᠣᠰ ᠡᠳᠦᠷ ᠲᠤ ᠵᠠᠬᠢᠶᠠᠯᠠᠭ᠎ᠠ  ᠶᠢ  ᠪᠣᠴᠠᠭᠠᠵᠦ᠂ ᠲᠣᠰ ᠬᠠᠷᠠᠭᠠᠯᠵᠠᠯ ᠤᠨ ᠳᠡᠮᠳᠡᠭ ᠨᠢ ᠮᠥᠨ ᠬᠦ ᠬᠦᠴᠦᠨ ᠲᠠᠢ ᠬᠤᠭᠤᠴᠠᠭᠠᠨ ᠳᠤ ᠪᠠᠶᠢᠪᠠᠯ᠂ ᠰᠢᠰᠲ᠋ᠧᠮ ᠨᠢ 24 ᠴᠠᠭ ᠤᠨ ᠳᠣᠲᠣᠷ᠎ᠠ ᠨᠢᠭᠡᠨᠲᠡ ᠬᠡᠷᠡᠭᠯᠡᠭᠰᠡᠨ ᠬᠠᠷᠠᠭᠠᠯᠵᠠᠯ ᠤᠨ ᠳᠡᠮᠳᠡᠭ ᠢ ᠪᠤᠴᠠᠭᠠᠨ ᠥᠭᠴᠦ᠂ ᠬᠠᠷᠠᠭᠠᠯᠵᠠᠯ ᠤᠨ ᠳᠡᠮᠳᠡᠭ ᠤᠨ ᠬᠦᠴᠦᠨ ᠲᠠᠢ ᠬᠤᠭᠤᠴᠠᠭ᠎ᠠ ᠨᠢ ᠬᠤᠪᠢᠷᠠᠬᠤ ᠥᠬᠡᠶ ᠪᠠᠶᠢᠵᠤ᠂ ᠬᠡᠷᠡᠭᠯᠡᠭᠴᠢᠳ ︽ᠮᠢᠨᠦ —ᠬᠠᠷᠠᠭᠠᠯᠵᠠᠯ ᠤᠨ ᠳᠡᠮᠳᠡᠭ︾᠎ ᠲᠡᠭᠡᠨ ᠪᠠᠶᠢᠴᠠᠭᠠᠨ ᠦᠵᠡᠵᠦ ᠪᠣᠯᠬᠤ ᠪᠥᠭᠡᠳ ᠬᠦᠴᠦᠨ ᠲᠠᠢ ᠬᠤᠭᠤᠴᠠᠭᠠᠨ ᠳᠤ ᠳᠠᠬᠢᠨ ᠬᠡᠷᠡᠭᠯᠡᠵᠦ ᠪᠣᠯᠣᠨ᠎ᠠ᠂ ᠬᠡᠷᠪᠡ ᠬᠠᠷᠠᠭᠠᠯᠵᠠᠯ ᠤᠨ ᠳᠡᠮᠳᠡᠭ ᠤᠨ ᠬᠦᠴᠦᠨ ᠲᠠᠢ ᠬᠤᠭᠤᠴᠠᠭ᠎ᠠ ᠨᠢ ᠥᠩᠭᠡᠷᠡᠭᠰᠡᠨ ᠪᠤᠶᠤ ᠬᠠᠷᠠᠭᠠᠯᠵᠠᠯ ᠤᠨ ᠳᠡᠮᠳᠡᠭ ᠤᠨ ᠬᠦᠴᠦᠨ ᠲᠠᠢ ᠬᠤᠭᠤᠴᠠᠭᠠᠨ ᠤ ᠡᠴᠦᠰ ᠤᠨ ᠡᠳᠦᠷ ᠲᠤ ᠪᠠᠷᠠᠭ᠎ᠠ ᠶᠢ ᠪᠣᠴᠠᠭᠠᠪᠠᠯ᠂   ᠬᠠᠷᠠᠭᠠᠯᠵᠠᠯ ᠤᠨ ᠳᠡᠮᠳᠡᠭ ᠢ ᠪᠣᠴᠠᠭᠠᠬᠤ ᠦᠭᠡᠢ᠃    ᠡᠷᠭᠡᠪᠰᠢ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠢᠶᠠᠨ ᠲᠤᠰᠢᠶᠠᠪᠠᠯ ᠰᠠᠶ᠋ᠢ ᠠᠵᠢᠯᠯᠠᠭ᠎ᠠ ᠳᠤ ᠣᠷᠣᠯᠴᠠᠵᠤ ᠪᠣᠯᠣᠨ᠎ᠠ ᠤᠤ︖    ᠲᠣᠰ ᠤᠳᠠᠭᠠᠨ ᠤ ᠠᠵᠢᠯᠯᠠᠭ᠎ᠠ ᠨᠢ ᠬᠡᠷᠡᠭᠯᠡᠭᠴᠢᠳ ᠢ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢᠶᠠᠨ ᠲᠤᠰᠢᠶᠠᠬᠤ ᠶᠢ ᠠᠯᠪᠠᠳᠠᠨ ᠱᠠᠭᠠᠷᠳᠠᠬᠤ ᠦᠭᠡᠢ᠂ ᠬᠡᠷᠪᠡ ᠲᠠᠨ ᠤ ᠳᠤ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠪᠠᠶᠢᠬᠤ ᠦᠭᠡᠢ ᠪᠣᠯ ︽ᠡᠭᠦᠯᠡᠨ ᠲᠦᠷᠭᠡᠨ ᠲᠥᠯᠥᠬᠦ︾ APP᠎ ᠳᠤ ᠳᠠᠩᠰᠠᠯᠠᠭᠤᠯᠤᠨ ᠨᠥᠬᠦᠪᠥᠷᠢ ᠣᠯᠬᠤ ᠡᠷᠬᠡ ᠎ ᠪᠠᠨ ᠠᠪᠴᠤ᠂ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠳᠤ ᠣᠷᠣᠯᠴᠠᠵᠤ ᠪᠣᠯᠤᠨ᠎ᠠ᠃ ᠬᠡᠷᠪᠡ ᠲᠠᠨ ᠤ ᠳᠤ ᠬᠠᠭᠤᠴᠢᠨ ᠭᠡᠷ ᠤᠨ ᠴᠠᠬᠢᠯᠭᠠᠨ ᠬᠡᠷᠡᠭᠰᠡᠯ ᠲᠠᠢ ᠪᠣᠯ ᠬᠠᠭᠤᠴᠢᠨ ᠢᠶᠠᠷ ᠰᠢᠨ᠎ᠡ ᠎ ᠶᠢ ᠰᠣᠯᠢᠬᠤ  ᠶᠢ ᠵᠣᠷᠢᠭᠵᠢᠭᠤᠯᠤᠨ᠎ᠠ᠂ ᠬᠤᠷᠢᠶᠠᠵᠦ ᠠᠪᠬᠤ ᠦᠨ᠎ᠡ ᠵᠢᠴᠢ ᠪᠣᠳᠠᠲᠠᠶ ᠦᠢᠯᠡᠴᠢᠯᠡᠭᠡᠨ  ᠤ ᠠᠭᠤᠯᠭ᠎ᠠ ᠎ ᠶᠢ ᠬᠡᠷᠡᠭᠯᠡᠭᠴᠢᠳ ᠪᠣᠯᠤᠨ ᠠᠵᠢᠯᠯᠠᠭ᠎ᠠ  ᠳᠤ ᠣᠷᠣᠯᠴᠠᠭᠰᠠᠨ ᠬᠤᠳᠠᠯᠳᠤᠭᠠᠴᠢᠳ ᠵᠦᠪᠳᠡᠵᠦ ᠲᠣᠭᠲᠠᠭᠠᠨ᠎ᠠ᠃    ᠨᠥᠬᠦᠪᠦᠷᠢ ᠶᠢᠨ ᠳᠡᠮᠳᠡᠭ ᠢ ᠣᠯᠣᠭᠰᠠᠨ ᠤ ᠳᠠᠷᠠᠭ᠎ᠠ ᠡᠷᠬᠡᠪᠰᠢ ᠳᠠᠷᠦ᠋ᠢᠬᠠᠨ ᠬᠡᠷᠡᠭᠯᠡᠬᠦ ᠬᠡᠷᠡᠭᠲᠡᠢ ᠦᠦ︖    ᠬᠡᠷᠡᠭᠯᠡᠭᠴᠢᠳ ᠳᠣᠬᠠᠢ ᠶᠢᠨ ᠡᠳᠦᠷ ᠲᠡᠭᠡᠨ ᠬᠠᠷᠭᠤᠭᠤᠯᠤᠨ ᠭᠡᠷᠡᠭᠯᠡᠵᠦ᠂ ᠬᠤᠭᠤᠴᠠᠭ᠎ᠠ ᠨᠢ ᠲᠤᠯᠪᠠᠯ ᠠᠶᠠᠨᠳᠠᠭᠠᠨ ᠬᠦᠴᠦᠨ ᠦᠭᠡᠢ ᠪᠣᠯᠤᠨ᠎ᠠ᠃ ᠬᠦᠴᠦᠨ ᠦᠭᠡᠢ ᠪᠣᠯᠤᠭᠰᠠᠨ ᠫᠢᠶᠣᠣ ᠲᠡᠮᠳᠡᠭ ᠢ ᠳᠠᠪᠴᠠᠩ ᠠᠴᠠ ᠬᠤᠷᠢᠶᠠᠭᠰᠠᠨ ᠤ ᠳᠠᠷᠠᠭ᠎ᠠ ᠳᠠᠬᠢᠨ ᠳᠠᠷᠬᠠᠭᠠᠨ᠎ᠠ᠃ ᠨᠥᠬᠦᠪᠥᠷᠢ ᠶᠢᠨ ᠲᠡᠮᠳᠡᠭ ᠤᠨ ᠬᠤᠭᠤᠴᠠᠭ᠎ᠠ ᠨᠢ ᠬᠡᠲᠦᠷᠡᠭᠰᠡᠨ ᠤ ᠳᠠᠷᠠᠭ᠎ᠠ᠂ ᠪᠦᠬᠦ ᠤᠯᠤᠰ ᠤᠨ ᠬᠡᠪᠴᠢᠶᠡᠨ ᠳᠤ ᠠᠪᠴᠦ ᠪᠣᠯᠬᠤ ᠬᠢᠷᠢ ᠭᠡᠮ ᠲᠠᠢ ᠪᠣᠯᠬᠤ ᠶᠢ ᠵᠦᠪᠰᠢᠶᠡᠷᠡᠨ᠎ᠡ᠃ ᠨᠦᠬᠦᠪᠦᠷᠢ ᠶᠢᠨ ᠳᠡᠮᠳᠡᠭ ᠢ ᠬᠦᠴᠦᠨ ᠦᠬᠡᠢ ᠪᠣᠯᠭᠠᠨ᠎ᠠ᠃ ᠬᠡᠷᠡᠭᠯᠡᠭᠴᠢ ᠰᠠᠨᠠᠭᠠᠴᠢᠯᠠᠭ᠎ᠠ ᠠᠴᠠ ᠪᠠᠨ ᠨᠥᠬᠦᠪᠥᠷᠢ ᠶᠢᠨ ᠳᠡᠮᠳᠡᠭ ᠢ ᠬᠠᠰᠣᠪᠠᠯ᠂ ᠪᠦᠬᠦ ᠤᠯᠤᠰ ᠤᠨ ᠬᠡᠪᠴᠢᠶᠡᠨ ᠳᠠᠬᠢ ᠠᠪᠬᠤ ᠬᠢᠷᠢ ᠭᠡᠮ ᠢ ᠵᠦᠪᠰᠢᠶᠡᠷᠡᠵᠦ᠂ ᠳᠠᠬᠢᠨ ᠠᠪᠬᠤ ᠶᠢ ᠵᠥᠪᠰᠢᠶᠡᠷᠡᠨ᠎ᠡ᠃ ᠪᠠᠷᠠᠭ᠎ᠠ ᠶᠢ ᠪᠣᠴᠠᠭᠠᠵᠦ᠂  ᠳᠡᠮᠳᠡᠭ ᠢ ᠪᠤᠴᠠᠭᠠᠬᠤ ᠥᠬᠡᠢ᠃ 48 ᠴᠠᠭ ᠤᠨ ᠳᠣᠲᠣᠷ᠎ᠠ ᠪᠦᠬᠦ ᠤᠯᠤᠰ ᠤᠨ ᠬᠡᠪᠴᠢᠶᠡᠨ ᠳᠠᠬᠢ ᠠᠪᠬᠤ ᠬᠢᠷᠢ ᠭᠡᠮ ᠢ ᠵᠦᠪᠰᠢᠶᠡᠷᠡᠨ᠎ᠡ᠃ ᠠᠵᠢᠯᠯᠠᠭ᠎ᠠ ᠶᠢᠨ ᠬᠤᠭᠤᠴᠠᠭᠠᠨ ᠳᠤ ᠲᠥᠷᠥᠯ ᠪᠦᠷᠢ ᠶᠢᠨ ᠨᠥᠬᠦᠪᠥᠷᠢ ᠶᠢᠨ ᠳᠡᠮᠳᠡᠭ ᠢ ᠨᠡᠶᠢᠲᠡ 5 ᠤᠳᠠᠭ᠎ᠠ ᠠᠪᠴᠤ ᠪᠣᠯᠤᠨ᠎ᠠ᠂ ᠲᠥᠷᠥᠯ ᠪᠦᠷᠢ ᠶᠢᠨ ᠨᠥᠬᠦᠪᠥᠷᠢ ᠦᠭᠭᠦ ᠦᠢᠯᠡᠳᠬᠦᠨ ᠢ ᠵᠥᠪᠬᠡᠨ 1 ᠬᠤᠪᠢ ︵ᠠᠭᠠᠷ ᠲᠣᠬᠢᠷᠠᠭᠤᠯᠤᠭᠴᠢ ᠶᠢ ᠬᠠᠮᠤᠭ ᠤᠨ ᠣᠯᠠᠨ ᠳᠠᠭᠠᠨ 3 ᠨᠦᠬᠦᠪᠦᠷᠢᠯᠡᠨ᠎ᠡ︶ ᠣᠯᠭᠤᠵᠤ ᠪᠣᠯᠤᠨ᠎ᠠ᠃     ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠦᠷᠢ ᠪᠠ ᠬᠤᠳᠠᠯᠳᠤᠭᠠᠴᠢᠨ ᠤ ᠠᠵᠢᠯᠯᠠᠭ᠎ᠠ ᠶᠢᠨ ᠨᠥᠬᠦᠪᠦᠷᠢ ᠶᠢ ᠳᠠᠪᠬᠤᠷᠳᠠᠭᠤᠯᠵᠤ ᠪᠣᠯᠤᠨ᠎ᠠ ᠦᠦ︖     ᠪᠣᠯᠣᠨ᠎ᠠ᠃ ᠭᠡᠷ ᠤᠨ ᠴᠠᠬᠢᠯᠭᠠᠨ ᠬᠡᠷᠡᠭᠰᠡᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠡᠷᠭᠡ ᠡᠯ᠎ᠡ ᠲᠥᠷᠥᠯ ᠤᠨ ᠬᠠᠷᠠᠭᠠᠯᠵᠠᠯ ᠲᠠᠢ ᠳᠠᠪᠬᠤᠷᠳᠠᠭᠤᠯᠵᠤ ᠪᠣᠯᠤᠨ᠎ᠠ᠃ ᠤᠷᠢᠳᠠᠪᠡᠷ ᠬᠤᠳᠠᠯᠳᠤᠭᠠᠴᠢᠨ ᠤ ᠨᠥᠬᠦᠪᠥᠷᠢ ᠶᠢ ᠬᠦᠷᠲᠡᠵᠦ᠂ ᠳᠠᠬᠢᠠ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠬᠦᠷᠲᠡᠨ᠎ᠡ᠃ ᠵᠢᠱᠢᠶᠡᠯᠡᠪᠡᠯ᠂ ᠬᠡᠷᠡᠭᠯᠡᠭᠴᠢᠳ ᠨᠢᠭᠡ ᠨᠢᠭᠡᠳᠦᠭᠡᠷ ᠳᠡᠰ ᠤᠨ ᠠᠭᠠᠷ ᠲᠣᠬᠢᠷᠠᠭᠤᠯᠤᠭᠴᠢ ᠶᠢ ᠬᠤᠳᠠᠯᠳᠤᠨ ᠠᠪᠬᠤ ᠳᠤ᠂ ᠤᠤᠯ ᠤᠨ ᠦᠨ᠎ᠡ ᠨᠢ 1.2 ᠲᠦᠮᠡᠨ ᠲᠥᠭᠦᠷᠢᠭ ᠪᠣᠯ᠂ ᠦᠢᠯᠡᠳᠪᠦᠷᠢᠯᠡᠭᠰᠡᠨ ᠠᠵᠤ ᠠᠬᠤᠶᠢᠯᠠᠯ᠂ ᠪᠣᠷᠣᠯᠠᠭᠤᠯᠣᠭᠰᠠᠨ ᠠᠵᠤ ᠠᠬᠤᠶᠢᠯᠠᠯ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠡᠷᠡᠭᠯᠡᠭᠴᠢᠳ ᠲᠤ 2000 ᠲᠥᠭᠦᠷᠢᠭ ᠤᠨ ᠬᠠᠷᠠᠭᠠᠯᠵᠠᠯ ᠦᠵᠡᠭᠦᠯᠵᠦ᠂ ᠡᠴᠦᠰ ᠲᠡᠭᠡᠨ 1 ᠲᠦᠮᠡᠨ ᠲᠥᠭᠦᠷᠢᠭ ᠤᠨ ᠠᠷᠠᠯᠵᠢᠶ᠎ᠠ ᠬᠢᠵᠦ ᠬᠡᠷᠡᠭᠯᠡᠭᠴᠢᠳ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠭᠥᠷᠳᠡᠵᠦ᠂ ᠲᠠᠩᠰᠠ ᠪᠤᠳᠤᠬᠤ ᠦᠶ᠎ᠡ ᠳᠤ 8000 ᠲᠥᠭᠦᠷᠢᠭ ᠥᠭᠪᠡᠯ ᠪᠣᠯᠴᠢᠬᠠᠨ᠎ᠠ᠃     2025 ᠣᠨ ᠤ ᠭᠠᠷ ᠤᠲᠠᠰᠤ᠂ ᠭᠠᠷ ᠺᠣᠮᠫᠢᠣᠲ᠋ᠧᠷ᠂ ᠣᠶᠣᠨᠳᠣ ᠭᠠᠷ ᠴᠠᠭ ︵ᠴᠠᠬᠢᠮ ᠪᠠᠭᠤᠣ︶᠎ ᠢ ᠬᠤᠳᠠᠯᠳᠤᠨ ᠠᠪᠬᠤ ᠳᠤ ᠨᠥᠬᠦᠪᠦᠷᠢ ᠥᠭᠬᠦ ᠬᠡᠪᠴᠢᠶ᠎ᠡ ᠨᠢ ᠶᠠᠭᠤ ᠪᠣᠢ︖    ᠬᠡᠷᠡᠭᠯᠡᠭᠴᠢ ᠬᠤᠪᠢ ᠬᠥᠮᠥᠨ ᠤ ᠬᠤᠳᠠᠯᠳᠤᠨ ᠠᠪᠬᠤ ᠵᠦᠢᠯ ᠤᠨ ᠪᠣᠷᠣᠯᠠᠭᠤᠯᠭ᠎ᠠ ᠶᠢᠨ ᠦᠨ᠎ᠡ ᠨᠢ 6000 ᠲᠥᠭᠦᠷᠢᠭ ᠠᠴᠠ ᠬᠡᠲᠦᠷᠡᠬᠦ ᠦᠭᠡᠢ ᠭᠠᠷ ᠤᠲᠠᠰᠤ᠂ ᠭᠠᠷ ᠺᠣᠮᠫᠢᠣᠲ᠋ᠧᠷ᠂ ᠣᠶᠤᠨᠲᠤ ᠭᠠᠷ ᠴᠠᠭ ︵ᠴᠠᠬᠢᠮ ᠪᠠᠭᠤᠣ︶ ᠵᠡᠷᠭᠡ 3 ᠲᠥᠷᠥᠯ ᠤᠨ ᠲᠣᠭᠠᠴᠢᠯᠠᠭᠰᠠᠨ ᠦᠢᠯᠡᠳᠬᠦᠨ ᠢ ᠬᠤᠳᠠᠯᠳᠤᠨ ᠠᠪᠬᠤ ᠳᠤ ᠰᠢᠨ᠎ᠡ ᠪᠠᠷ ᠬᠤᠳᠠᠯᠳᠤᠨ  ᠠᠪᠣᠭᠰᠠᠨ ᠨᠥᠬᠦᠪᠦᠷᠢ ᠶᠢ ᠬᠦᠷᠲᠡᠵᠦ ᠪᠣᠯᠣᠨ᠎ᠠ᠃     ᠬᠥᠮᠥᠨ ᠪᠦᠷᠢ ᠬᠡᠳᠦ ᠤᠳᠠᠭ᠎ᠠ ᠨᠥᠬᠦᠪᠦᠷᠢ ᠬᠦᠷᠲᠡᠵᠦ ᠪᠣᠯᠬᠤ ᠪᠣᠢ︖     ᠬᠥᠮᠥᠨ ᠪᠦᠷᠢ ᠳᠤ ᠲᠥᠷᠥᠯ ᠪᠦᠷᠢ ᠳᠤ 1 ᠬᠤᠪᠢ ᠨᠥᠬᠦᠪᠦᠷᠢ ᠥᠭᠴᠦ᠂ ᠰᠢᠷᠬᠡᠭ ᠪᠦᠷᠢ ᠶᠢᠨ ᠨᠥᠬᠦᠪᠦᠷᠢ ᠥᠭᠬᠦ ᠬᠠᠷᠢᠴᠠᠯ ᠨᠢ ᠡᠴᠦᠰ ᠤᠨ ᠪᠣᠷᠣᠯᠠᠭᠤᠯᠤᠯᠲᠠ ᠶᠢᠨ ᠦᠨ᠎ᠡ ᠶᠢᠨ 15% ︵ᠦᠢᠯᠡᠳᠪᠦᠷᠢᠯᠡᠯ᠂ ᠭᠦᠢᠯᠭᠡᠭᠡᠨ ᠤ ᠭᠤᠭᠴᠤᠭ᠎ᠠ ᠵᠢᠴᠢ ᠰᠢᠯᠵᠢᠮᠡᠯ ᠡᠵᠡᠩᠨᠡᠯᠲᠡ ᠶᠢᠨ ᠬᠤᠳᠠᠯᠳᠤᠭᠠᠴᠢᠨ ᠤ ᠪᠣᠶ ᠪᠦᠬᠦᠢ ᠬᠠᠷᠠᠭᠠᠯᠵᠠᠯ ᠢ ᠬᠠᠰᠤᠭᠰᠠᠨ ᠤ ᠳᠠᠷᠠᠭᠠᠬᠢ ᠬᠠᠮᠤᠭ ᠤᠨ ᠡᠴᠦᠰ ᠤᠨ ᠪᠣᠷᠣᠯᠠᠭᠤᠯᠭ᠎ᠠ ᠶᠢᠨ ᠦᠨ᠎ᠡ︶ ᠪᠠᠶᠢᠵᠤ᠂ ᠰᠢᠷᠬᠡᠭ ᠪᠦᠷᠢ ᠶᠢ ᠬᠠᠮᠤᠭ ᠤᠨ ᠥᠨᠳᠥᠷ ᠲᠡᠭᠡᠨ 500 ᠲᠥᠭᠦᠷᠢᠭ ᠠᠴᠠ ᠳᠠᠪᠠᠭᠤᠯᠬᠤ ᠦᠭᠡᠢ᠃     ᠨᠥᠬᠦᠪᠦᠷᠢ ᠶᠢᠨ ᠲᠡᠮᠳᠡᠭ ᠢ ᠬᠡᠷᠬᠢᠨ ᠠᠪᠬᠤ ᠪᠣᠢ︖     ᠬᠡᠷᠡᠭᠯᠡᠭᠴᠢᠳ ᠥᠪᠡᠷᠲᠡᠭᠡᠨ ᠵᠠᠰᠠᠬᠤ ᠣᠷᠣᠨ ᠤ ᠬᠡᠷ ᠤᠨ ᠴᠠᠬᠢᠯᠭᠠᠨ ᠬᠡᠷᠡᠭᠰᠡᠯ ᠪᠠ 3C ᠲᠣᠭᠠᠴᠢᠯᠠᠭᠰᠠᠨ ᠦᠢᠯᠡᠳᠬᠦᠨ ᠤ ᠨᠥᠬᠦᠪᠥᠷᠢ ᠶᠢᠨ ᠲᠡᠮᠳᠡᠭ ᠢ ᠠᠪᠬᠤ  ᠨᠢᠭᠤᠷ ᠲᠤ ᠣᠷᠣᠵᠤ᠂ ᠬᠡᠷᠡᠭᠯᠡᠭᠴᠢᠳ ᠵᠥᠪᠰᠢᠶᠡᠷᠡᠭᠰᠡᠨ ᠤᠷᠢᠲᠠᠯ ᠳᠣᠤᠷ᠎ᠠ᠂ ᠰᠢᠰᠲ᠋ᠧᠮ ᠠᠴᠠ ᠬᠡᠷᠡᠭᠯᠡᠭᠴᠢ ᠶᠢᠨ ᠣᠪᠣᠭ ᠨᠡᠷ᠎ᠡ᠂ ᠭᠠᠷ ᠤᠲᠠᠰᠤᠨ ᠤ ᠨᠣᠮᠧᠷ᠂ ᠪᠡᠶ᠎ᠡ ᠶᠢᠨ ᠦᠨᠡᠮᠯᠡᠯ ᠤᠨ ᠳ᠋ᠤᠭᠠᠷ ᠢ ᠴᠤᠭᠯᠠᠭᠤᠯᠵᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠥᠪ ᠤᠨ ᠲᠠᠪᠴᠠᠩ ᠳᠤ ᠳᠠᠮᠵᠢᠭᠤᠯᠵᠤ᠂ ᠨᠥᠬᠦᠪᠥᠷᠢ ᠶᠢᠨ ᠳᠡᠮᠳᠡᠭ ᠢ ᠠᠪᠬᠤ ᠬᠢᠷᠢ ᠬᠡᠮ ᠎ ᠳᠤ ᠨᠡᠶᠢᠴᠡᠬᠦ ᠡᠰᠡᠬᠦ ᠶᠢ ᠰᠢᠯᠭᠠᠨ ᠪᠠᠲᠤᠯᠠᠨ᠎ᠠ᠃ ᠲᠥᠪ ᠤᠨ ᠲᠠᠪᠴᠠᠩ ᠠᠴᠠ ᠬᠢᠷᠢ ᠭᠡᠮ ᠲᠠᠢ ᠪᠠᠶᠢᠬᠤ ᠶᠢ ᠮᠡᠳᠡᠭᠳᠡᠭᠰᠡᠨ ᠤ ᠳᠠᠷᠠᠭ᠎ᠠ᠂ ᠬᠡᠷᠡᠭᠯᠡᠭᠴᠢᠳ ᠬᠡᠷᠡᠭᠴᠡᠭᠡ ᠪᠠᠷ ᠨᠢ᠂ ᠲᠥᠷᠥᠯ ᠢᠶᠠᠷ ᠨᠢ 8.5᠎ ᠪᠠᠷ ᠨᠤᠭᠤᠯᠤᠨ ᠪᠣᠳᠣᠬᠤ ᠨᠥᠬᠦᠪᠥᠷᠢ ᠶᠢᠨ ᠲᠡᠮᠳᠡᠭ ᠢ ᠠᠪᠴᠤ ᠪᠣᠯᠤᠨ᠎ᠠ᠂ ᠬᠠᠮᠤᠭ ᠤᠨ ᠥᠨᠳᠥᠷ ᠲᠡᠭᠡᠨ 500 ᠲᠥᠭᠦᠷᠢᠭ ᠤᠨ ᠨᠥᠬᠦᠪᠥᠷᠢ ᠥᠭᠭᠦᠨ᠎ᠡ᠃     ᠨᠥᠬᠦᠪᠦᠷᠢ ᠶᠢᠨ ᠳᠡᠮᠳᠡᠭ ᠢ ᠣᠯᠣᠭᠰᠠᠨ ᠤ ᠳᠠᠷᠠᠭ᠎ᠠ ᠬᠡᠷᠬᠢᠨ ᠬᠡᠷᠡᠭᠯᠡᠬᠦ ᠪᠣᠢ︖     ᠬᠡᠷᠡᠭᠯᠡᠭᠴᠢᠳ ᠪᠣᠷᠣᠯᠠᠭᠤᠯᠬᠤ ᠠᠵᠤ ᠠᠬᠤᠶᠢᠯᠠᠯ ᠠᠴᠠ 3C ᠳᠣᠭᠠᠴᠢᠯᠠᠭᠰᠠᠨ ᠦᠢᠯᠡᠳᠬᠦᠨ ᠢ ᠬᠤᠳᠠᠯᠳᠣᠨ ᠠᠪᠴᠦ ᠮᠦᠩᠬᠦ ᠪᠠᠨ ᠳᠦᠯᠦᠬᠦ ᠦᠶᠡᠰ᠂ ᠬᠡᠷᠡᠭᠯᠡᠭᠴᠢᠳ ᠡᠬᠦᠯᠡᠨ ᠳᠦᠷᠭᠡᠨ ᠳᠦᠯᠦᠬᠦ ᠮᠡᠷᠭᠡᠨ ᠴᠣᠬᠤᠷ ᠢᠶᠠᠨ ᠦᠵᠡᠭᠦᠯᠵᠦ᠂ ᠠᠵᠤ ᠠᠬᠤᠶᠢᠯᠠᠯ ︵ᠡᠭᠦᠳᠡᠨ ᠳᠡᠯᠭᠡᠭᠦᠷ︶᠎ ᠨᠢ ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠵᠢᠭᠠᠨ ᠲᠣᠭᠲᠠᠭᠠᠭᠰᠠᠨ ᠵᠢᠵᠢᠭ U POS ᠺᠣᠳ᠋ ᠢ ᠰᠢᠷᠪᠢᠬᠦ ᠳᠤ ᠣᠷᠣᠯᠴᠠᠵᠤ᠂ ᠲᠠᠪᠴᠠᠩ ᠠᠴᠠ ᠨᠥᠬᠦᠪᠥᠷᠢ ᠶᠢᠨ ᠵᠣᠭᠤᠰ ᠤᠨ ᠲᠤᠭ᠎ᠠ ᠶᠢ ᠪᠣᠳᠣᠬᠤ ᠶᠢᠨ ᠬᠠᠮᠲᠤ ᠬᠡᠷᠡᠭᠯᠡᠭᠴᠢᠳ ᠤᠨ ᠡᠭᠦᠯᠡᠨ ᠪᠤᠳᠤᠯᠲᠠ ᠶᠢᠨ ᠲᠠᠪᠴᠠᠩ ᠤᠨ ᠳᠣᠲᠣᠷᠠᠬᠢ ᠬᠦᠴᠦᠨ ᠪᠥᠬᠦᠶ ᠡᠯᠧᠺᠲᠷᠣᠨ ᠣᠷᠣᠯᠠᠨ ᠬᠡᠷᠡᠭᠯᠡᠬᠦ ᠳᠡᠮᠳᠡᠭ ᠢ ᠬᠠᠷᠭᠤᠭᠤᠯᠤᠨ᠎ᠡ᠃ ᠬᠡᠷᠡᠭᠯᠡᠭᠴᠢᠳ ᠤᠨ ᠪᠣᠳᠠᠲᠠᠢ ᠲᠥᠯᠥᠭᠰᠡᠨ ᠮᠥᠩᠭᠦᠨ ᠤ ᠲᠤᠭ᠎ᠠ ᠨᠢ ᠲᠠᠸᠠᠷ ᠤᠨ ᠬᠠᠮᠤᠭ ᠤᠨ ᠡᠴᠦᠰ ᠤᠨ ᠬᠤᠳᠠᠯᠳᠤᠬᠤ ᠦᠨ᠎ᠡ ᠠᠴᠠ ᠨᠥᠬᠦᠪᠥᠷᠢ ᠶᠢ ᠬᠠᠰᠤᠭᠰᠠᠨ ᠤ ᠳᠠᠷᠠᠭᠠᠬᠢ ᠮᠥᠩᠭᠦᠨ ᠤ ᠲᠤᠭ᠎ᠠ ᠪᠣᠯᠤᠨ᠎ᠠ᠃         
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号