4 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠶᠢᠮᠠᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠵᠦ᠂ ᠤᠳᠤᠷᠢᠳᠬᠤ ᠪᠠᠭ ᠤᠨ | ᠪᠦᠷᠢᠯᠳᠦᠬᠦᠨ᠂ ᠠᠶᠢᠮᠠᠭ ᠤᠨ ᠰᠢᠭᠤᠳ ᠬᠠᠷᠢᠶ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠶᠢᠨ | ᠬᠠᠷᠢᠭᠤᠴᠠᠯᠭᠠᠲᠠᠨ ᠵᠢᠴᠢ ᠵᠠᠩᠭᠢᠯᠠᠭ᠎ᠠ ᠶᠢᠨ ᠺᠠᠳ᠋ᠷ ᠲᠠᠢ ᠶᠠᠷᠢᠯᠴᠠᠨ ᠰᠣᠯᠢᠯᠴᠠᠵᠤ᠂ ᠠᠵᠢᠯ ᠤᠨ ᠲᠥᠯᠥᠪᠵᠢᠭᠦᠯᠭᠡ ᠶᠢ | ᠠᠬᠢᠭᠤᠯᠤᠭᠰᠠᠨ ᠪᠠᠶᠢᠳᠠᠯ ᠢ ᠰᠣᠨᠣᠰᠴᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠳᠣᠳᠬᠠᠵᠦ᠂ ᠴᠢᠨᠠᠷ ᠴᠢᠨᠰᠠᠭ᠎ᠠ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠪᠦᠬᠦ ᠠᠶᠢᠮᠠᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | | | | | | | | | | | | | | ᠬᠤᠸᠠᠩ ᠶᠠ ᠯᠢ᠂ ᠠᠷᠠᠳ ᠲᠦᠮᠡᠨ ᠤ ᠡᠷᠡᠭᠦᠯ ᠮᠡᠨᠳᠦ ᠪᠣᠯ ᠠᠷᠠᠳ ᠤᠨ ᠠᠮᠢᠳᠤᠷᠠᠯ ᠤᠨ ᠠᠰᠠᠭᠤᠳᠠᠯ ᠪᠣᠯᠬᠤ | ᠪᠥᠭᠡᠳ ᠪᠠᠰᠠ ᠴᠤ ᠨᠡᠶᠢᠭᠡᠮ ᠤᠨ ᠤᠯᠤᠰ ᠲᠦᠷᠦ ᠶᠢᠨ ᠠᠰᠠᠭᠤᠳᠠᠯ ᠪᠣᠯᠤᠨ᠎ᠠ᠃ ᠶᠡᠷᠦᠩᠬᠡᠶ ᠱᠦᠵᠢ ᠰᠢ ᠶᠢᠨ | ᠫᠢᠩ ᠤᠨ ᠡᠷᠡᠭᠦᠯ ᠡᠩᠬᠡ ᠳᠤᠮᠳᠠᠳᠤ ᠤᠯᠤᠰ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠴᠢᠩᠭᠠᠳᠬᠠᠨ᠂ ᠪᠥᠬᠦ ᠠᠶᠢᠮᠠᠭ ᠤᠨ ᠠᠵᠢᠯ ᠦᠢᠯᠡᠰ ᠤᠨ ᠬᠥᠭᠵᠢᠯᠲᠡ ᠶᠢᠨ ᠪᠥᠬᠦ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠣᠯᠠᠨ ᠲᠦᠮᠡᠨ ᠤ ᠣᠯᠠᠨ ᠶᠠᠩᠵᠤ ᠶᠢᠨ ᠬᠡᠷᠡᠭᠴᠡᠭᠡ ᠳᠤ ᠰᠠᠭᠤᠷᠢᠯᠠᠨ᠂ ᠮᠠᠨ ᠤ ᠠᠶᠢᠮᠠᠭ ᠤᠨ ᠡᠮ | ᠡᠮᠨᠡᠯᠭᠡ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠠᠵᠢᠯᠲᠠᠨ ᠤ ᠶᠠᠪᠤᠳᠠᠯ ᠤᠨ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ | ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠳᠣᠷᠣᠭᠰᠢ | ᠪᠠᠭᠤᠯᠭᠠᠬᠤ ᠶᠢ ᠠᠬᠢᠭᠤᠯᠵᠤ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠭᠠᠷᠭᠠᠬᠤ᠂ ᠪᠣᠳᠠᠲᠤ ᠦᠷ᠎ᠡ ᠪᠦᠲᠦᠮᠵᠢ | ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ | ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠷᠣᠨ ᠪᠦᠰᠡ ᠶᠢᠨ ᠢᠨᠲ᠋ᠧᠷ ᠰᠦᠯᠵᠢᠶᠡᠨ ᠤ ᠡᠮᠨᠡᠯᠭᠡ ᠶᠢᠨ | ᠬᠤᠷᠢᠶ᠎ᠠ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠣᠵᠢᠭ ᠡᠪᠡᠳᠴᠢᠲᠡᠨ ᠤ ᠡᠮ ᠬᠤᠳᠠᠯᠳᠤᠨ ᠠᠪᠬᠤ | ᠶᠠᠪᠤᠴᠠ ᠶᠢ ᠰᠢᠯᠢᠳᠡᠭᠵᠢᠭᠦᠯᠵᠦ᠂ ᠠᠷᠠᠳ ᠤᠯᠠᠨ ᠤ ᠡᠮ ᠬᠤᠳᠠᠯᠳᠤᠨ ᠠᠪᠬᠤ ᠳᠤ ᠨᠡᠩ ᠲᠦᠬᠦᠮ ᠦᠵᠡᠬᠦᠯᠵᠦ᠂ | ᠳᠥᠭᠦᠮ ᠳᠥᠲᠡ ᠡᠮᠨᠡᠭᠦᠯᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠪᠠ ᠲᠠᠪᠴᠠᠩ ᠤᠨ ᠡᠮᠨᠡᠯᠭᠡ ᠶᠢᠨ | ᠬᠤᠷᠢᠶᠠᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠣᠨᠣᠰᠢᠯᠠᠨ ᠡᠮᠨᠡᠬᠦ | ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ ᠲᠤᠰᠬᠠᠢ ᠮᠡᠷᠭᠡᠵᠢᠯᠲᠡᠨ ᠤ ᠪᠦᠯᠬᠦᠮ ᠢ ᠣᠷᠣᠭᠤᠯᠤᠨ ᠠᠪᠴᠢᠷᠠᠵᠤ᠂ | ᠭᠤᠣᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠲᠠ ᠶᠢᠨ ᠲᠣᠭᠤᠷᠢᠨ ᠳᠤ ᠬᠠᠮᠲᠤᠷᠠᠯᠴᠠᠭᠠᠨ ᠤ ᠬᠦᠷᠢᠶ᠎ᠡ ᠪᠠᠨ | ᠥᠷᠭᠡᠳᠬᠡᠵᠦ᠂ ᠨᠡᠩ ᠴᠢᠨᠠᠷ ᠰᠠᠶᠢᠲᠠᠢ ᠪᠦᠲᠦᠮᠵᠢᠲᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠨᠢᠭᠦᠯᠵᠦ᠂ | ᠣᠨᠣᠰᠢᠯᠠᠨ ᠡᠮᠨᠡᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠨᠴᠠᠯᠢᠬᠳᠤ ᠡᠮᠴᠢᠯᠡᠭᠡ ᠶᠢ | ᠰᠠᠶᠢᠲᠤᠷ ᠡᠷᠬᠢᠯᠡᠵᠦ᠂ ᠬᠢᠲᠠᠳ ᠮᠣᠩᠭᠤᠯ ᠡᠮᠨᠡᠯᠭᠡ ᠶᠢᠨ ᠡᠷᠡᠭᠦᠯ ᠢᠶᠠᠷ ᠬᠥᠭᠵᠢᠬᠦ ᠶᠢ ᠶᠡᠬᠡᠪᠡᠷ ᠠᠬᠢᠭᠤᠯᠵᠤ᠂ | ᠡᠯᠡᠰᠦᠨ ᠵᠠᠰᠠᠯ᠂ ᠳᠠᠪᠤᠰᠤᠨ ᠵᠠᠰᠠᠯ ᠵᠡᠷᠭᠡ ᠤᠨᠴᠠᠯᠢᠬᠳᠤ ᠡᠮ ᠡᠮᠨᠡᠯᠭᠡ ᠶᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠠᠯᠠᠱᠠ ᠶᠢᠨ ᠤᠨᠴᠠᠯᠢᠬᠳᠤ ᠡᠮ ᠡᠮᠨᠡᠯᠭᠡ ᠡᠷᠡᠭᠦᠯᠵᠢᠯ ᠰᠤᠪᠢᠯᠠᠯᠲᠠ ᠶᠢᠨ | ᠲᠦᠷᠦᠯ ᠲᠡᠮᠳᠡᠭ ᠢ ᠰᠠᠶᠢᠲᠤᠷ ᠡᠭᠦᠳᠬᠦ ᠬᠡᠷᠡᠭᠲᠡᠢ ᠬᠡᠪᠡ᠃ | ᠬᠤᠸᠠᠩ ᠶᠠ ᠯᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ | ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠤᠨ ᠰᠤᠷᠲᠠᠯ ᠤᠨ ᠪᠠᠶᠢᠭᠤᠯᠤᠯᠲᠠ | ᠪᠣᠯᠣᠨ ᠡᠮᠨᠡᠯᠭᠡ ᠶᠢᠨ ᠠᠵᠢᠯᠲᠠᠨ ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ | ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠬᠤ ᠬᠡᠷᠡᠭᠲᠡᠢ | ᠭᠡᠪᠡ᠃ | ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠢᠦ ᠳ᠋ᠧ ᠼᠦᠢ ᠣᠷᠣᠯᠴᠠᠵᠠᠶ᠃ |