ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ | ᠳᠤᠮᠳᠠᠬᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ ᠵᠠᠬ᠎ᠠ | ᠳᠡᠯᠭᠡᠭᠦᠷ ᠤᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠂ ᠥᠪᠡᠷᠲᠡᠭᠡᠨ ᠵᠠᠰᠠᠬᠤ ᠣᠷᠣᠨ ᠤ ᠤᠰᠤ | ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠳᠤ ᠬᠦᠴᠦᠨ ᠨᠡᠮᠡᠷᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ | ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠢᠭᠡᠳ ᠳᠤᠮᠳᠠᠳᠤ ᠤᠯᠤᠰ ᠤᠨ ᠪᠠᠩᠬᠢ ᠶᠢᠨ ᠥᠪᠥᠷ | ᠮᠣᠩᠭᠤᠯ ᠳᠠᠬᠢ ᠬᠤᠪᠢᠶᠠᠷᠢ ᠪᠠᠩᠬᠢ ᠤᠶᠢᠷ᠎ᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ | ᠲᠣᠭᠲᠠᠬᠤ ᠶᠢᠨ ᠬᠠᠮᠲᠤ ︽ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠳᠡᠮᠵᠢᠬᠦ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠲᠣᠰ ︽ᠬᠡᠷᠡᠭᠵᠢᠭᠦᠯᠬᠦ ᠰᠠᠨᠠᠯ︾ ᠪᠣᠯ | ᠮᠠᠨ ᠤ ᠤᠷᠤᠨ ᠤ ᠮᠥᠩᠭᠦᠨ ᠭᠦᠢᠯᠭᠡᠭᠡᠨ ᠢᠶᠠᠷ ᠤᠰᠤ ᠠᠷᠪᠢᠯᠠᠬᠤ ᠠᠵᠤ ᠦᠢᠯᠡᠰ ᠢ ᠳᠡᠮᠵᠢᠬᠦ ᠠᠩᠬᠠᠳᠠᠭᠴᠢ | ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | ᠣᠶᠢᠯᠠᠭᠠᠭᠰᠠᠨ ᠢᠶᠠᠷ᠂ ᠲᠤᠰ ︽ᠬᠡᠷᠡᠭᠵᠢᠭᠦᠯᠬᠦ ᠰᠠᠨᠠᠯ︾ ᠳᠤ ᠲᠠᠷᠢᠶᠠᠯᠠᠩ ᠤᠨ ᠤᠰᠤ ᠠᠷᠪᠢᠯᠠᠬᠤ ᠦᠷ᠎ᠡ | ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤᠨ ᠤ ᠭᠠᠳᠠᠭᠰᠢᠯᠠᠭᠤᠯᠤᠯᠲᠠ ᠶᠢ ᠪᠠᠭᠠᠰᠬᠠᠬᠤ᠂ ᠬᠤᠲᠠ | ᠪᠠᠯᠭᠠᠰᠤᠨ ᠤ ᠤᠰᠤ ᠠᠷᠪᠢᠯᠠᠵᠤ ᠰᠦᠢᠳᠦᠯ ᠢ ᠪᠠᠭᠠᠰᠬᠠᠬᠤ᠂ ᠬᠡᠪ ᠤᠨ ᠪᠤᠰᠤ ᠤᠰᠤ ᠶᠢ ᠠᠰᠢᠭᠯᠠᠬᠤ᠂ ᠤᠰᠤ | ᠠᠷᠪᠢᠯᠠᠬᠤ ᠦᠢᠯᠡᠳᠬᠦᠨ ᠢ ᠦᠢᠯᠡᠳᠪᠦᠷᠢᠯᠡᠬᠦ ᠪᠠ ᠰᠢᠨᠡᠳᠭᠡᠨ ᠰᠣᠯᠢᠬᠤ᠂ ᠭᠡᠷ᠎ᠡ ᠪᠠᠷ ᠤᠰᠤ ᠠᠷᠪᠢᠯᠠᠬᠤ | ᠬᠠᠮᠢᠶᠠᠷᠤᠯᠲᠠ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠤᠨ ᠬᠥᠭᠵᠢᠯᠲᠡ᠂ ᠤᠰᠤ ᠠᠷᠪᠢᠯᠠᠬᠤ | ᠦᠢᠯᠡᠴᠢᠯᠡᠭᠡ ᠵᠡᠷᠭᠡ 8 ᠭᠤᠤᠯᠳᠠᠯᠭ᠎ᠠ ᠲᠠᠢ ᠬᠦᠷᠢᠶᠡᠨ ᠳᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ | ᠪᠠᠲᠤᠯᠠᠭ᠎ᠠ ᠶᠢᠨ ᠲᠣᠭᠲᠠᠴᠠ ᠶᠢ ᠳᠤᠷᠠᠳᠤᠭᠰᠠᠨ ᠪᠠᠶᠢᠨ᠎ᠠ᠃ | ︽ᠬᠡᠷᠡᠭᠵᠢᠭᠦᠯᠬᠦ ᠰᠠᠨᠠᠯ︾ ᠳᠤ᠂ ᠳᠤᠮᠳᠠᠳᠤ ᠤᠯᠤᠰ ᠤᠨ ᠪᠠᠩᠬᠢ ᠪᠥᠬᠦ ᠣᠷᠣᠨ ᠤ ᠤᠰᠤ ᠠᠷᠪᠢᠯᠠᠬᠤ ᠠᠵᠤ | ᠦᠢᠯᠡᠰ ᠤᠨ ᠭᠤᠤᠯᠳᠠᠯᠭ᠎ᠠ ᠲᠠᠢ ᠬᠦᠷᠢᠶᠡᠨ ᠤ ᠪᠡᠶᠡᠴᠢ ᠴᠣᠭᠴᠠ ᠳᠤ 100 ᠳ᠋ᠦᠩᠰᠢᠭᠤᠷ ᠲᠥᠭᠦᠷᠢᠭ ᠠᠴᠠ | ᠳᠤᠤᠷ᠎ᠠ ᠥᠬᠡᠶ ᠰᠠᠨᠠᠮᠵᠢ ᠶᠢᠨ ᠴᠢᠨᠠᠷᠲᠠᠶ ᠪᠠᠯᠠ ᠬᠤᠷᠠᠮᠳᠤᠭᠤᠯᠭ᠎ᠠ ᠶᠢᠨ ᠳᠡᠮᠵᠢᠯᠭᠡ ᠬᠠᠩᠭᠠᠵᠤ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠡᠨ ᠠᠵᠤ ᠦᠢᠯᠡᠰ᠂ ᠪᠣᠬᠢᠷᠲᠤᠯ ᠥᠬᠡᠶ ᠵᠢᠭᠡᠯᠡᠯᠭᠡ᠂ ᠳᠡᠭᠡᠳᠦ | ᠲᠠᠰ ᠤᠨ ᠦᠢᠯᠡᠳᠬᠦ ᠦᠢᠯᠡᠰ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠬᠦᠦ ᠮᠥᠩᠭᠦ ᠶᠢᠨ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ︔ ᠤᠰᠤ ᠠᠷᠪᠢᠯᠠᠬᠤ ᠲᠥᠷᠥᠯ ᠵᠦᠢᠯ ᠤᠨ | ᠠᠵᠢᠯᠯᠠᠭᠠᠨ ᠤ ᠦᠶᠡᠯᠡᠯ ᠤᠨ ᠬᠤᠭᠤᠴᠠᠭ᠎ᠠ ᠶᠢ ᠦᠨᠳᠦᠰᠦᠯᠡᠨ ᠵᠢᠬᠡᠯᠡᠯᠬᠡ ᠪᠤᠴᠠᠭᠠᠬᠤ ᠲᠥᠯᠥᠪᠯᠡᠭᠡ ᠶᠢ ᠵᠦᠢ | ᠵᠣᠬᠢᠰᠲᠠᠶ ᠲᠣᠬᠢᠷᠠᠭᠤᠯᠵᠤ᠂ ᠠᠮᠢᠳᠤᠯᠢᠭ ᠠᠷᠭ᠎ᠠ ᠬᠡᠯᠪᠡᠷᠢ ᠪᠠᠷ ᠲᠥᠷᠥᠯ ᠵᠦᠢᠯ ᠤᠨ ᠵᠢᠬᠡᠯᠡᠯᠬᠡ ᠪᠤᠴᠠᠭᠠᠬᠤ | ᠳᠠᠷᠤᠯᠲᠠ ᠶᠢ ᠪᠦᠲᠦᠮᠵᠢᠲᠡᠶ ᠨᠠᠮᠳᠠᠭᠤᠯᠤᠨ᠎ᠠ︔ ᠨᠥᠬᠦᠴᠡᠯ ᠳᠤ ᠨᠡᠶᠢᠴᠡᠬᠦ ᠤᠰᠤ ᠬᠡᠷᠡᠭᠯᠡᠬᠦ ᠪᠡᠶᠡᠴᠢ ᠴᠣᠭᠴᠠ ᠶᠢ | ᠣᠷᠢᠳᠡᠪᠡᠷ ᠭᠤᠤᠯᠳᠠᠯᠭ᠎ᠠ ᠲᠠᠢ ᠬᠠᠷᠢᠴᠠᠭᠠᠨ ᠤ ᠡᠷᠦᠬᠡ ᠶᠢᠨ ᠬᠠᠮᠢᠶᠠᠷᠤᠯᠲᠠ ᠳᠤ ᠣᠷᠣᠭᠤᠯᠵᠤ᠂ ᠢᠲᠡᠭᠡᠮᠵᠢ | ᠣᠯᠭᠤᠵᠤ ᠬᠢᠨᠠᠨ ᠵᠥᠪᠰᠢᠶᠡᠷᠡᠭᠦᠯᠬᠦ ᠰᠠᠭᠠᠳ ᠥᠬᠡᠶ ᠨᠡᠪᠲᠡᠷᠡᠬᠦ ᠵᠠᠮ ᠢ ᠭᠤᠶᠤᠴᠢᠯᠠᠬᠤ ᠶᠢ ᠳᠡᠮᠵᠢᠵᠦ᠂ ᠢᠵᠢ | ᠪᠥᠷᠢᠳᠦᠭᠰᠡᠨ ᠪᠠᠯᠠ ᠬᠤᠷᠠᠮᠳᠤᠭᠤᠯᠭ᠎ᠠ ᠶᠢᠨ ᠪᠣᠳᠠᠲᠠᠶᠢᠵᠢᠭᠤᠯᠤᠯᠲᠠ ᠶᠢ ᠠᠬᠢᠭᠤᠯᠤᠨ᠎ᠠ︔ ᠶᠡᠷᠦᠩᠬᠡᠶᠢᠯᠡᠭᠰᠡᠨ | ᠦᠢᠯᠡᠴᠢᠯᠡᠭᠡᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠰᠤ ᠠᠷᠪᠢᠯᠠᠬᠤ ᠲᠥᠷᠥᠯ ᠵᠦᠢᠯ ᠤᠨ ᠪᠠᠯᠠ | ᠬᠤᠷᠠᠮᠳᠤᠭᠤᠯᠭ᠎ᠠ ᠶᠢᠨ ᠠᠷᠭ᠎ᠠ ᠵᠠᠮ ᠢ ᠥᠷᠭᠡᠳᠭᠡᠨ᠂ ᠪᠥᠬᠦ ᠶᠠᠪᠤᠴᠠ ᠶᠢᠨ ᠦᠢᠯᠡᠳᠬᠦᠨ ᠤ ᠦᠢᠯᠡᠴᠢᠯᠡᠭᠡᠨ ᠤ | ᠰᠢᠰᠲ᠋ᠧᠮ ᠪᠠ ᠲᠣᠭᠠᠴᠢᠯᠠᠭᠰᠠᠨ ᠦᠢᠯᠡᠴᠢᠯᠡᠭᠡ ᠬᠠᠩᠭᠠᠨ᠎ᠠ ᠭᠡᠵᠤ ᠳᠤᠷᠠᠳᠴᠠᠢ᠃ | ︽ᠬᠡᠷᠡᠭᠵᠢᠭᠦᠯᠬᠦ ᠰᠠᠨᠠᠯ︾ ᠳᠤ᠂ ᠵᠠᠰᠠᠭ ᠤᠨ ᠤᠷᠳᠤᠨ ᠪᠠᠩᠬᠢ ᠬᠠᠮᠲᠤᠷᠠᠯᠴᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠬᠢᠭᠡᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠤᠰᠤ ᠠᠷᠪᠢᠯᠠᠬᠤ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠲᠥᠷᠥᠯ ᠵᠦᠢᠯ ᠢ ᠵᠣᠯᠭᠠᠭᠤᠯᠬᠤ | ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠤᠰᠤ ᠠᠷᠪᠢᠯᠠᠬᠤ ᠠᠵᠤ ᠦᠢᠯᠡᠰ ᠤᠨ ᠬᠥᠭᠵᠢᠯᠲᠡ ᠶᠢᠨ ᠲᠥᠷᠥᠯ | ᠵᠦᠢᠯ ᠤᠨ ᠬᠥᠮᠥᠷᠭᠡ ᠪᠠᠶᠢᠭᠤᠯᠤᠨ᠂ ᠤᠰᠤ ᠠᠷᠪᠢᠯᠠᠬᠤ ᠠᠵᠤ ᠦᠢᠯᠡᠰ ᠤᠨ ᠬᠦᠷᠢᠶᠡᠨ ᠤ ᠭᠤᠣᠯᠳᠠᠯᠭ᠎ᠠ ᠲᠠᠢ ᠠᠵᠤ | ᠠᠬᠤᠶᠢᠯᠠᠯ ᠳᠤ ᠦᠢᠯᠡᠴᠢᠯᠡᠵᠦ᠂ ᠤᠰᠤ ᠠᠷᠪᠢᠯᠠᠬᠤ ᠬᠦᠷᠢᠶᠡᠨ ᠤ ᠵᠢᠱᠢᠶ᠎ᠡ ᠦᠵᠡᠭᠦᠯᠬᠦ ᠳᠠᠭᠠᠭᠤᠯᠤᠭᠴᠢ ᠶᠢ ᠪᠤᠶ | ᠪᠣᠯᠭᠠᠨ᠎ᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ | ᠣᠷᠣᠨ ᠤ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠳᠤᠮᠳᠠᠳᠤ | ᠤᠯᠤᠰ ᠤᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠡᠯ᠎ᠡ ᠱᠠᠲᠤᠨ ᠤ ᠬᠤᠪᠢᠶᠠᠷᠢ ᠰᠠᠯᠪᠤᠷᠢ | ᠪᠠᠶᠢᠭᠤᠯᠤᠮᠵᠢ᠂ ᠤᠰᠤ ᠠᠷᠪᠢᠯᠠᠬᠤ ᠠᠵᠤ ᠦᠢᠯᠡᠰ ᠤᠨ ᠲᠥᠷᠥᠯ ᠵᠦᠢᠯ ᠪᠣᠯᠤᠨ ᠬᠠᠤᠯᠢ ᠶᠢᠨ ᠡᠷᠬᠡᠲᠡᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠥᠷᠢ ᠥᠭᠴᠡᠭᠡ ᠶᠢᠨ ᠭᠡᠷ᠎ᠡ ᠠᠴᠠ ᠵᠥᠷᠢᠴᠡᠬᠦ | ᠲᠦᠭᠰᠢᠭᠦᠷᠢ ᠠᠴᠠ ᠵᠠᠶᠢᠯᠠᠰᠭᠢᠬᠦ ᠬᠡᠷᠡᠭᠲᠡᠶ ᠭᠡᠵᠤ ᠳᠤᠷᠠᠳᠴᠠᠢ᠃ |