ᠠᠯᠠᠱᠠ ᠠᠶᠢᠮᠠᠭ ᠴᠢᠬᠤᠯᠠ ᠶᠡᠭᠡ ᠲᠥᠷᠥᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠤ ᠪᠤᠢ
ᠨᠡᠶᠢᠲᠡᠯᠡᠭᠰᠡᠨ ᠴᠠᠭ᠄
2025/4/8
    ᠮᠠᠰᠢᠨ ᠮᠧᠬᠠᠨᠢᠭ ᠬᠦᠷᠴᠢᠭᠢᠨᠡᠨ᠂ ᠭᠠᠩᠨᠠᠭᠤᠷ ᠤᠨ ᠤᠴᠢ ᠠᠳᠡ ᠲᠡᠨᠳᠡ ᠦᠰᠦᠷᠬᠢᠯᠡᠨ᠎ᠡ᠃ ᠤᠢᠢᠷ᠎ᠠ ᠶᠢᠨ ᠡᠳᠦᠷ ᠤᠳ ᠲᠤ᠂ ᠤᠯᠤᠰ ᠤᠨ ︽ᠨᠠᠢᠮᠠᠨ ᠭᠤᠯᠳᠤ ᠨᠠᠢᠮᠠᠨ ᠬᠥᠨᠳᠡᠯᠡᠨ︾ ᠲᠡᠮᠦᠷ ᠵᠠᠮ ᠤᠨ ᠲᠣᠣᠷ ᠤᠨ ᠪᠡᠭᠡᠵᠢᠩ ᠠᠴᠠ ᠯᠠᠨᠵᠧᠦ ᠬᠦᠷᠬᠦ ᠲᠡᠮᠤᠷ ᠵᠠᠮ ᠤᠨ ᠴᠢᠬᠤᠯᠠ ᠪᠦᠷᠢᠯᠳᠦᠬᠦᠨ ᠪᠣᠯᠤᠭᠰᠠᠨ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠢᠷᠭᠠᠢ ᠠᠴᠠ ᠪᠠᠶᠠᠨᠬᠤᠳᠠ ᠬᠦᠷᠬᠦ ᠰᠠᠯᠪᠤᠷᠢ ᠱᠤᠭᠤᠮ ᠤᠨ ᠠᠯᠠᠱᠠ ᠠᠭᠤᠯᠠ ᠶᠢᠨ ᠨᠦᠬᠡᠨ ᠵᠠᠮ ᠤᠨ ᠲᠦᠷᠦᠯ ᠵᠦᠢᠯ ᠶᠠᠭ ᠪᠣᠭᠤᠮᠲᠠ ᠰᠢᠪᠲᠤᠯᠬᠤ ᠰᠦᠷ ᠲᠠᠯᠠᠶᠢᠴᠠᠳᠤ ᠪᠠᠶᠢᠳᠠᠯ ᠢᠶᠠᠷ ᠪᠦᠬᠦ ᠬᠦᠴᠦᠨ ᠢᠶᠠᠷ ᠢᠶᠠᠨ ᠲᠦᠷᠬᠡᠨ ᠠᠬᠢᠵᠦ ᠪᠤᠢ᠃ 3 ᠰᠠᠷ᠎ᠠ ᠶᠢᠨ 21 ᠤ ᠡᠳᠦᠷ᠂ ᠰᠤᠷᠪᠤᠯᠵᠢᠯᠠᠭᠴᠢ ᠲᠤᠰ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠬᠦ ᠳᠤ᠂ ᠨᠦᠬᠡᠨ ᠵᠠᠮ ᠳᠣᠲᠣᠷ᠎ᠠ ᠳ᠋ᠧᠩ ᠤᠨ ᠭᠡᠷᠡᠯ ᠳᠤᠸᠠᠯᠠᠵᠤ᠂ ᠮᠠᠯᠳᠠᠭᠤᠷ ᠮᠠᠰᠢᠨ᠂ ᠥᠷᠥᠮᠳᠡᠭᠦᠷ ᠮᠠᠰᠢᠨ᠂ ᠬᠥᠭᠡᠷᠭᠡ ᠲᠡᠷᠭᠡ ᠵᠡᠷᠭᠡ ᠲᠤᠮᠤ ᠬᠡᠯᠪᠡᠷᠢ ᠶᠢᠨ ᠮᠠᠰᠢᠨ ᠮᠧᠬᠠᠨᠢᠭ ᠬᠦᠷᠴᠢᠬᠢᠨᠡᠵᠦ᠂ ᠠᠵᠢᠯᠴᠢᠳ ᠶᠠᠭ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠨᠦᠬᠡᠨ ᠵᠠᠮ ᠢ ᠨᠡᠪᠳᠡᠷᠡᠬᠦᠯᠬᠦ ᠠᠵᠢᠯ ᠢ ᠬᠢᠵᠦ ᠪᠠᠶᠢᠯ᠎ᠠ᠃    ᠣᠶᠢᠯᠠᠭᠠᠭᠰᠠᠨ ᠢᠶᠠᠷ᠂ ᠠᠯᠠᠱᠨ ᠠᠭᠤᠯᠠ ᠶᠢᠨ ᠨᠦᠬᠡᠨ ᠵᠠᠮ ᠪᠣᠯ ᠠᠯᠠᠱᠠ ᠠᠶᠢᠮᠠᠭ ᠪᠣᠯᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠶ ᠬᠤᠲᠠ ᠶᠢ ᠬᠤᠯᠪᠣᠬᠤ ᠵᠠᠩᠭᠢᠯᠠᠭ᠎ᠠ ᠶᠢᠨ ᠪᠠᠷᠢᠯᠭ᠎ᠠ ᠪᠣᠯᠤᠨ᠎ᠠ᠂ ᠲᠣᠰ ᠨᠦᠬᠡᠨ ᠵᠠᠮ ᠢ ᠵᠢᠯ ᠤᠨ ᠳᠣᠲᠣᠷ᠎ᠠ ᠨᠡᠪᠲᠡᠷᠡᠭᠦᠯᠦᠭᠰᠡᠨ ᠤ ᠳᠠᠷᠠᠭ᠎ᠠ᠂ ᠥᠪᠥᠷ ᠮᠣᠩᠭᠤᠯ ᠨᠢᠩᠰᠢᠶᠠ ᠶᠢᠨ ᠬᠠᠮᠵᠢᠯᠴᠠᠨ ᠬᠥᠭᠵᠢᠬᠦ ︽ᠲᠣᠮᠣ ᠯᠤᠭᠰᠢᠭᠤᠨ ᠰᠤᠳᠠᠯ︾ ᠢ ᠨᠡᠪᠲᠡᠷᠡᠭᠦᠯᠵᠦ᠂ ᠣᠷᠣᠨ ᠪᠦᠰᠡ ᠶᠢᠨ ᠵᠠᠶ ᠶᠢ ᠪᠣᠭᠤᠨᠢᠰᠬᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠵᠠᠮ ᠬᠠᠷᠢᠯᠴᠠᠭᠠᠨ ᠤ ᠲᠤᠯᠭᠠᠭᠤᠷᠢᠯᠠᠯ ᠬᠠᠩᠭᠠᠬᠤ ᠪᠣᠯᠤᠨ᠎ᠠ᠃    ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠠᠵᠢᠯ ᠢ ᠵᠢᠯᠣᠭᠤᠳᠴᠤ ᠪᠠᠶᠢᠭᠰᠠᠨ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶ᠎ᠠ ᠶᠢᠨ ᠢᠷᠭᠠᠢ ᠠᠴᠠ ᠪᠠᠶᠠᠨᠬᠤᠳᠠ ᠬᠦᠷᠬᠦ ᠲᠡᠮᠦᠷ ᠵᠠᠮ ᠤᠨ ᠲᠦᠷᠦᠯ ᠵᠦᠢᠯ ᠤᠨ ᠠᠮᠤᠷ ᠲᠦᠪᠰᠢᠨ ᠤ ᠶᠡᠷᠦᠩᠬᠡᠢ ᠬᠢᠨᠠᠭᠴᠢ ᠵᠠᠩ ᠴᠢᠶᠠᠩ᠄ ︽ᠠᠯᠠᠱᠠ ᠠᠭᠤᠯᠠ ᠶᠢᠨ ᠨᠦᠬᠡᠨ ᠵᠠᠮ ᠤᠨ ᠭᠠᠵᠠᠷ ᠵᠦᠢ ᠶᠢᠨ ᠪᠠᠶᠢᠳᠠᠯ ᠪᠤᠳᠤᠯᠢᠶᠠᠨᠲᠠᠶ᠂ ᠤᠳᠠᠭ᠎ᠠ ᠪᠦᠷᠢ ᠡᠷᠭᠢᠯᠳᠦᠭᠦᠯᠦᠨ ᠮᠠᠯᠲᠠᠬᠤ ᠠᠴᠠ ᠡᠮᠦᠨ᠎ᠡ᠂ ᠴᠥᠮ ᠤᠷᠢᠳᠴᠢᠯᠠᠭᠰᠠᠨ ᠭᠠᠵᠠᠷ ᠰᠢᠨᠵᠢᠯᠡᠭᠡᠨ ᠤ ᠤᠷᠢᠳᠴᠢᠯᠠᠨ ᠮᠡᠳᠡᠭᠡᠯᠡᠬᠦ ᠠᠷᠭ᠎ᠠ ᠶᠢ ᠠᠪᠴᠤ ᠠᠵᠢᠯ ᠦᠷᠨᠢᠬᠦᠯᠬᠦ ᠠᠴᠠ ᠡᠮᠦᠨᠡᠬᠢ ᠴᠢᠯᠠᠭᠤᠯᠢᠭ ᠲᠤ ᠰᠤᠳᠤᠯᠤᠨ ᠮᠠᠭᠠᠳᠯᠠᠯᠲᠠ ᠬᠢᠵᠦ ᠵᠠᠳᠠᠯᠤᠨ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠲᠣᠭᠲᠠᠭᠠᠬᠤ ᠴᠢᠬᠤᠯᠠᠳᠠᠢ ᠪᠠᠶᠢᠳᠠᠬ᠃ ᠡᠭᠦᠨ ᠤ ᠬᠠᠮᠲᠤ᠂ ᠤᠶᠤᠨᠴᠢᠯᠠᠭᠰᠠᠨ ᠬᠢᠨᠠᠨ ᠡᠵᠡᠮᠳᠡᠬᠦ ᠰᠢᠰᠲ᠋ᠧᠮ ᠲᠣᠬᠢᠷᠠᠭᠤᠯᠵᠤ᠂ ᠨᠦᠬᠡᠨ ᠵᠠᠮ ᠳᠣᠲᠣᠷᠠᠬᠢ ᠪᠠᠷᠢᠯᠭ᠎ᠠ ᠶᠢᠨ ᠠᠵᠢᠯ ᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠪᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ ᠣᠳᠣᠬᠠᠨ ᠪᠣᠯᠲᠠᠯ᠎ᠠ᠂ ᠨᠦᠬᠡᠨ ᠵᠠᠮ ᠢ ᠨᠡᠶᠢᠲᠡ 6996.2 ᠮᠧᠲᠷ ᠮᠠᠯᠲᠠᠵᠤ᠂ 578.8 ᠮᠧᠲᠷ ᠦᠯᠡᠳᠡᠵᠦ ᠪᠠᠶᠢᠨ᠎ᠠ᠃ ᠣᠳᠣᠬᠠᠨ ᠳᠤ᠂ ᠪᠢᠳᠡ ᠶᠡᠭᠡ ᠪᠠᠷ ᠠᠵᠢᠯᠯᠠᠵᠤ ᠱᠠᠯᠠᠪᠳᠠᠭᠤᠯᠤᠨ ᠠᠮᠵᠢᠭᠤᠯᠬᠤ ᠪᠠᠶᠢᠳᠠᠯ ᠢᠶᠠᠷ ᠲᠦᠷᠦᠯ ᠵᠦᠢᠯ ᠤᠨ ᠲᠥᠯᠥᠪᠯᠡᠭᠡ ᠶᠣᠰᠣᠭᠠᠷ ᠲᠣᠭᠲᠠᠭᠤᠨ ᠢᠶᠠᠷ ᠠᠬᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ︾ ᠭᠡᠪᠡ᠃    ᠡᠨᠡ ᠵᠢᠯ ᠠᠴᠠ ᠨᠠᠭᠠᠰᠢ᠂ ᠠᠯᠠᠱᠠ ᠠᠶᠢᠮᠠᠭ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ᠪᠠᠷ ᠬᠥᠳᠡᠯᠭᠡᠭᠦᠷ ᠪᠣᠯᠭᠠᠵᠤ᠂ ᠰᠢᠨ᠎ᠡ ᠡᠨᠧᠷᠭᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠰᠠᠭᠤᠷᠢ ᠲᠥᠬᠦᠭᠡᠷᠦᠮᠵᠢ ᠵᠡᠷᠭᠡ 13 ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠲᠥᠷᠥᠯ ᠵᠦᠢᠯ ᠢ ᠲᠥᠯᠥᠪᠵᠢᠭᠦᠯᠬᠦ ᠪᠠ ᠪᠥᠲᠥᠭᠡᠨ ᠪᠠᠶᠢᠭᠤᠯᠬᠤ ᠶᠢ ᠵᠡᠷᠭᠡ ᠪᠠᠷ ᠠᠬᠢᠭᠤᠯᠵᠤ᠂ ᠲᠦᠯᠦᠪᠵᠢᠭᠦᠯᠭᠡ ᠪᠠᠷ ᠪᠥᠲᠥᠭᠡᠨ ᠪᠠᠶᠢᠭᠤᠯᠤᠯᠳᠠ ᠶᠢ ᠠᠬᠢᠭᠤᠯᠤᠨ᠂ ᠪᠥᠲᠥᠭᠡᠨ ᠪᠠᠶᠢᠭᠤᠯᠤᠯᠳᠠ ᠪᠠᠷ ᠦᠷ᠎ᠡ ᠪᠦᠲᠦᠮᠵᠢ ᠶᠢ ᠢᠯᠡᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠤᠨ ᠲᠦᠷᠬᠡᠨ ᠪᠦᠳᠦᠬᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠨ᠂ ᠪᠥᠬᠦ ᠠᠶᠢᠮᠠᠭ ᠤᠨ ᠠᠵᠤ ᠠᠬᠤᠶ ᠶᠢᠨ ︽ᠪᠥᠬᠦ ᠵᠢᠯ ᠢᠶᠠᠷ ᠢᠶᠠᠨ ᠰᠠᠶᠢᠨ ᠪᠠᠶᠢᠬᠤ︾ ᠶᠢ ᠦᠨᠡᠨ ᠬᠦ ᠪᠠᠲᠤᠯᠠᠬᠤ ᠪᠠᠷ ᠴᠢᠷᠮᠠᠶᠢᠵᠤ ᠪᠤᠢ᠃    ᠲᠦᠷᠦᠬᠦᠬᠡᠨ ᠠᠯᠠᠱᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠬᠦᠷᠪᠠᠯ᠂ ᠲᠦᠷᠦᠯ ᠵᠦᠢᠯ ᠢ ᠪᠦᠳᠦᠬᠡᠨ ᠪᠠᠶᠢᠭᠤᠯᠬᠤ᠂ ᠬᠥᠭᠵᠢᠯᠲᠡ ᠶᠢ ᠡᠷᠢᠯᠬᠢᠯᠡᠬᠦ ᠬᠠᠯᠠᠭᠤᠨ ᠤᠷᠤᠰᠬᠠᠯ ᠭᠠᠵᠠᠷ ᠪᠣᠯᠭᠠᠨ ᠳᠤ ᠪᠢᠯᠬᠠᠨ᠎ᠠ᠃ ᠬᠦᠷ ᠬᠥᠭᠵᠢᠶᠡᠨ ᠲᠠᠢ ᠪᠠᠷᠢᠯᠭ᠎ᠠ ᠶᠢᠨ ᠠᠬᠤᠢ ᠲᠠᠯᠠᠪᠠᠢ ᠳᠤ᠂ ᠲᠦᠷᠭᠡᠨ ᠬᠥᠭᠵᠢᠯᠲᠡ ᠶᠢᠨ ᠬᠠᠮᠤᠭ ᠤᠨ ᠬᠦᠴᠦᠷᠬᠡᠭ ᠲᠠᠭᠤᠨ ᠬᠠᠩᠭᠢᠨᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠨᠠᠶᠢᠷᠠᠯ ᠳᠠᠭᠤᠤ ᠴᠤᠤᠷᠢᠶᠠᠳᠤᠨ᠎ᠠ᠃ ᠴᠢᠬᠤᠯᠠ ᠶᠡᠭᠡ ᠲᠦᠷᠦᠯ ᠵᠦᠢᠯ ᠤᠨ ᠪᠦᠲᠦᠭᠡᠡ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠡᠰᠡᠨ ᠴᠤ᠂ ᠡᠰᠡᠬᠦᠯ᠎ᠡ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠠᠵᠤ ᠦᠢᠯᠡᠰ  ᠤᠨ ᠬᠦᠷᠢᠶᠡᠯᠡᠩ ᠲᠣᠭᠤᠷᠢᠭ  ᠲᠤ ᠬᠡᠰᠡᠨ  ᠴᠤ᠂ ᠪᠦᠷ ᠲᠦᠷᠭᠡᠨ ᠬᠦᠳᠡᠯᠦᠯᠴᠡᠵᠤ ᠱᠠᠯᠠᠪᠳᠠᠨ ᠠᠵᠢᠯᠯᠠᠬᠤ ᠪᠠᠶᠢᠳᠠᠯ ᠬᠠᠷᠠᠬᠳᠠᠵᠤ᠂ ᠲᠦᠷᠦᠯ ᠵᠦᠢᠯ  ᠢ ᠲᠦᠷᠬᠡᠨ ᠪᠦᠲᠦᠭᠡᠡ ᠪᠠᠶᠢᠭᠤᠯᠬᠤ ᠤᠷᠬᠢᠯᠤᠮ᠎ᠠ ᠬᠠᠯᠠᠭᠤᠨ ᠰᠡᠳᠭᠢᠯᠭᠡ ᠪᠣᠯᠤᠨ ᠬᠤᠷᠳᠤᠴᠠ  ᠶᠢ ᠭᠦᠨᠵᠡᠭᠡᠢ ᠮᠡᠳᠡᠷᠡᠵᠦ ᠪᠤᠯᠤᠨ᠎ᠠ᠃    ᠲᠤᠰ ᠳᠡᠭᠡᠳᠦ ᠰᠢᠨ᠎ᠡ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠺᠦᠨ ᠫᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 7800 ᠲᠣᠨ ᠲᠠᠷᠢᠶᠠᠨ ᠡᠮ ᠵᠢᠴᠢ ᠲᠠᠷᠢᠶᠠᠨ ᠡᠮ ᠤᠨ ᠵᠠᠪᠰᠠᠷ ᠤᠨ ᠴᠣᠭᠴᠠ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠡᠯ᠎ᠡ ᠵᠦᠢᠯ ᠤᠨ ᠮᠠᠰᠢᠨ ᠮᠧᠬᠠᠨᠢᠭ ᠪᠠᠴᠢᠮ ᠶᠠᠭᠠᠷᠠᠯᠲᠠᠶ ᠠᠵᠢᠯᠯᠠᠨ᠎ᠠ᠃ ︽ᠮᠠᠨ ᠤ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 2.4 ᠳ᠋ᠦᠩᠰᠢᠭᠤᠷ ᠲᠥᠭᠦᠷᠢᠭ ᠲᠤ ᠬᠦᠷᠴᠦ᠂ ᠣᠳᠣᠬᠠᠨ ᠳᠤ ᠨᠢᠭᠡᠨᠲᠡ ᠪᠠᠷᠢᠯᠭ᠎ᠠ ᠶᠢᠨ ᠠᠵᠢᠯ ᠤᠨ 90% ᠶᠢ ᠪᠡᠶᠡᠯᠡᠭᠦᠯᠵᠦ᠂ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ ᠶᠢ ᠵᠠᠯᠭᠠᠭ᠎ᠠ ᠪᠠᠷ ᠦᠢᠯᠡᠳᠪᠦᠷᠢ ᠳᠤ ᠣᠷᠣᠭᠤᠯᠤᠨ ᠤᠭᠰᠠᠷᠠᠬᠤ ᠪᠠᠷ ᠪᠡᠯᠡᠳᠭᠡᠵᠦ᠂ ᠲᠥᠷᠥᠯ ᠵᠦᠢᠯ ᠢ ᠪᠦᠬᠦᠨ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ  ᠳᠤ ᠣᠷᠣᠭᠤᠯᠤᠭᠰᠠᠨ  ᠤ ᠳᠠᠷᠠᠭ᠎ᠠ᠂ ᠪᠣᠷᠣᠯᠠᠭᠤᠯᠭ᠎ᠠ  ᠶᠢᠨ ᠬᠡᠮᠵᠢᠶ᠎ᠡ ᠵᠢᠱᠢᠯᠲᠡ  ᠪᠠᠷ ᠵᠢᠯ  ᠳᠤ 10 ᠳ᠋ᠦᠩᠰᠢᠭᠤᠷ ᠲᠥᠭᠦᠷᠢᠭ  ᠲᠤ ᠬᠥᠷᠬᠦ ᠪᠣᠯᠤᠨ᠎ᠠ︾ ᠭᠡᠵᠦ ᠺᠣᠮᠫᠠᠨᠢ  ᠶᠢᠨ ᠶᠡᠷᠦᠩᠬᠡᠢ ᠳᠠᠭᠠᠭᠠᠮᠠᠯ ᠵᠠᠩ ᠶᠢᠨ ᠬᠣ᠋ ᠬᠡᠯᠡᠪᠡ᠃    ᠲᠦᠷᠦᠯ ᠵᠦᠢᠯ ᠪᠣᠯ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠴᠢᠬᠤᠯᠠ ᠲᠤᠯᠭᠠᠭᠤᠷᠢᠯᠠᠯ ᠪᠣᠯᠬᠤ ᠪᠥᠭᠡᠳ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯᠤᠨ᠎ᠠ᠃ ᠡᠨᠡ ᠵᠢᠯ᠂ ᠠᠯᠠᠱᠠ ᠠᠶᠢᠮᠠᠭ ᠴᠢᠬᠤᠯᠠ ᠶᠡᠭᠡ ᠲᠥᠷᠥᠯ ᠵᠦᠢᠯ ᠢᠶᠠᠷ ᠭᠠᠷᠳᠠᠴᠠ ᠪᠣᠯᠭᠠᠨ ᠠᠵᠤ ᠦᠢᠯᠡᠳᠪᠦᠷᠢ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 78 ᠠᠵᠤ ᠦᠢᠯᠡᠳᠪᠦᠷᠢ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠠᠬᠢᠭᠤᠯᠵᠤ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ 24 ᠴᠢᠬᠤᠯᠠ ᠶᠡᠭᠡ ᠲᠥᠷᠥᠯ ᠵᠦᠢᠯ ᠢ ᠪᠥᠬᠦ ᠲᠠᠯ᠎ᠠ ᠪᠠᠷ ᠠᠬᠢᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠨ᠎ᠡ ᠮᠠᠲ᠋ᠧᠷᠢᠶᠠᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠭᠡᠵᠦ᠂ ᠨᠠᠩ ᠴᠢᠨᠠᠷ ᠰᠠᠶᠢᠲᠠᠶ᠂ ᠨᠡᠩ ᠰᠢᠨ᠎ᠡ ᠬᠥᠳᠡᠯᠭᠡᠬᠦ ᠡᠨᠧᠷᠭᠢ᠂ ᠨᠠᠩ ᠪᠣᠬᠢᠷᠲᠤᠯ ᠥᠬᠡᠶ ᠬᠥᠭᠵᠢᠯᠲᠡ ᠪᠠᠷ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠪᠠᠶᠢᠨ᠎ᠠ᠃    ᠣᠳᠣᠬᠠᠨ ᠳᠤ᠂ ᠠᠯᠠᠱᠠ ᠵᠡᠭᠦᠨ ᠬᠤᠰᠢᠭᠤᠨ ᠤ ᠠᠵᠢᠯ ᠡᠭᠦᠷᠭᠡ ᠭᠦᠢᠴᠡᠳᠭᠡᠬᠦ ᠨᠢᠰᠭᠡᠯ ᠤᠨ ᠪᠠᠭᠤᠳᠠᠯ ᠢ ᠳᠡᠰ ᠳᠡᠪᠰᠢᠬᠦᠯᠦᠭᠡᠳ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠤᠯᠤᠭᠰᠠᠨ ᠲᠦᠷᠦᠯ ᠵᠦᠢᠯ᠂ ᠪᠥᠸᠧ ᠶᠤᠸᠠᠨ ᠠᠯᠠᠱᠠ ᠶᠢᠨ ᠪᠠᠶᠢᠭᠠᠯᠢᠯᠢᠭ ᠬᠤᠵᠢᠷ ᠪᠣᠯᠪᠠᠰᠤᠷᠠᠭᠤᠯᠬᠤ ᠲᠣᠨᠣᠭᠯᠠᠯ ᠤᠨ ᠲᠦᠷᠦᠯ ᠵᠦᠢᠯ᠂ ︽ᠡᠯᠡᠰᠦ ᠭᠤᠪᠢ ᠡᠯᠡᠰᠦᠷᠬᠡᠭ ᠭᠠᠵᠠᠷ︾ ᠤᠨ ᠳ᠋ᠦᠩᠰᠢᠭᠤᠷ ᠺᠢᠯᠦᠸᠠᠲ ᠤᠨ ᠲᠡᠰ ᠤᠨ ᠰᠢᠨ᠎ᠡ ᠡᠨᠧᠷᠭᠢ ᠶᠢᠨ ᠲᠤᠮᠤ ᠰᠠᠭᠤᠷᠢᠨ ᠤ ᠲᠦᠷᠦᠯ ᠵᠦᠢᠯ᠂ ᠬᠤᠸᠠ ᠳ᠋ᠢᠶᠠᠨ ᠤ 4 × 100 ᠲᠦᠮᠡᠨ ᠺᠢᠯᠦᠸᠠᠲ ᠤᠨ ᠰᠢᠨ᠎ᠡ ᠡᠨᠧᠷᠭᠢ ᠶᠢᠨ ᠢᠯᠴᠢ ᠶᠢᠨ ᠴᠠᠬᠢᠯᠭᠠᠨ ᠤ ᠲᠦᠷᠦᠯ ᠵᠦᠢᠯ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠢᠶᠠᠷ ᠪᠦᠬᠦ ᠱᠤᠭᠤᠮ ᠢᠶᠠᠷ ᠠᠬᠢᠭᠤᠯᠵᠤ᠂ ᠠᠯᠠᠱᠠ ᠶᠢᠨ ᠡᠬᠡ ᠭᠠᠵᠠᠷ ᠲᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠪᠢᠯᠬᠠᠵᠤ᠂ ᠤᠷᠤᠭᠰᠢᠯᠠᠯᠲᠠ ᠶᠢᠨ ᠰᠢᠨ᠎ᠡ ᠪᠦᠷᠢᠶ᠎ᠡ ᠬᠠᠩᠭᠢᠨᠠᠵᠤ ᠪᠠᠶᠢᠨ᠎ᠠ᠃    ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠪᠣᠯ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ︽ᠡᠬᠢ ᠪᠤᠯᠠᠭ︾ ᠮᠥᠨ᠂ ᠣᠶᠢᠷ᠎ᠠ ᠶᠢᠨ ᠡᠳᠦᠷ ᠤᠳ ᠲᠤ᠂ ᠠᠯᠠᠱᠠ ᠠᠶᠢᠮᠠᠭ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠬᠤ ᠶᠢᠨ ᠬᠠᠮᠲᠤ ᠥᠪᠡᠷᠮᠢᠴᠡ ᠳᠠᠪᠠᠭᠤᠯᠢᠭ ᠲᠠᠭᠠᠨ ᠲᠦᠰᠢᠭᠯᠡᠨ᠂ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠡ ᠮᠦᠩᠬᠦ ᠣᠷᠣᠭᠤᠯᠤᠨ ᠠᠪᠴᠢᠷᠠᠬᠤ ︽ᠴᠢᠩᠭ᠎ᠠ ᠰᠣᠷᠢᠨᠵᠢᠨ ᠣᠷᠣᠨ︾ ᠢ ᠪᠠᠶᠢᠭᠤᠯᠬᠤ ᠶᠢᠨ ᠬᠠᠮᠲᠤ ︽ᠬᠤᠳᠠᠯᠳᠤᠭ᠎ᠠ ᠪᠠᠷ ᠠᠷᠠᠯᠵᠢᠶᠠᠴᠢᠨ ᠤᠷᠢᠬᠤ︾ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠣᠯᠠᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠠᠵᠤ ᠦᠢᠯᠡᠰ ᠢ ᠣᠷᠣᠭᠤᠯᠤᠨ ᠠᠪᠴᠢᠷᠠᠵᠤ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠤᠨ ᠬᠥᠭᠵᠢᠭᠦᠯᠵᠦ ᠪᠠᠶᠢᠨ᠎ᠠ᠃    ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ ᠯᠢ ᠢ ᠰᠢᠶᠠ᠄ ︽ᠡᠨᠡ ᠵᠢᠯ ᠤᠨ 1 — 2 ᠰᠠᠷ᠎ᠠ ᠳᠤ᠂ ᠮᠠᠨ ᠤ ᠠᠶᠢᠮᠠᠭ ᠣᠷᠣᠨ ᠤ ᠭᠠᠳᠠᠨ᠎ᠠ ᠠᠴᠠ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠰᠠᠨ 26 ᠲᠥᠷᠥᠯ ᠵᠦᠢᠯ ᠢ ᠬᠡᠷᠡᠭᠵᠢᠭᠦᠯᠵᠦ᠂ 5.53 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 80% ᠠᠴᠠ ᠳᠡᠭᠡᠭᠰᠢ ᠪᠠᠷ ᠨᠡᠮᠡᠭᠳᠡᠨ᠂ ︿ᠰᠠᠶᠢᠨ ᠡᠬᠢᠯᠡᠯᠲᠡ﹀ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ︿ᠤᠷᠢᠵᠤ ᠠᠪᠴᠢᠷᠠᠬᠤ᠂ ᠭᠠᠷᠴᠤ ᠶᠠᠪᠤᠬᠤ﹀ ᠤᠨᠢᠨ ᠲᠡᠬᠡᠷ᠎ᠠ ᠨᠢ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠪᠠᠷᠢᠮᠲᠠᠯᠠᠵᠤ᠂ ︿ᠰᠠᠶᠢᠨ ᠬᠢᠵᠦ᠂ ᠢᠷᠡᠭᠡᠳᠦᠢ ᠳᠤ ᠬᠠᠮᠲᠤ ᠪᠠᠷ ᠠᠰᠢᠭ ᠭᠥᠷᠳᠡᠬᠦ﹀ ᠪᠠᠯᠠ ᠣᠷᠣᠭᠤᠯᠤᠯᠲᠠ ᠶᠢᠨ ᠲᠦᠷᠦᠯ ᠲᠡᠮᠳᠡᠭ ᠢ ᠡᠬᠦᠳᠴᠤ᠂ ᠪᠥᠬᠦ ᠵᠢᠯ ᠳᠤ 7 ᠲᠠᠯᠠᠪᠤᠷ ᠭᠤᠤᠯᠳᠠᠯᠭ᠎ᠠ ᠲᠠᠢ ᠣᠷᠣᠨ ᠪᠦᠰᠡ ᠶᠢᠨ ᠰᠢᠷᠢᠰ ᠠᠷᠠᠯᠵᠢᠶᠠᠴᠢᠨ ᠤᠷᠢᠬᠤ ᠠᠵᠢᠯᠯᠠᠭ᠎ᠠ ᠶᠢ ᠲᠥᠯᠥᠪᠯᠡᠵᠦ ᠪᠣᠶ︾ ᠭᠡᠪᠠ᠃    ᠲᠦᠷᠦᠯ ᠵᠦᠢᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠵᠤ ᠪᠠᠶᠢᠭ᠎ᠠ ᠶᠠᠪᠤᠳᠠᠯ ᠮᠥᠨ᠂ ᠲᠦᠷᠦᠯ ᠵᠦᠢᠯ ᠢ ᠲᠥᠯᠥᠪᠵᠢᠭᠦᠯᠬᠦ ᠪᠣᠯ ᠳᠠᠷᠤᠢ ᠢᠷᠡᠭᠡᠳᠦᠢ ᠶᠢ ᠪᠤᠳᠤᠯᠬᠢᠯᠠᠵᠤ ᠪᠠᠶᠢᠭ᠎ᠠ ᠶᠠᠪᠤᠳᠠᠯ ᠮᠥᠨ᠃ ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠵᠢᠶᠠᠩ ᠴᠢᠩ ᠵᠢᠢ᠄ ︽ᠡᠨᠡ ᠵᠢᠯ᠂ ᠠᠯᠠᠱᠠ 13 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠦᠷᠦᠯ ᠵᠦᠢᠯ ᠢ ᠲᠥᠯᠥᠪᠵᠢᠭᠦᠯᠬᠦ ᠣᠨᠣᠪᠴᠢᠲᠤ ᠴᠢᠨᠠᠷ ᠪᠠ ᠪᠦᠳᠦᠮᠵᠢᠳᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠲᠥᠯᠥᠪᠵᠢᠭᠦᠯᠬᠦ ᠲᠣᠭᠲᠠᠴᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠭᠠᠷᠳᠠᠮ ᠭᠦᠢᠴᠡᠳᠭᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠭᠡᠬᠦ᠂ ᠪᠡᠯᠡ ᠮᠥᠩᠭᠦ ᠶᠢᠨ ᠬᠡᠮᠵᠢᠶ᠎ᠡ ᠶᠢ ᠨᠡᠮᠡᠭᠳᠡᠭᠦᠯᠬᠦ ᠶᠢ ᠲᠠᠰᠤᠷᠠᠯᠳᠠ ᠦᠭᠡᠢ ᠠᠬᠢᠭᠤᠯᠵᠤ᠂ ︿ᠨᠢᠭᠡ ᠪᠦᠯᠦᠭ ᠢ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠪᠦᠳᠦᠭᠡᠨ ᠪᠠᠶᠢᠭᠤᠯᠬᠤ᠂ ᠨᠢᠭᠡ ᠪᠦᠯᠦᠭ ᠢ ᠠᠵᠢᠯ ᠳᠠᠭᠤᠰᠬᠠᠬᠤ﹀ ᠰᠠᠶᠢᠨ ᠣᠷᠴᠢᠯ ᠢ ᠪᠦᠷᠢᠯᠳᠦᠭᠦᠯᠵᠦ᠂ ︿ᠦᠨ᠎ᠡ ᠦᠷᠳᠡᠭ ᠲᠠᠢ᠂ ᠪᠣᠬᠢᠷᠲᠤᠯ ᠦᠭᠡᠢ᠂ ᠰᠢᠨ᠎ᠡ᠂ ᠭᠠᠶᠢᠯᠢ ᠶᠢᠨ ᠤᠷᠤᠯᠭ᠎ᠠ ᠦᠨᠳᠦᠷ᠂ ᠤᠶᠤᠨᠴᠢ﹀ ᠲᠦᠷᠦᠯ ᠵᠦᠢᠯ ᠤᠨ ᠪᠦᠬᠦ ᠲᠠᠯ᠎ᠠ ᠪᠠᠷ ᠴᠡᠴᠡᠭᠯᠡᠬᠦ ᠶᠢ ᠪᠡᠶᠡᠯᠡᠭᠦᠯᠵᠦ᠂ ᠡᠨᠡ ᠵᠢᠯ ᠵᠢᠴᠢ ᠢᠷᠡᠭᠡᠳᠦᠢ ᠶᠢᠨ 5 ᠵᠢᠯ ᠳᠤ ᠪᠦᠬᠦ ᠠᠶᠢᠮᠠᠭ ᠤᠨ ᠲᠣᠭᠲᠠᠭᠤᠨ ᠪᠡᠯᠡ ᠣᠷᠣᠭᠤᠯᠤᠯᠲᠠ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠳᠤ ᠪᠠᠬᠢ ᠰᠠᠭᠤᠷᠢ ᠶᠢ ᠲᠠᠯᠪᠢᠨ᠎ᠠ︾ ᠭᠡᠪᠡ᠃    ᠣᠳᠣᠬᠠᠨ ᠪᠣᠯᠲᠠᠯ᠎ᠠ᠂ ᠠᠯᠠᠱᠠ ᠠᠶᠢᠮᠠᠭ ᠨᠢᠭᠡᠨᠲᠡ 2025 ᠣᠨ ᠤ ᠴᠢᠬᠤᠯᠠ ᠶᠡᠭᠡ ᠲᠥᠷᠥᠯ ᠵᠦᠢᠯ ᠢ 281 ᠨᠥᠭᠡᠴᠡᠯᠡᠪᠡ᠃ ᠡᠭᠦᠨ ᠳᠤ᠂ ᠠᠶᠢᠮᠠᠭ ᠤᠨ ᠱᠠᠲᠤᠨ ᠠᠴᠠ ᠬᠡᠷᠡᠭᠵᠢᠬᠦᠯᠬᠦ ᠴᠢᠬᠤᠯᠠ ᠶᠡᠭᠡ ᠲᠥᠷᠥᠯ ᠵᠦᠢᠯ ᠳᠤ ᠤᠷᠤᠬᠰᠠᠨ ᠨᠢ 141 ᠪᠠᠶᠢᠵᠤ᠂ ᠵᠢᠯ ᠳᠤ 492.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠤᠢ᠃ᠪᠠᠶᠢᠯᠳᠤᠭᠠᠨ ᠤ ᠬᠡᠩᠭᠡᠷᠭᠡ ᠬᠠᠩᠬᠢᠨᠠᠵᠤ᠂ ᠡᠷᠡᠮᠡᠬᠡᠶᠢᠯᠡᠨ ᠤᠷᠤᠭᠰᠢᠯᠠᠬᠤ ᠡᠷᠴᠢ ᠬᠦᠴᠦᠨ ᠬᠦᠪᠴᠢᠯᠡᠭᠳᠡᠯ᠎ᠡ᠃ ᠡᠯᠡᠰᠦᠨ ᠴᠦᠯ ᠳᠠᠬᠢ ᠠᠯᠠᠱᠠ ᠨᠢ ᠴᠢᠨᠠᠷ ᠰᠠᠶᠢᠲᠠᠢ ᠬᠥᠭᠵᠢᠯᠲᠡ ᠶᠢᠨ ᠰᠦᠷ ᠳᠠᠯᠠᠶᠢᠴᠠᠲᠠᠢ ᠬᠦᠴᠦᠨ ᠴᠢᠳᠠᠯ ᠢ ᠨᠢᠭᠲᠠᠷᠠᠭᠤᠯᠵᠤ᠂ ᠠᠷᠭ᠎ᠠ ᠤᠬᠠᠭᠠᠨ᠂ ᠰᠥᠰᠥ ᠵᠣᠷᠢᠭ᠂ ᠰᠢᠷᠭᠠᠭᠤ ᠠᠵᠢᠯᠯᠠᠬᠤ ᠣᠷᠭᠢᠯᠤᠮ᠎ᠠ ᠬᠠᠯᠠᠭᠤᠨ ᠰᠡᠳᠭᠢᠯᠭᠡ ᠪᠠᠷ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠭᠡ ᠶᠢᠨ ᠵᠢᠷᠤᠭ ᠠᠴᠠ ᠪᠠᠷᠢᠯᠭ᠎ᠠ ᠶᠢᠨ ᠵᠢᠷᠤᠭ ᠪᠣᠯᠭᠠᠨ ᠬᠤᠪᠢᠷᠠᠭᠤᠯᠵᠤ᠂ ᠲᠠᠬᠢᠨ ᠪᠠᠷᠢᠯᠭ᠎ᠠ ᠶᠢᠨ ᠵᠢᠷᠤᠭ ᠠᠴᠠ ᠪᠣᠳᠠᠲᠤ ᠠᠬᠤᠢ ᠶᠢᠨ ᠵᠢᠷᠤᠭ ᠪᠣᠯᠭᠠᠨ ᠬᠤᠪᠢᠷᠠᠭᠤᠯᠵᠤ᠂ ᠴᠢᠬᠤᠯᠠ ᠶᠡᠭᠡ ᠲᠦᠷᠦᠯ ᠵᠦᠢᠯ ᠢᠶᠠᠷ ᠴᠢᠨᠠᠷ ᠰᠠᠶᠢᠲᠠᠢ ᠬᠥᠭᠵᠢᠯᠲᠡ ᠶᠢ ᠬᠦᠲᠦᠯᠦᠨ ᠳᠠᠭᠠᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号