ᠠᠯᠠᠱᠠ ᠶᠢᠨ ᠭᠤᠷᠪᠠᠳᠤᠭᠠᠷ ᠬᠤᠭᠤᠴᠠᠭᠠᠨ ᠤ ᠶᠠᠷᠢᠶᠠᠨ ᠤ ᠲᠠᠩᠬᠢᠮ ᠨᠢ ᠳᠣᠣᠷ᠎ᠠ ᠠᠭᠠᠷ ᠤᠨ ᠠᠵᠤ ᠠᠬᠤᠶ ᠶᠢᠨ ᠬᠥᠭᠵᠢᠯᠲᠡ ᠶᠢᠨ ᠵᠠᠮ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2025/4/9
    4 ᠰᠠᠷ᠎ᠠ ᠶᠢᠨ 8 ᠤ ᠡᠳᠦᠷ᠂ ᠮᠠᠨ ᠤ ᠠᠶᠢᠮᠠᠭ 2025 ᠣᠨ ᠤ ᠭᠤᠷᠪᠠᠳᠤᠭᠠᠷ ᠬᠤᠭᠤᠴᠠᠭᠠᠨ ᠤ ︽ᠠᠯᠠᠱᠠ ᠶᠢᠨ ᠺᠠᠳ᠋ᠷᠴᠤᠳ ᠤᠨ ᠶᠠᠷᠢᠶᠠᠨ ᠤ ᠲᠠᠩᠬᠢᠮ︾ ᠵᠢᠴᠢ ᠨᠡᠷᠡᠲᠦ ᠬᠥᠮᠦᠰ ᠤᠨ ᠶᠠᠷᠢᠶᠠᠨ ᠤ ᠲᠠᠩᠬᠢᠮ ᠤᠨ ᠲᠤᠰᠬᠠᠢ ᠰᠡᠳᠦᠪᠲᠦ ᠲᠠᠶᠢᠯᠤᠮᠵᠢ ᠶᠢ ᠡᠷᠬᠢᠯᠡᠪᠡ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠦ ᠯᠢ ᠮᠢᠩ ᠰᠤᠷᠤᠯᠴᠠᠯᠭ᠎ᠠ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠮᠥᠩᠬᠡ ᠬᠤᠷᠠᠯ ᠢ ᠡᠷᠭᠢᠯᠡᠪᠡ᠃
1.jpg
     ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠠᠦ᠋ᠲ᠋ᠣᠴᠢᠯᠠᠯᠲᠠ ᠶᠢᠨ ᠳᠡᠭᠡᠳᠦ ᠰᠤᠷᠭᠠᠭᠤᠯᠢ᠂ ᠰᠦᠯᠵᠢᠶᠡᠨ ᠤ ᠣᠷᠣᠨ ᠵᠠᠢ ᠶᠢᠨ ᠠᠮᠤᠷ ᠲᠦᠪᠰᠢᠨ ᠤ ᠳᠡᠭᠡᠳᠦ ᠰᠤᠷᠭᠠᠭᠤᠯᠢ ᠶᠢᠨ ᠫᠷᠤᠹᠧᠰᠰᠤᠷ᠂ ᠰᠢ ᠠᠨ ᠤ ᠴᠧᠨ ᠬᠠᠩ ᠰᠤᠳᠤᠯᠭᠠᠨ ᠤ ᠬᠦᠷᠢᠶᠡᠯᠡᠩ᠂ ᠪᠡᠭᠡᠵᠢᠩ ᠤᠨ ᠳᠣᠣᠷ᠎ᠠ ᠠᠭᠠᠷ ᠤᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠫᠠᠨ ᠴᠢᠤᠸᠠᠨ ︽ᠳᠣᠣᠷ᠎ᠠ ᠠᠭᠠᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠠᠵᠠ ᠲᠣᠬᠢᠶᠠᠯ ᠪᠣᠯᠤᠨ ᠥᠷᠢᠰᠥᠯᠳᠦᠭᠡᠨ︾ ᠬᠡᠬᠦ ᠰᠡᠳᠦᠪ ᠢᠶᠠᠷ ᠠᠷᠠᠳ ᠤᠨ ᠠᠭᠠᠷ ᠤᠨ ᠲᠡᠭᠡᠭᠡᠪᠦᠷᠢ᠂ ᠠᠭᠠᠷ ᠠᠶᠠᠯᠠᠯ ᠪᠠ ᠪᠦᠬᠦ ᠪᠥᠮᠪᠥᠷᠴᠡᠭ ᠤᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠬᠥᠭᠵᠢᠯᠲᠡ ᠶᠢᠨ ᠲᠡᠦᠬᠡᠨ ᠶᠠᠪᠤᠴᠠ ᠠᠴᠠ ᠮᠠᠨ ᠤ ᠤᠯᠤᠰ ᠤᠨ ᠣᠳᠣᠬᠢ ᠱᠠᠲᠤᠨ ᠤ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠠᠵᠤ ᠦᠢᠯᠡᠰ ᠤᠨ ᠪᠠᠶᠢᠳᠠᠯ᠂ ᠳᠠᠪᠠᠭᠤᠯᠢᠭ ᠣᠨᠴᠠᠯᠢᠭ ᠢ ᠵᠠᠳᠠᠯᠵᠤ᠂ ᠳᠣᠣᠷ᠎ᠠ ᠠᠭᠠᠷ ᠤᠨ ᠠᠵᠤ ᠠᠬᠤᠢ ᠶᠢᠨ ᠤᠯᠠᠨ ᠵᠦᠢᠯ ᠤᠨ ᠬᠡᠷᠡᠭᠯᠡᠭᠡᠨ ᠤ ᠪᠠᠶᠢᠳᠠᠯ ᠪᠣᠯᠤᠨ ᠠᠵᠤ ᠦᠢᠯᠡᠰ ᠤᠨ ᠣᠷᠴᠢᠨ ᠢ ᠪᠠᠷᠠᠯᠠᠨ᠂ ᠮᠠᠨ ᠤ ᠠᠶᠢᠮᠠᠭ ᠤᠨ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ︽ᠭᠤᠷᠪᠠᠨ ᠥᠨᠳᠦᠷᠯᠢᠭ︾ ᠢ ᠪᠦᠳᠦᠬᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠵᠠᠢ᠃     ᠲᠠᠶᠢᠯᠤᠮᠵᠢ ᠠᠴᠠ᠂ ᠡᠯ᠎ᠡ ᠬᠤᠰᠢᠭᠤ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠨᠢᠭᠡᠳᠦᠯᠲᠡᠶ ᠲᠥᠯᠥᠪᠵᠢᠭᠦᠯᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠳᠣᠣᠷ᠎ᠠ ᠠᠭᠠᠷ ᠤᠨ ᠣᠷᠣᠨ ᠪᠦᠰᠡ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠬᠡᠷᠡᠭᠯᠡᠭᠡᠨ ᠤ ᠪᠠᠶᠢᠳᠠᠯ ᠢ ᠥᠷᠭᠡᠳᠬᠡᠬᠦ ᠶᠢᠨ ᠬᠠᠮᠲᠤ ᠬᠡᠷᠡᠭᠯᠡᠭᠡᠨ ᠤ ᠬᠡᠯᠪᠡᠷᠢ ᠶᠢ ᠪᠠᠶᠠᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠨᠢᠰᠬᠡᠯ ᠢᠶᠠᠷ ᠣᠶᠢᠵᠢᠭᠤᠯᠬᠤ᠂ ᠵᠢᠯᠣᠭᠤᠴᠢ ᠦᠭᠡᠢ ᠨᠢᠰᠬᠡᠯ ᠢᠶᠠᠷ ᠮᠠᠯ ᠬᠠᠷᠢᠭᠤᠯᠬᠤ᠂ ᠣᠢ ᠰᠢᠭᠤᠶ ᠨᠤᠲᠤᠭ ᠪᠡᠯᠴᠢᠭᠡᠷ ᠤᠨ ᠳᠦᠢᠮᠡᠷ ᠢ ᠰᠡᠷᠭᠡᠶᠢᠯᠡᠨ ᠤᠨᠲᠠᠷᠠᠭᠠᠬᠤ ᠵᠡᠷᠭᠡ ᠬᠦᠷᠢᠶᠡᠨ ᠳᠤ ᠬᠡᠷᠡᠭᠯᠡᠭᠡᠨ ᠤ ᠦᠢᠯᠡᠳᠦᠯᠭᠡ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠳᠣᠣᠷ᠎ᠠ ᠠᠭᠠᠷ ᠤᠨ ᠠᠵᠤ ᠠᠬᠤᠢ ᠶᠢᠨ ᠠᠵᠤ ᠦᠢᠯᠡᠰ ᠤᠨ ᠳᠡᠭᠡᠳᠦ ᠳᠣᠣᠷᠠᠳᠤ ᠬᠡᠯᠬᠢᠶ᠎ᠡ ᠶᠢᠨ ᠬᠥᠭᠵᠢᠯᠲᠡ ᠶᠢᠨ ᠪᠠᠶᠢᠳᠠᠯ ᠢ ᠴᠢᠩᠭ᠎ᠠ ᠠᠩᠬᠠᠷᠴᠤ᠂ ᠠᠭᠠᠷ ᠠᠶᠠᠯᠠᠯ ᠤᠨ ᠦᠢᠯᠡᠳᠬᠦ ᠦᠢᠯᠡᠰ᠂ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠡᠵᠡᠩᠨᠡᠯᠲᠡ᠂ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠦᠢᠯᠡᠴᠢᠯᠡᠭᠡᠨ ᠤ ᠦᠢᠯᠡᠰ᠂ ᠵᠢᠯᠣᠭᠤᠴᠢ ᠦᠭᠡᠢ ᠨᠢᠰᠬᠡᠯ ᠤᠨ ᠠᠵᠤ ᠦᠢᠯᠡᠰ ᠵᠡᠷᠭᠡ ᠡᠷᠬᠢᠨ ᠲᠣᠭᠤᠷᠢᠨ ᠤ ᠠᠵᠤ ᠦᠢᠯᠡᠰ ᠤᠨ ᠬᠥᠭᠵᠢᠯᠲᠡ ᠶᠢ ᠥᠷᠭᠡᠳᠬᠡᠵᠦ᠂ ᠠᠵᠤ ᠠᠬᠤᠢ ᠶᠢᠨ ᠰᠢᠨ᠎ᠡ ᠨᠡᠮᠡᠭᠳᠡᠯ ᠢ ᠬᠦᠴᠦᠯᠡᠨ ᠪᠣᠢ ᠪᠣᠯᠭᠠᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽157︾ ᠰᠡᠳᠬᠢᠴᠡ ᠶᠢ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ᠃     ᠲᠠᠶᠢᠯᠤᠮᠵᠢ ᠶᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠣᠷᠣᠨ ᠳᠤ ᠬᠤᠪᠢᠶᠠᠷᠢ ᠲᠠᠯᠠᠪᠠᠶ ᠲᠤᠬᠢᠷᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号