ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/9
     4 ᠳ᠋ᠦ᠋ᠭᠡᠷ ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ᠂ ᠪᠣᠷᠣᠭᠠᠨ ᠤ ᠤᠰᠤ ᠦᠶᠡᠷ ᠢ ᠠᠰᠢᠭᠯᠠᠬᠤ᠂ ᠬᠤᠲᠠ ᠪᠠᠯᠭᠠᠰᠤᠨ ᠤ ᠤᠰᠤᠨ ᠲᠣᠣᠷ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃     ᠬᠤᠯᠠᠨ ᠤ ᠳᠠᠯ᠎ᠠ ᠪᠣᠯᠤᠨ ᠣᠪᠣᠭᠠᠨ ᠭᠤᠤᠯ ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ᠂ ᠪᠠᠶ ᠬᠠᠶ ᠯᠢᠨ ᠨᠤᠲᠤᠭ ᠪᠡᠯᠴᠢᠭᠡᠷ ᠢ ᠨᠣᠭᠤᠭᠠᠷᠠᠭᠤᠯᠬᠤ᠂ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤ ᠠᠷᠪᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠢ ᠬᠡᠷᠡᠭᠵᠢᠭᠦᠯᠵᠦ᠂ ᠪᠣᠷᠣᠭᠠᠨ ᠤ ᠤᠰᠤ ᠦᠶᠡᠷ ᠤᠨ ᠤᠰᠤ ᠶᠢ ᠠᠰᠢᠭᠯᠠᠬᠤ ᠰᠢᠰᠲ᠋ᠧᠮ ᠢ ᠰᠢᠯᠢᠳᠡᠭᠵᠢᠭᠦᠯᠵᠦ᠂ ᠪᠣᠷᠣᠭᠠᠨ ᠤ ᠣᠰᠣ ᠶᠢ ᠦᠨᠡᠨ ᠬᠦ ᠦᠯᠡᠳᠡᠭᠡᠵᠦ᠂ ᠭᠠᠵᠠᠷ ᠤᠨ ᠭᠠᠳᠠᠷᠭᠤ ᠶᠢᠨ ᠤᠰᠤ ᠶᠢ ᠰᠠᠶᠢᠲᠤᠷ ᠬᠡᠷᠡᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃
1.jpg
    ᠦᠯᠵᠡᠶᠢᠳᠦ ᠪᠤᠯᠠᠭ᠂ ᠪᠠᠶᠠᠨ ᠨᠠᠭᠤᠷ᠂ ᠣᠷᠬᠢᠯᠳᠣ ᠭᠤᠣᠯ ᠪᠣᠯᠤᠨ ᠨᠢᠭᠡᠨ ᠬᠤᠷᠢᠶᠠᠯᠠᠯ ᠤᠨ ᠭᠠᠵᠠᠷ ᠳᠣᠣᠷᠠᠬᠢ ᠲᠡᠷᠭᠡᠨ ᠵᠣᠭᠰᠣᠭᠠᠯ ᠳᠤ᠂ ᠪᠠᠢ ᠬᠠᠢ ᠯᠢᠨ᠂ ᠬᠤᠲᠠ ᠪᠠᠯᠭᠠᠰᠤᠨ ᠤ ᠤᠰᠤᠨ ᠰᠢᠰᠲ᠋ᠧᠮ ᠤᠨ ᠲᠥᠯᠥᠪᠵᠢᠭᠦᠯᠭᠡ ᠶᠢ ᠲᠡᠭᠦᠯᠳᠡᠷᠵᠢᠭᠦᠯᠵᠦ᠂ ᠭᠠᠵᠠᠷ ᠳᠣᠣᠷᠠᠬᠢ ᠤᠰᠤᠨ ᠤ ᠲᠣᠣᠷ ᠢ ᠨᠡᠪᠲᠡᠷᠡᠭᠦᠯᠵᠦ᠂ ᠬᠦᠴᠦᠲᠡᠢ ᠠᠷᠭ᠎ᠠ ᠬᠡᠮᠵᠢᠶ᠎ᠡ ᠠᠪᠴᠤ ᠬᠤᠷᠢᠶᠠᠯᠠᠯ ᠤᠨ ᠤᠰᠤᠨ ᠤ ᠭᠡᠮ ᠰᠣᠭᠤᠭ ᠢ ᠰᠢᠢᠳᠪᠦᠷᠢᠯᠡᠵᠦ᠂ ᠬᠤᠲᠠ ᠪᠠᠯᠭᠠᠰᠤᠨ ᠤ ᠤᠰᠤᠨ ᠰᠢᠰᠲ᠋ᠧᠮ ᠢ ᠥᠩᠭᠡᠷᠡᠭᠰᠡᠨ ᠤ ᠠᠮᠢᠵᠢᠷᠠᠯ ᠤᠨ ᠬᠦᠴᠦᠨ ᠢᠶᠠᠨ ᠳᠠᠬᠢᠨ ᠢᠯᠡᠷᠡᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠬᠡᠷᠡᠭᠲᠡᠢ ᠭᠡᠵᠡᠢ᠃
2.jpg
    ᠠᠯᠠᠱᠠ ᠵᠡᠭᠦᠨ ᠬᠤᠰᠢᠭᠤᠨ ᠤ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ᠂ ᠪᠠᠶ ᠬᠠᠶ ᠯᠢᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠴᠢᠨᠰᠠᠭ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ᠃ ᠶᠣᠰᠣ ᠰᠤᠷᠲᠠᠬᠤᠨ ᠤ ᠬᠥᠮᠦᠵᠢᠯ ᠪᠡᠶ᠎ᠡ ᠶᠢᠨ ᠲᠠᠮᠢᠷ ᠤᠨ ᠬᠥᠮᠦᠵᠢᠯ ᠢ ᠴᠢᠬᠤᠯᠠᠴᠢᠯᠠᠵᠤ᠂ ᠰᠤᠷᠭᠠᠭᠤᠯᠢ ᠶᠢᠨ ᠬᠦᠷᠢᠶᠡᠨ ᠤ ᠬᠤᠭᠤᠯᠠᠨ ᠤ ᠲᠤᠰᠬᠠᠢ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠰᠤᠷᠤᠭᠴᠢᠳ ᠤᠨ ᠠᠮᠢᠳᠤᠷᠠᠯ ᠪᠣᠯᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ᠂ ᠬᠡᠦᠬᠡᠳ ᠢ ᠰᠠᠨᠠᠭ᠎ᠠ ᠠᠮᠤᠷ ᠰᠤᠷᠤᠯᠴᠠᠭᠤᠯᠵᠤ᠂ ᠡᠷᠡᠭᠦᠯ ᠢᠶᠠᠷ ᠦᠰᠦᠨ ᠪᠤᠶᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠠᠯᠠᠱᠠ ᠵᠡᠭᠦᠨ ᠬᠤᠰᠢᠭᠤᠨ ᠤ ᠲᠠᠪᠤᠳᠤᠭᠠᠷ᠂ ᠨᠠᠢᠮᠠᠳᠤᠭᠠᠷ ᠬᠡᠦᠬᠡᠳ ᠤᠨ ᠴᠡᠴᠡᠷᠯᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠢ ᠬᠠᠢ ᠯᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠢᠨᠵᠧᠨᠧᠷᠢᠩ ᠤᠨ ᠶᠠᠰᠤ ᠴᠢᠨᠠᠷ ᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
3.jpg
     ᠬᠤᠯᠠᠳᠠᠬᠢᠨ ᠢ ᠲᠣᠭᠲᠠᠭᠠᠭᠴᠢ ᠬᠤᠷᠢᠶ᠎ᠠ ᠳᠤ᠂ ᠪᠠᠢ ᠬᠠᠢ ᠯᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠰᠢᠭᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠤᠯᠤᠰ ᠤᠨ ᠲᠡᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠰᠠᠭᠤᠷᠢ ᠲᠥᠬᠦᠭᠡᠷᠦᠮᠵᠢ ᠶᠢᠨ ᠲᠤᠲᠠᠭᠳᠠᠯ ᠪᠣᠯᠤᠨ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠠᠰᠠᠭᠤᠳᠠᠯ ᠢ ᠰᠢᠢᠳᠪᠦᠷᠢᠯᠡᠵᠦ᠂ ᠦᠵᠡᠮᠵᠢ ᠬᠤᠳᠠ ᠶᠢ ᠨᠢᠭᠡ ᠴᠤᠬᠴᠠᠵᠢᠭᠤᠯᠤᠬᠰᠠᠨ ᠰᠢᠨ᠎ᠡ ᠨᠡᠷ᠎ᠡ ᠶᠢᠨ ᠬᠠᠭᠤᠳᠠᠰᠤ ᠶᠢ ᠲᠦᠷᠭᠡᠨ ᠪᠣᠢ ᠪᠣᠯᠭᠠᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
4.jpg
    ᠠᠯᠠᠱᠠ ᠵᠡᠭᠦᠨ ᠬᠤᠰᠢᠭᠤᠨ ᠤ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ ᠳᠤ᠂ ᠪᠠᠶ ᠬᠠᠶ ᠯᠢᠨ ᠮᠦᠽᠧᠶ ᠳᠤ ᠬᠠᠳᠠᠭᠠᠯᠠᠵᠤ ᠪᠠᠶᠢᠭ᠎ᠠ ᠲᠡᠤᠬᠡ ᠶᠢᠨ ᠲᠠᠩᠰᠠ ᠡᠪᠬᠡᠮᠡᠯ ᠤᠨ ᠮᠠᠲ᠋ᠧᠷᠢᠶᠠᠯ ᠢ ᠬᠠᠳᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ᠂ ᠠᠯᠠᠱᠠ ᠶᠢᠨ ᠲᠡᠤᠬᠡ ᠰᠣᠶᠣᠯ ᠤᠨ ᠮᠠᠲ᠋ᠧᠷᠢᠶᠠᠯ ᠡᠷᠬᠢᠮ ᠨᠠᠨᠳᠢᠨ ᠦᠨ᠎ᠡ ᠴᠡᠨ᠎ᠡ  ᠲᠠᠢ ᠪᠠᠶᠢᠵᠦ᠂ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠨᠠᠷᠢᠯᠢᠬᠵᠢᠭᠤᠯᠤᠨ ᠬᠠᠮᠢᠶᠠᠷᠬᠤ ᠪᠠᠨ ᠴᠢᠩᠭᠠᠳᠬᠠᠵᠤ᠂ ᠠᠯᠠᠱᠠ ᠶᠢᠨ ᠲᠡᠤᠬᠡ ᠶᠢᠨ ᠬᠤᠪᠣᠷ ᠨᠠᠨᠳᠢᠨ ᠰᠠᠭᠤᠭᠳᠠᠯ ᠢ ᠦᠯᠡᠳᠡᠭᠡᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠤᠨ ᠠᠯᠠᠱᠠ ᠶᠢᠨ ᠥᠯᠢᠭᠡᠷ ᠢ ᠰᠠᠶᠢᠲᠤᠷ ᠶᠠᠷᠢᠬᠤ ᠬᠡᠷᠡᠭᠲᠡᠶ ᠭᠡᠵᠦ ᠴᠢᠬᠤᠯᠠᠴᠢᠯᠠᠪᠠ᠃
5.jpg
    ᠯᠢᠦ ᠴᠥᠩ ᠰᠢᠶᠤᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号