ᠬᠤᠸᠠᠩ ᠶᠠ ᠯᠢ ᠪᠠᠢ ᠬᠠᠢ ᠯᠢᠨ ᠭᠤᠸᠠᠩᠳᠦ᠋ᠩ ᠤᠨ ᠵᠦᠵᠢᠶᠠᠩ ᠤᠨ ᠪᠡᠯᠡ ᠣᠷᠣᠭᠤᠯᠤᠯᠲᠠ ᠬᠠᠮᠢᠶᠠᠷᠣᠯᠳᠠ  ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠦ ᠢ ᠬᠠᠩ᠂ ᠶᠡᠷᠦᠩᠬᠡᠢ ᠵᠠᠬᠢᠷᠣᠯ ᠯᠢ ᡁᠢ ᠬᠤᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2025/4/9
    4 ᠰᠠᠷ᠎ᠠ ᠶᠢᠨ 8 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠭᠤᠸᠠᠩᠳᠦ᠋ᠩ ᠤᠨ ᠵᠦᠵᠢᠶᠠᠩ ᠤᠨ ᠪᠠᠯᠠ ᠣᠷᠣᠭᠤᠯᠤᠯᠲᠠ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠦ ᠢ ᠬᠠᠩ᠂ ᠶᠡᠷᠦᠩᠬᠡᠶ ᠵᠠᠬᠢᠷᠣᠯ ᠯᠢ ᡁᠢ ᠬᠤᠩ ᠨᠠᠷ ᠲᠠᠢ ᠠᠭᠤᠯᠵᠠᠪᠠ᠃
1.jpg
      ᠬᠤᠸᠠᠩ ᠶᠠ ᠯᠢ ᠵᠦ ᠢ ᠬᠠᠩ᠂ ᠯᠢ ᡁᠢ ᠬᠤᠩ ᠨᠠᠷ ᠤᠨ ᠠᠯᠠᠱᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠢᠨ ᠠᠭᠤᠷᠬᠠᠢ ᠶᠢᠨ ᠡᠬᠢ ᠪᠠᠶᠠᠯᠢᠭ ᠡᠯᠪᠡᠭ᠂ ᠠᠵᠤ ᠦᠢᠯᠡᠳᠪᠦᠷᠢ ᠶᠢᠨ ᠰᠠᠭᠤᠷᠢ ᠪᠠᠲᠤᠲᠠᠶ᠂ ᠪᠣᠭᠤᠮᠲᠠ ᠶᠢᠨ ᠨᠡᠭᠡᠭᠡᠯᠲᠡ ᠶᠢᠨ ᠳᠠᠪᠠᠭᠤᠯᠢᠭ ᠲᠣᠪᠤᠶᠢᠮ᠎ᠠ ᠪᠠᠶᠢᠵᠤ᠂ ︽ᠰᠢᠨᠵᠢᠶᠠᠩ ᠤᠨ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ︾ ᠪᠠ ︽ᠮᠣᠩᠭᠤᠯ ᠤᠨ ᠨᠡᠭᠦᠷᠡᠰᠦ ᠶᠢ ᠬᠢᠯᠢ ᠪᠠᠷ ᠣᠷᠣᠭᠤᠯᠬᠤ︾ ᠴᠢᠬᠤᠯᠠ ᠵᠠᠩᠭᠢᠯᠠᠭ᠎ᠠ ᠶᠢᠨ ᠴᠡᠭ ᠲᠤ ᠪᠠᠶᠢᠷᠢᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠬᠦ ᠪᠠ ᠭᠠᠳᠠᠭᠠᠳᠤ ᠨᠡᠭᠡᠭᠡᠯᠲᠡ ᠶᠢ ᠥᠷᠭᠡᠳᠬᠡᠬᠦ ᠪᠣᠯ ᠮᠠᠨ ᠤ ᠠᠶᠢᠮᠠᠭ ᠤᠨ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠤᠨ᠎ᠠ᠃ ᠣᠳᠣᠬᠠᠨ ᠳᠤ᠂ ᠮᠠᠨ ᠤ ᠠᠶᠢᠮᠠᠭ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠤᠯᠤᠰ ᠤᠨ ᠲᠠᠰ ᠤᠨ ᠨᠡᠭᠦᠷᠡᠰᠦᠨ ᠤ ᠡᠬᠢ ᠪᠠᠶᠠᠯᠢᠭ ᠢ ᠬᠠᠳᠠᠭᠠᠯᠠᠵᠤ ᠲᠣᠬᠢᠷᠠᠭᠤᠯᠬᠤ ᠠᠷᠠᠯᠵᠢᠶᠠᠨ ᠤ ᠰᠠᠭᠤᠷᠢᠨ ᠭᠠᠵᠠᠷ ᠢ ᠲᠦᠷᠬᠡᠨ ᠪᠠᠶᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠥᠬᠦ ᠬᠦᠴᠦᠨ ᠢᠶᠠᠷ ᠢᠶᠠᠨ ᠪᠤᠶᠢᠵᠢᠭᠤᠯᠵᠤ ᠪᠠᠶᠢᠨ᠎ᠠ᠃ ᠭᠤᠸᠠᠩᠳᠦ᠋ᠩ ᠤᠨ ᠵᠦᠵᠢᠶᠠᠩ ᠤᠨ ᠪᠡᠯᠡ ᠣᠷᠣᠭᠤᠯᠤᠯᠲᠠ ᠬᠠᠮᠢᠶᠠᠷᠤᠯᠲᠠ ᠶᠢᠨ ᠪᠦᠯᠦᠭᠯᠡᠯ ᠨᠢ ᠡᠨᠧᠷᠭᠢ ᠶᠢᠨ ᠪᠡᠯᠡ ᠣᠷᠣᠭᠤᠯᠤᠯᠲᠠ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ᠂ ᠠᠭᠤᠷᠬᠠᠢ ᠶᠢᠨ ᠭᠠᠷᠤᠯᠲᠠ ᠶᠢ ᠨᠠᠷᠢᠯᠢᠭ ᠪᠣᠯᠪᠠᠰᠣᠷᠠᠭᠤᠯᠬᠤ ᠵᠡᠷᠭᠡ ᠬᠦᠷᠢᠶᠡᠨ ᠳᠤ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠲᠠᠢ᠂ ᠪᠡᠯᠡ ᠣᠷᠣᠭᠤᠯᠤᠯᠲᠠ ᠶᠢᠨ ᠪᠠᠶᠢᠷᠢᠰᠢᠭᠤᠯᠤᠯ ᠨᠢ ᠠᠯᠠᠱᠠ ᠶᠢᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠣᠷᠣᠨ ᠨᠤᠲᠤᠭ ᠪᠣᠯᠤᠨ ᠠᠵᠤ ᠠᠬᠤᠶᠢᠯᠠᠯ ᠤᠨ ᠬᠥᠭᠵᠢᠯᠲᠡ ᠳᠤ ᠣᠷᠣᠨ ᠵᠠᠢ ᠶᠢ ᠥᠷᠭᠡᠳᠬᠡᠵᠦ᠂ ᠠᠮᠢᠵᠢᠷᠠᠯ ᠤᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠠ᠃
2.jpg
     ᠵᠦ ᠢ ᠬᠠᠩ ᠠᠯᠠᠱᠠ ᠶᠢᠨ ᠬᠢᠨ ᠤ ᠭᠤᠸᠠᠩᠳᠦ᠋ᠩ ᠤᠨ ᠵᠦᠵᠢᠶᠠᠩ ᠤᠨ ᠪᠡᠯᠡ ᠣᠷᠣᠭᠤᠯᠤᠯᠲᠠ ᠬᠠᠮᠢᠶᠠᠷᠤᠯᠲᠠ ᠶᠢᠨ ᠪᠦᠯᠦᠭᠯᠡᠯ ᠳᠤ ᠦᠵᠡᠬᠦᠯᠦᠭᠰᠡᠨ ᠳᠡᠮᠵᠢᠯᠭᠡ ᠪᠠ ᠢᠲᠡᠭᠡᠯ ᠳᠤ ᠲᠠᠯᠠᠷᠬᠠᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠲᠠᠢ ᠢᠳᠡᠪᠬᠢᠲᠡᠢ ᠠᠭᠤᠰᠤᠯᠴᠠᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠪᠣᠳᠠᠲᠠᠢ ᠶᠢ ᠡᠷᠬᠢᠮᠯᠡᠨ ᠠᠬᠢᠭᠤᠯᠵᠤ᠂ ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠬᠠᠷᠢᠯᠴᠠᠨ ᠠᠰᠢᠭᠲᠠᠢ ᠪᠠᠶᠢᠬᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠪᠡ᠃
3.jpg
     ᠠᠭᠤᠯᠵᠠᠯᠲᠠ ᠶᠢᠨ ᠳᠠᠷᠠᠭ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠭᠤᠸᠠᠩᠳᠦ᠋ᠩ ᠤᠨ ᠵᠦᠵᠢᠶᠠᠩ ᠤᠨ ᠪᠡᠯᠡ ᠣᠷᠣᠭᠤᠯᠤᠯᠲᠠ ᠬᠠᠮᠢᠶᠠᠷᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︽ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠪᠠ᠃     ᠠᠶᠢᠮᠠᠭ ᠤᠨ ᠤᠳᠤᠷᠢᠳᠤᠯᠭ᠎ᠠ ᠯᠢᠦ ᡁᠢ ᠴᠢᠶᠠᠩ᠂ ᠪᠦᠦ ᠶᠧ ᠠᠭᠤᠯᠵᠠᠯᠲᠠ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号