ᠣᠶᠢᠷ᠎ᠠ ᠳᠤ᠂ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠷᠠᠳ ᠣᠯᠠᠨ ᠤ ︽ᠡᠮᠨᠡᠯᠭᠡ ᠶᠢᠨ | ᠬᠤᠷᠢᠶᠠᠨ ᠳᠤ ᠣᠴᠢᠵᠤ ᠮᠥᠷᠯᠡᠬᠦ ᠴᠠᠭ ᠤᠷᠲᠤ︾᠂ ︽ᠡᠮ ᠬᠤᠳᠠᠯᠳᠤᠨ ᠠᠪᠬᠤ ᠳᠤ ᠳᠥᠭᠦᠮ ᠦᠭᠡᠢ︾ ᠵᠡᠷᠭᠡ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠮ ᠡᠮᠨᠡᠯᠭᠡ ᠶᠢᠨ ᠦᠢᠯᠡᠴᠢᠯᠡᠭᠡᠨ ᠤ ᠠᠷᠭ᠎ᠠ | ᠮᠠᠶ᠋ᠢᠭ ᠲᠤ ᠢᠳᠡᠪᠬᠢᠲᠡᠢ ᠪᠠᠷ ᠰᠢᠨ᠎ᠡ ᠶᠢ ᠡᠬᠦᠳᠦᠨ᠂ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ | ᠤᠷᠤᠭᠤᠯᠬᠤ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠭᠡᠵᠦ᠂ ᠣᠯᠠᠨ ᠲᠦᠮᠡᠨ ᠭᠡᠷ ᠤᠨ | ᠤᠶᠢᠷᠠᠯᠴᠠᠭ᠎ᠠ ᠠᠴᠠ ᠶᠠᠰᠤ ᠴᠢᠨᠠᠷ ᠨᠢ ᠨᠠᠶᠢᠳᠠᠪᠤᠷᠢᠲᠠᠢ᠂ ᠦᠨ᠎ᠡ ᠬᠠᠩᠰᠢ ᠨᠢ ᠬᠠᠷᠠᠭᠠᠯᠵᠠᠯ ᠲᠠᠢ ᠡᠮ ᠤᠨ ᠵᠦᠢᠯᠡᠰ ᠢ | ᠬᠤᠳᠠᠯᠳᠤᠨ ᠠᠪᠴᠤ ᠳᠡᠶᠢᠯᠬᠦ ᠶᠢ ᠪᠠᠳᠤᠯᠠᠨ᠂ ᠣᠯᠠᠨ ᠲᠦᠮᠡᠨ ᠤ ᠡᠮ ᠬᠤᠳᠠᠯᠳᠤᠨ ᠠᠪᠬᠤ ᠳᠠᠷᠤᠭᠠᠰᠤ ᠶᠢ | ᠬᠦᠩᠭᠡᠷᠡᠬᠦᠯᠵᠦ ᠪᠠᠶᠢᠨ᠎ᠠ᠃ | ᠪᠠᠶᠠᠨᠬᠤᠲᠠ ᠶᠢᠨ ᠰᠠᠭᠤᠭᠠᠯᠢ ᠠᠷᠠᠳ ᠭᠦᠸᠧ ᠶᠢᠨ ᡁᠢ ᠪᠤᠯ ᠠᠷᠬᠠᠭ ᠡᠪᠡᠳᠴᠢᠲᠡᠨ ᠪᠣᠯᠬᠤᠷ ᠴᠢᠰᠤᠨ | ᠳᠠᠷᠤᠯᠲᠠ᠂ ᠵᠢᠷᠦᠬᠡᠨ ᠡᠪᠡᠳᠴᠢᠨ᠂ ᠲᠠᠷᠢᠬᠢᠨ ᠤ ᠡᠪᠡᠳᠴᠢᠨ ᠢ ᠵᠠᠰᠠᠬᠤ ᠡᠮ ᠢ ᠣᠷᠳᠣ ᠬᠤᠭᠤᠴᠠᠭ᠎ᠠ ᠪᠠᠷ | ᠤᠤᠭᠤᠵᠤ ᠪᠠᠶᠢᠳᠠᠭ᠃ ᠲᠡᠷᠡ ᠰᠤᠷᠪᠤᠯᠵᠢᠯᠠᠭᠴᠢ ᠳᠤ᠄ ︽ᠲᠥᠪᠯᠡᠷᠡᠭᠦᠯᠦᠨ ᠬᠤᠳᠠᠯᠳᠤᠨ ᠤᠷᠤᠭᠤᠯᠬᠤ ᠶᠢᠨ | ᠪᠦᠷᠬᠦᠴᠡ ᠶᠢ ᠦᠷᠬᠡᠳᠭᠡᠭᠰᠡᠨ ᠢᠶᠠᠷ ᠪᠢ ᠡᠮᠨᠡᠯᠭᠡ ᠶᠢᠨ ᠬᠤᠷᠢᠶᠠᠨ ᠳᠤ ᠣᠴᠢᠵᠤ ᠮᠥᠷᠯᠡᠨ ᠳ᠋ᠤᠭᠠᠷᠯᠠᠬᠤ ᠴᠢᠬᠤᠯᠠ | ᠦᠭᠡᠢ ᠪᠣᠯᠵᠠᠢ᠂ ᠡᠨᠡ ᠬᠦ ᠤᠯᠠᠭᠠᠨ ᠳᠡᠪᠲᠡᠷ ︵ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ | ᠲᠤᠰᠬᠠᠢ ᠭᠠᠷ ᠳᠡᠪᠲᠡᠷ︶ ᠢ ᠠᠪᠤᠭᠠᠳ ᠭᠡᠷ ᠤᠨ ᠤᠶᠢᠷᠠᠯᠴᠠᠭ᠎ᠠ ᠡᠮ ᠤᠨ ᠳᠡᠯᠭᠡᠭᠦᠷ ᠠᠴᠠ ᠡᠮᠨᠡᠯᠭᠡ ᠶᠢᠨ | ᠬᠤᠷᠢᠶ᠎ᠠ ᠲᠠᠢ ᠠᠳᠠᠯᠢᠬᠠᠨ ᠦᠨ᠎ᠡ ᠪᠠᠷ ᠡᠮ ᠬᠤᠳᠠᠯᠳᠤᠨ ᠠᠪᠴᠤ ᠳᠡᠶᠢᠯᠬᠦ ᠪᠣᠯᠵᠠᠢ᠂ ᠡᠨᠡ ᠨᠢ ᠦᠨᠡᠬᠡᠷ ᠠᠷᠠᠳ | ᠣᠯᠠᠨ ᠳᠤ ᠲᠥᠬᠦᠮ ᠦᠵᠡᠭᠦᠯᠦᠭᠰᠡᠨ ᠪᠠᠶᠢᠨ᠎ᠠ︾ ᠭᠡᠵᠦ ᠪᠠᠶᠠᠷᠯᠠᠨ ᠶᠠᠷᠢᠨ᠎ᠠ᠃ | ᠠᠯᠠᠱᠠ ᠠᠶᠢᠮᠠᠭ ᠤᠨ ᠡᠮ ᠡᠮᠨᠡᠯᠭᠡ ᠶᠢᠨ ᠠᠷᠠᠳ ᠢᠷᠭᠡᠳ ᠤᠨ ᠲᠣᠮᠣ ᠡᠮ ᠤᠨ ᠳᠡᠯᠭᠡᠭᠦᠷ ᠨᠢ ᠪᠥᠬᠦ | ᠠᠶᠢᠮᠠᠭ ᠲᠤ ᠨᠡᠶᠢᠲᠡ 50 ᠳᠡᠯᠭᠡᠭᠦᠷ ᠲᠠᠢ ᠪᠥᠭᠡᠳ ᠴᠥᠮ ᠭᠤᠣᠯ ᠵᠡᠭᠡᠯᠢ ᠭᠤᠳᠤᠮᠵᠢ ᠵᠢᠴᠢ ᠤᠷᠤᠨ | ᠰᠠᠭᠤᠴᠠ ᠶᠢᠨ ᠲᠣᠭᠤᠷᠢᠭ ᠤᠨ ᠬᠠᠪᠢ ᠳᠤ ᠲᠠᠷᠬᠠᠵᠤ ᠪᠣᠶ᠃ ᠨᠢᠳᠤᠨᠤᠨ᠂ ᠮᠠᠨ ᠤ ᠠᠶᠢᠮᠠᠭ 5 ᠡᠮ ᠤᠨ | ᠳᠡᠯᠭᠡᠭᠦᠷ ᠢ ᠨᠢ ︽ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠤᠷᠤᠭᠤᠯᠬᠤ ᠴᠡᠭ ᠢᠶᠠᠷ ᠲᠣᠭᠲᠠᠭᠠᠭᠰᠠᠨ | ᠡᠮ ᠤᠨ ᠳᠡᠯᠭᠡᠭᠦᠷ︾ ᠲᠤ ᠤᠷᠤᠭᠤᠯᠵᠤ᠂ ᠡᠨᠡ ᠵᠢᠯ ᠠᠯᠠᠱᠠ ᠠᠶᠢᠮᠠᠭ ᠤᠨ ᠡᠮ ᠡᠮᠨᠡᠯᠭᠡ ᠶᠢᠨ ᠠᠷᠠᠳ ᠢᠷᠬᠡᠳ ᠤᠨ | ᠲᠣᠮᠣ ᠡᠮ ᠤᠨ ᠳᠡᠯᠭᠡᠭᠦᠷ ᠤᠨ ᠪᠣᠶ ᠪᠦᠬᠦᠢ ᠳᠡᠯᠭᠡᠭᠦᠷ ᠢ ᠴᠥᠮ ᠡᠮ ᠤᠨ ᠵᠦᠢᠯᠡᠰ ᠢ ᠲᠥᠪᠯᠡᠷᠡᠭᠦᠯᠦᠨ | ᠬᠤᠳᠠᠯᠳᠤᠨ ᠤᠷᠤᠭᠤᠯᠬᠤ ᠴᠡᠭ ᠢᠶᠠᠷ ᠲᠣᠭᠲᠠᠭᠠᠭᠰᠠᠨ ᠡᠮ ᠤᠨ ᠳᠡᠯᠭᠡᠭᠦᠷ ᠲᠤ ᠣᠷᠣᠭᠤᠯᠵᠤ᠂ ᠠᠷᠠᠳ ᠤᠯᠠᠨ | ᠤ ᠣᠶᠢᠷ᠎ᠠ ᠬᠠᠪᠢ ᠳᠠᠭᠠᠨ ᠴᠢᠨᠠᠷ ᠰᠠᠶᠢᠲᠠᠢ ᠦᠨ᠎ᠡ ᠬᠢᠮᠳᠠ ᠡᠮ ᠤᠨ ᠵᠦᠢᠯᠡᠰ ᠢ ᠬᠤᠳᠠᠯᠳᠤᠨ ᠠᠪᠬᠤ ᠳᠤ | ᠲᠥᠬᠦᠮ ᠦᠵᠡᠭᠦᠯᠪᠡ᠃ | 2024 ᠣᠨ ᠤ 6 ᠰᠠᠷ᠎ᠠ ᠳᠤ ︽ᠡᠮ ᠤᠨ ᠵᠦᠢᠯᠡᠰ ᠢ ᠡᠮ ᠤᠨ ᠳᠡᠯᠭᠡᠭᠦᠷ ᠲᠤ ᠳᠦᠪᠯᠡᠷᠡᠬᠦᠯᠦᠨ ᠬᠤᠳᠠᠯᠳᠤᠨ | ᠤᠷᠤᠭᠤᠯᠬᠤ︾ ᠠᠵᠢᠯ ᠢ ᠬᠡᠷᠡᠭᠵᠢᠭᠦᠯᠦᠭᠰᠡᠨ ᠠᠴᠠ ᠨᠠᠭᠠᠰᠢ᠂ ᠪᠥᠬᠦ ᠠᠶᠢᠮᠠᠭ ᠲᠤ ᠰᠢᠬᠢᠷ ᠰᠢᠵᠢᠩ ᠡᠪᠡᠳᠴᠢᠨ᠂ | ᠴᠢᠰᠤᠨ ᠳᠠᠷᠤᠯᠲᠠ ᠥᠨᠳᠥᠷ ᠡᠪᠡᠳᠴᠢᠨ᠂ ᠦᠷᠪᠢᠰᠦᠯ ᠢ ᠳᠠᠷᠤᠬᠤ᠂ ᠬᠠᠷᠰᠢᠬᠤ ᠶᠢ ᠡᠰᠡᠷᠭᠦᠴᠡᠬᠦ ᠵᠡᠷᠭᠡ ᠡᠮ ᠤᠨ | ᠵᠦᠢᠯ ᠢ ᠨᠡᠶᠢᠲᠡ 3 ᠲᠦᠮᠡ ᠭᠠᠷᠤᠢ ᠬᠠᠶᠢᠷᠴᠠᠭ ᠦᠨ᠎ᠡ ᠶᠢᠨ ᠵᠥᠷᠢᠶ᠎ᠡ ᠦᠭᠡᠢ ᠪᠠᠷ ᠪᠣᠷᠣᠯᠠᠭᠤᠯᠵᠤ᠂ | ᠡᠪᠡᠳᠴᠢᠲᠡᠨ ᠤ ᠡᠮ ᠬᠤᠳᠠᠯᠳᠤᠨ ᠠᠪᠬᠤ ᠵᠠᠷᠤᠳᠠᠯ ᠤᠨ ᠳᠠᠷᠤᠭᠠᠰᠤ ᠶᠢ 50 ᠭᠠᠷᠤᠢ ᠲᠦᠮᠡᠨ ᠲᠥᠭᠦᠷᠢᠭ | ᠬᠥᠩᠭᠡᠷᠡᠭᠦᠯᠪᠡ᠃ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ︽ᠤᠷᠢᠳᠠᠪᠠᠷ ᠲᠤᠷᠰᠢᠯᠲᠠ ᠬᠢᠵᠦ᠂ | ᠴᠡᠭ ᠢᠶᠠᠷ ᠨᠡᠶᠢᠳᠡᠮ ᠢ ᠳᠠᠶᠢᠴᠢᠯᠠᠨ᠂ ᠪᠦᠬᠦᠯᠢ ᠴᠣᠭᠴᠠ ᠪᠠᠷ ᠠᠬᠢᠭᠤᠯᠬᠤ︾ ᠠᠯᠬᠤᠮ ᠳᠠᠷᠠᠭ᠎ᠠ ᠶᠣᠰᠣᠭᠠᠷ᠂ | ᠤᠤᠯ ᠤᠨ ᠡᠮ ᠤᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠤᠷᠤᠭᠤᠯᠬᠤ ᠴᠡᠭ ᠢᠶᠠᠷ ᠲᠣᠭᠲᠠᠭᠠᠭᠰᠠᠨ 12 | ᠪᠣᠷᠤᠯᠠᠭᠤᠯᠭ᠎ᠠ ᠶᠢᠨ ᠭᠤᠣᠯ ᠴᠣᠭᠴᠠ ᠶᠢ ᠰᠠᠶᠢᠨ ᠳᠤᠷ᠎ᠠ ᠠᠴᠠ ᠪᠠᠨ ᠣᠷᠣᠯᠴᠠᠭᠰᠠᠨ ᠡᠮ ᠡᠮᠨᠡᠯᠭᠡ ᠶᠢᠨ | ᠳᠠᠭᠠᠳᠬᠠᠯ ᠤᠨ ᠴᠡᠭ ᠢᠶᠠᠷ ᠲᠣᠭᠲᠠᠭᠠᠭᠰᠠᠨ 101 ᠳᠡᠯᠭᠡᠭᠦᠷ ᠪᠤᠯᠭᠠᠨ ᠥᠷᠭᠡᠳᠭᠡᠬᠦ ᠶᠢᠨ ᠬᠠᠮᠲᠤ ᠡᠮ ᠤᠨ | ᠵᠦᠢᠯᠡᠰ ᠤᠨ ᠪᠣᠷᠤᠯᠠᠭᠤᠯᠭ᠎ᠠ ᠶᠢᠨ ᠭᠠᠷᠴᠠᠭ ᠢ 55 ᠡᠮ ᠤᠨ ᠵᠦᠢᠯᠡᠰ ᠠᠴᠠ 72 ᠡᠮ ᠤᠨ ᠵᠦᠢᠯᠡᠰ ᠪᠤᠯᠭᠠᠨ | ᠥᠷᠭᠡᠳᠭᠡᠵᠦ᠂ 15 ᠡᠮᠴᠢᠯᠡᠭᠡᠨ ᠤ ᠬᠦᠷᠢᠶᠡᠨ ᠳᠤ ᠬᠡᠷᠡᠭᠯᠡᠬᠦ ᠡᠮ ᠢ ᠬᠠᠮᠤᠷᠴᠤ᠂ ᠤᠯᠠᠨ ᠲᠦᠮᠡᠨ ᠤ ︽ᠡᠮ | ᠬᠤᠳᠠᠯᠳᠤᠨ ᠠᠪᠬᠤ ᠳᠤ ᠲᠦᠭᠦᠮ ᠪᠠᠶᠢᠬᠤ᠂ ᠬᠢᠮᠳᠠ ᠡᠮ ᠬᠤᠳᠠᠯᠳᠤᠨ ᠠᠪᠬᠤ᠂ ᠴᠢᠨᠠᠷ ᠰᠠᠶᠢᠲᠠᠢ ᠡᠮ ᠬᠡᠷᠡᠭᠯᠡᠬᠦ︾ | ᠬᠡᠷᠡᠭᠴᠡᠭᠡ ᠶᠢ ᠬᠠᠩᠭᠠᠭᠰᠠᠨ ᠪᠠᠶᠢᠨ᠎ᠠ᠃ |