4 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ 3 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠶᠣᠰᠣᠭᠠᠷ᠂ ᠳᠡᠭᠡᠷ᠎ᠡ ᠨᠢᠭᠡ ᠡᠭᠡᠯᠵᠢ ᠶᠢᠨ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠳᠤ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ᠂ ︽ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ︾ ᠤᠨ ᠶᠡᠷᠦᠩᠬᠡᠶᠢᠯᠡᠭᠰᠡᠨ | ᠵᠠᠰᠠᠯᠲᠠ ᠵᠡᠷᠭᠡ ᠶᠢ ᠴᠢᠩᠭ᠎ᠠ ᠠᠩᠬᠠᠷᠴᠤ᠂ ᠲᠤᠪᠤᠶᠢᠮ᠎ᠠ ᠠᠰᠠᠭᠤᠳᠠᠯ ᠢ ᠲᠦᠷᠭᠡᠨ ᠴᠡᠭᠴᠡᠯᠡᠨ ᠵᠠᠰᠠᠬᠤ ᠬᠡᠷᠡᠭᠲᠡᠢ᠃ | ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠢᠭᠡ ᠱᠤᠭᠤᠮ︾ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠲᠣᠭᠲᠡᠴᠡ ᠪᠠᠷ ᠭᠠᠷᠳᠡᠴᠡ ᠪᠣᠯᠭᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤᠮᠳᠠᠬᠢ ᠳᠤᠲᠠᠭᠤᠳᠠᠯ ᠪᠠᠭᠤᠷᠠᠶ ᠲᠠᠯ᠎ᠠ ᠶᠢ ᠭᠦᠨᠵᠡᠭᠡᠶ ᠪᠠᠶᠢᠴᠠᠭᠠᠨ | ᠳᠡᠯᠭᠡᠵᠦ᠂ ᠬᠠᠨᠳᠤᠯᠭᠠᠲᠤ ᠴᠢᠨᠠᠷᠲᠠᠶ ᠪᠠᠷ ᠨᠥᠬᠦᠪᠥᠷᠢᠯᠡᠨ ᠳᠡᠭᠡᠭᠰᠢᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠯᠠᠨ ᠤᠯᠤᠰ ᠤᠨ ᠦᠢᠯᠡᠳᠪᠦᠷᠢ ᠬᠤᠳᠠᠯᠳᠤᠭᠠᠨ ᠤ | ᠡᠲᠡᠭᠡᠳ ᠤᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠭᠠᠳᠠᠭᠠᠳᠤ ᠪᠠᠯᠠ ᠶᠢ ᠲᠣᠭᠲᠠᠪᠤᠷᠢᠵᠢᠭᠤᠯᠬᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ | ᠂ ᠮᠠᠨ ᠤ ᠣᠷᠣᠨ ᠤ ᠭᠠᠳᠠᠭᠰᠢ ᠬᠠᠨᠳᠤᠭᠤᠯᠤᠭᠰᠠᠨ ᠠᠵᠤ ᠠᠬᠤᠶ ᠶᠢᠨ ᠬᠡᠮᠵᠢᠶ᠎ᠡ ᠪᠠᠭ᠎ᠠ᠂ ᠬᠡᠪᠴᠢᠶ᠎ᠡ ᠢᠪᠴᠤᠤ᠂ | ᠬᠥᠭᠵᠢᠶᠡᠨᠳᠠᠢ ᠪᠢᠰᠢ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠠᠷᠪᠠᠨ ᠶᠡᠭᠡ ᠠᠵᠤ ᠦᠢᠯᠡᠰ ᠤᠨ ᠪᠦᠯᠦᠭᠵᠢᠯ︾ ᠤᠨ ᠲᠣᠭᠤᠷᠢᠨ ᠳᠤ ᠭᠠᠳᠠᠭᠠᠳᠤ ᠪᠠᠯᠠ ᠶᠢ ᠣᠷᠣᠭᠤᠯᠤᠨ | ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠳᠡᠯᠡᠬᠡᠶᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠬᠦᠴᠦᠨ ᠤᠷᠤᠭᠤᠯᠤᠨ ᠪᠣᠶ ᠪᠣᠯᠭᠠᠬᠤ ᠬᠡᠷᠡᠭᠲᠡᠶ᠃ ᠭᠠᠳᠠᠭᠠᠳᠤ ᠶᠢᠨ ᠠᠵᠤ ᠠᠬᠤᠶᠢᠯᠠᠯ ᠳᠤ ᠦᠢᠯᠡᠴᠢᠯᠡᠬᠦ ᠲᠤᠬᠠᠢ | ᠲᠤᠭᠤᠷᠢᠨ ᠦᠵᠡᠬᠦ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠢ ᠪᠣᠳᠠᠲᠠᠢ ᠭᠠᠵᠠᠷ ᠲᠤᠨᠢ ᠬᠠᠪᠰᠤᠷᠤᠨ | ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠴᠦᠷᠬᠡᠭ ᠤᠯᠤᠰ ᠢ ᠪᠠᠶᠢᠭᠤᠯᠤᠨ ᠪᠦᠳᠦᠭᠡᠬᠦ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠬᠤ ᠬᠡᠷᠡᠭᠲᠡᠢ︾ | ᠭᠡᠬᠦ ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠪᠥᠬᠦ ᠤᠯᠤᠰ ᠪᠣᠯᠤᠨ ᠪᠥᠬᠦ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ | ᠪᠦᠰᠡᠯᠡᠯᠲᠡ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ +᠂ | ᠤᠶᠢᠷ᠎ᠠ ᠤᠭᠲᠠᠷᠭᠤᠢ ᠶᠢᠨ ᠠᠵᠤ ᠠᠬᠤᠶ᠂ ᠠᠮᠢᠳᠤ ᠪᠣᠳᠠᠰ ᠤᠨ ᠮᠡᠷᠭᠡᠵᠢᠯ ᠵᠡᠷᠭᠡ ᠲᠠᠯ᠎ᠠ ᠪᠠᠷ ᠠᠯᠢ ᠲᠦᠷᠭᠡᠨ ᠢᠶᠠᠷ | ᠰᠢᠪᠲᠤᠯᠤᠯᠲᠠ ᠭᠠᠷᠭᠠᠬᠤ ᠶᠢ ᠠᠬᠢᠭᠤᠯᠵᠤ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ | ᠮᠠᠲ᠋ᠧᠷᠢᠶᠠᠯ ᠵᠡᠷᠭᠡ ᠠᠵᠤ ᠦᠢᠯᠡᠰ ᠤᠨ ᠲᠣᠭᠤᠷᠢᠨ ᠳᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠲᠦᠷᠭᠡᠨ | ᠪᠠᠶᠢᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠠᠬᠢ ᠣᠷᠣᠭᠤᠯᠤᠯᠲᠠ ᠶᠢᠨ | ᠬᠠᠲᠠᠭᠤ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠪᠡᠶᠡᠴᠢ | ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠪᠦᠬᠦᠨ ᠢ ᠪᠦᠷᠬᠦᠭᠦᠯᠬᠦ ᠶᠢ ᠠᠬᠢᠭᠤᠯᠬᠤ ᠬᠡᠷᠡᠭᠲᠡᠶ᠃ | ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠤᠷᠳᠤᠰ ᠤᠨ ᠲᠤᠷᠰᠢᠯᠲᠠ ᠶᠢᠨ | ᠲᠠᠰᠤᠭ ᠵᠡᠷᠭᠡ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠴᠢᠳᠠᠪᠤᠷᠢᠲᠠᠨ ᠢ | ᠣᠷᠣᠭᠤᠯᠤᠨ ᠴᠢᠳᠠᠪᠤᠷᠢᠲᠠᠨ ᠢ ᠴᠤᠭᠯᠠᠷᠠᠭᠤᠯᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ | ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠶᠢᠨ ᠦᠢᠯᠡᠳᠦᠯ ᠢ | ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ | ᠣᠨᠳᠣᠣᠰᠢᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ᠠᠶᠤᠯᠭᠦᠢ ᠦᠢᠯᠡᠳᠪᠦᠷᠢᠯᠡᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ | ᠰᠤᠳᠤᠯᠵᠤ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠥᠪ ᠤᠨ | ᠠᠶᠤᠯᠭᠦᠢ ᠦᠢᠯᠡᠳᠪᠦᠷᠢᠯᠡᠯ ᠤᠨ ᠰᠢᠯᠭᠠᠨ ᠪᠠᠶᠢᠴᠠᠭᠠᠯᠲᠠ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ | ᠠᠰᠠᠭᠤᠳᠠᠯ ᠢ ᠲᠡᠷᠡ ᠶᠣᠰᠣᠭᠠᠷ ᠨᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠢᠯᠡᠷᠡᠭᠦᠯᠦᠭᠰᠡᠨ | ᠴᠢᠬᠤᠯᠠ ᠶᠡᠭᠡ ᠠᠰᠠᠭᠤᠳᠠᠯ ᠤᠨ ᠬᠡᠮ ᠰᠣᠭᠤᠭ ᠢ ᠨᠢᠭᠡᠳ ᠨᠢᠭᠡ ᠪᠠᠷ ᠠᠩᠬᠠᠷᠤᠨ ᠰᠶᠢᠳᠪᠦᠷᠢᠯᠡᠭᠦᠯᠵᠤ᠂ | ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠣᠲᠣ ᠪᠣᠯ ᠶᠠᠭ ᠬᠠᠪᠤᠷ ᠤᠨ | ᠤᠯᠠᠷᠢᠯ ᠤᠨ ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ | ᠵᠢᠭᠰᠠᠭᠠᠯ ᠤᠨ ᠭᠠᠵᠠᠷ ᠢᠶᠠᠨ ᠴᠢᠩᠭ᠎ᠠ ᠰᠠᠬᠢᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ | ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ︽ᠬᠤᠶᠠᠷ ᠴᠢᠬᠤᠯᠠ︾᠂ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠳᠤᠮᠳᠠᠬᠢ ᠲᠣᠪᠤᠶᠢᠮ᠎ᠠ ᠠᠰᠠᠭᠤᠳᠠᠯ ᠢ ᠰᠤᠳᠤᠯᠵᠤ᠂ ᠨᠢᠭᠡᠳᠦᠯᠲᠡᠶ ᠲᠥᠯᠥᠪᠵᠢᠭᠦᠯᠬᠦ᠂ ᠳᠡᠭᠡᠷ᠎ᠠ | ᠳᠤᠤᠷ᠎ᠠ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠢ | ᠤᠬᠠᠭᠠᠯᠠᠨ ᠲᠥᠯᠥᠪᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠲᠥᠷᠥᠯ ᠵᠦᠢᠯ ᠢ ᠲᠡᠮᠡᠴᠡᠨ ᠤᠯᠬᠤ ᠪᠠ ᠬᠡᠷᠡᠭᠵᠢᠭᠦᠯᠬᠦ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠪᠦᠲᠦᠮᠵᠢᠲᠡᠶ ᠬᠡᠷᠡᠭᠴᠡᠭᠡ ᠶᠢ ᠴᠢᠩᠭ᠎ᠠ ᠠᠩᠬᠠᠷᠴᠤ᠂ | ᠬᠡᠷᠡᠭᠯᠡᠭᠴᠢᠳ ᠲᠤ ᠲᠥᠬᠦᠮ ᠦᠵᠡᠭᠦᠯᠬᠦ ᠲᠠᠯ᠎ᠠ ᠠᠴᠠ ᠡᠭᠦᠰᠦᠨ᠂ ᠬᠡᠷᠡᠭᠯᠡᠭᠡᠨ ᠤ ᠵᠦᠢᠯᠡᠰ ᠤᠨ ᠨᠥᠬᠦᠪᠥᠷᠢ | ᠰᠤᠯᠢᠵᠤ ᠥᠭᠬᠦ ᠶᠢ ᠲᠦᠷᠭᠡᠳᠭᠡᠵᠦ᠂ ᠬᠡᠷᠡᠭᠯᠡᠭᠡᠨ ᠤ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠬᠤ ᠬᠡᠷᠡᠭᠲᠡᠶ | ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠥᠭᠡᠷᠡᠴᠢᠯᠡᠯᠲᠡ ᠶᠢᠨ ᠲᠤᠬᠠᠢ ᠶᠠᠪᠤᠳᠠᠯ ᠢ ᠰᠤᠳᠤᠯᠪᠠ᠃ | |