ᠮᠠᠨ ᠤ ᠤᠷᠤᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠰᠦᠯ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2025/5/19
    ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠬᠠᠮᠲᠤᠷᠠᠨ ︽2025 ᠣᠨ ᠤ ᠪᠥᠬᠦ ᠣᠷᠣᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠲᠥᠰᠦᠯ︾᠎ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠪᠥᠬᠦ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠬᠡᠯᠪᠡᠷᠢ ᠶᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠳᠠᠶᠢᠰᠢ ᠬᠤᠪᠢᠷᠠᠭᠤᠯᠬᠤ ᠶᠢ ᠲᠦᠷᠭᠡᠳᠭᠡᠨ ᠠᠬᠢᠭᠤᠯᠪᠠ᠃    ︽ᠲᠥᠰᠦᠯ︾᠎ ᠳᠤ᠂ ᠥᠭᠡᠷᠡᠴᠢᠯᠡᠯᠲᠡ ᠶᠢᠨ ᠬᠡᠷᠡᠭᠵᠢᠭᠦᠯᠬᠦ ᠬᠡᠪᠴᠢᠶ᠎ᠡ ᠶᠢ ᠵᠦᠶ ᠵᠣᠬᠢᠰᠲᠠᠶ ᠬᠢᠨᠠᠨ ᠬᠠᠷᠭᠤᠭᠤᠯᠬᠤ᠂ ︽ᠳᠥᠷᠪᠡᠨ ᠵᠦᠢᠯ ᠤᠨ ᠲᠣᠭᠲᠠᠴᠠ︾᠎ ᠶᠢ ᠰᠢᠰᠲ᠋ᠧᠮ ᠲᠠᠢ ᠥᠷᠨᠢᠭᠦᠯᠬᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ︽ᠲᠠᠪᠤᠨ ᠵᠦᠢᠯ ᠤᠨ ᠲᠦᠷᠢᠮ ᠤᠨ ᠰᠢᠰᠲ᠋ᠧᠮ︾᠎ ᠢ ᠪᠠᠶᠢᠭᠤᠯᠤᠨ ᠪᠦᠷᠢᠨᠰᠢᠭᠦᠯᠬᠦ᠂ ᠥᠭᠡᠷᠡᠴᠢᠯᠡᠯᠲᠡ ᠶᠢ ᠰᠢᠯᠭᠠᠨ ᠠᠪᠬᠤ ᠪᠠ ᠲᠤᠷᠰᠢᠯᠭ᠎ᠠ ᠪᠠᠨ ᠳ᠋ᠦᠩᠨᠡᠬᠦ ᠠᠵᠢᠯ ᠢ ᠰᠠᠶᠢᠲᠤᠷ ᠬᠢᠬᠦ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠪᠠᠶᠢᠷᠢᠯᠠᠭᠤᠯᠤᠭᠰᠠᠨ ᠪᠥᠭᠡᠳ ᠡᠭᠦᠷᠭᠡ ᠬᠠᠷᠠᠯᠲᠠ ᠶᠢ ᠠᠶᠢᠮᠠᠭ ᠬᠤᠲᠠ ᠳᠤ ᠨᠠᠷᠢᠯᠢᠬᠵᠢᠭᠤᠯᠤᠨ ᠬᠤᠪᠢᠶᠠᠷᠢᠯᠠᠵᠤ᠂ ᠡᠭᠦᠷᠭᠡ ᠶᠢᠨ ᠨᠠᠷᠢᠨ ᠲᠠᠩᠰᠠ᠂ ᠠᠵᠢᠯ ᠤᠨ ᠬᠤᠪᠢᠶᠠᠷᠢᠯᠠᠯ ᠬᠢᠭᠡᠳ ᠴᠠᠭ ᠤᠨ ᠵᠠᠩᠭᠢᠯᠠᠭ᠎ᠠ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠡᠬᠤ ᠭᠡᠷᠡᠭᠲᠡᠢ ᠭᠡᠵᠤ ᠱᠠᠭᠠᠷᠳᠠᠵᠠᠢ᠃    ︽ᠲᠥᠰᠦᠯ︾᠎ ᠳᠤ᠂ 2025 ᠣᠨ ᠤ ᠰᠡᠭᠦᠯᠴᠢ ᠪᠣᠯᠲᠠᠯ᠎ᠠ ᠡᠯ᠎ᠡ ᠠᠶᠢᠮᠠᠭ ᠬᠤᠲᠠ ᠶᠢᠨ ᠬᠢᠨ ᠪᠦᠲᠦᠮᠵᠢᠲᠡᠶ ᠤᠰᠤᠯᠠᠯᠲᠠ ᠶᠢᠨ ᠲᠠᠯᠠᠪᠠᠶ ᠶᠢᠨ ︽ᠥᠭᠡᠷᠡᠴᠢᠯᠡᠬᠦ ᠵᠣᠬᠢᠰᠲᠠᠢ ᠶᠢ ᠨᠢ ᠪᠦᠬᠦᠨ ᠢ ᠥᠭᠡᠷᠡᠴᠢᠯᠡᠬᠦ︾ ᠵᠠᠷᠴᠢᠮ ᠶᠣᠰᠣᠭᠠᠷ ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠠᠯᠠᠪᠠᠶ ᠶᠢ ᠤᠯᠠᠮ ᠨᠢᠭᠡ ᠠᠯᠬᠤᠮ ᠬᠢᠨᠠᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠥᠭᠡᠷᠡᠴᠢᠯᠡᠯᠲᠡ ᠶᠢᠨ ᠲᠠᠯᠠᠪᠠᠶ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢᠨ ᠬᠠᠮᠲᠤ ᠰᠢᠯᠭᠠᠨ ᠠᠪᠤᠨ᠎ᠠ᠃ ᠨᠢᠭᠡᠨᠲᠡ ᠪᠡᠶᠡᠯᠡᠭᠦᠯᠦᠭᠰᠡᠨ 4969 ᠲᠦᠮᠡᠨ ᠮᠤ᠋ ᠶᠢᠨ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ︽ᠡᠷᠬᠢᠨ ᠬᠠᠷᠠᠬᠤ︾ ᠠᠵᠢᠯ ᠥᠷᠨᠢᠭᠦᠯᠵᠦ᠂ ᠣᠶᠢᠷ᠎ᠠ ᠶᠢᠨ 10 ᠵᠢᠯ ᠳᠠᠬᠢ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠤᠰᠤ ᠬᠡᠷᠡᠭᠯᠡᠬᠦ ᠬᠠᠮᠢᠶᠠᠷᠤᠯᠲᠠ ᠶᠢᠨ ᠲᠣᠭᠲᠠᠴᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠴᠤ ᠬᠠᠮᠠᠭᠠᠯᠠᠬᠤ ᠲᠣᠭᠲᠠᠴᠠ᠂ ᠨᠠᠷᠢᠯᠢᠭ ᠣᠨᠣᠴᠠᠲᠠᠶ ᠨᠦᠬᠦᠪᠦᠷᠢ ᠥᠭᠬᠦ ᠪᠠ ᠤᠰᠤ ᠠᠷᠪᠢᠯᠡᠬᠤ ᠱᠠᠩᠨᠠᠯ ᠤᠨ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠪᠠ ᠠᠵᠢᠯᠯᠠᠭᠤᠯᠤᠭᠰᠠᠨ ᠪᠠᠶᠢᠳᠠᠯ ᠢ ᠰᠢᠰᠲ᠋ᠧᠮ ᠲᠠᠢ ᠡᠮᠬᠢᠯᠡᠨ᠎ᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠳᠦᠷᠢᠮ ᠤᠨ ᠲᠥᠷᠥ ᠶᠢᠨ ᠪᠣᠳᠣᠯᠭ᠎ᠠ ᠶᠢ ᠲᠦᠷᠭᠡᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠳᠦᠷᠢᠮ ᠤᠨ ᠰᠢᠰᠲ᠋ᠧᠮ᠂ ᠤᠰᠤ ᠬᠡᠷᠡᠭᠯᠡᠬᠦ ᠬᠢᠨᠠᠨ ᠬᠡᠮᠵᠢᠯᠲᠠ ᠶᠢᠨ ᠰᠢᠰᠲ᠋ᠧᠮ᠂ ᠲᠠᠷᠢᠶᠠᠯᠠᠩ ᠤᠨ ᠤᠰᠤᠨ ᠤ ᠦᠨ᠎ᠡ ᠬᠠᠨᠭ᠍ᠰᠢ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠤᠰᠤ ᠠᠷᠪᠢᠯᠠᠬᠤ ᠵᠠᠬ᠎ᠠ ᠳᠡᠯᠭᠡᠭᠦᠷ ᠤᠨ ᠳᠦᠷᠢᠮ ᠤᠨ ᠰᠢᠰᠲ᠋ᠧᠮ ᠪᠤᠯᠤᠨ ᠤᠰᠤ ᠠᠷᠪᠢᠯᠠᠬᠤ ᠮᠡᠷᠭᠡᠵᠢᠯ ᠬᠢᠭᠡᠳ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠬᠡᠷᠡᠭᠯᠡᠬᠦ ᠦᠷ᠎ᠡ ᠪᠦᠲᠦᠮᠵᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠦᠨ᠂ ᠲᠠᠷᠢᠶ᠎ᠠ ᠲᠦᠮᠦᠰᠤ ᠶᠢᠨ ᠤᠨᠠᠯᠲᠠ ᠶᠢ ᠨᠡᠮᠡᠭᠳᠡᠭᠦᠯᠵᠤ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠤ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号