ᠰᠤᠷᠲᠠᠯ ᠢᠯᠵᠡᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠳᠭᠡᠵᠦ ᠰᠤᠷᠲᠠᠯ ᠢᠯᠵᠡᠷᠡᠯ ᠤᠨ ᠨᠡᠶᠢᠲᠡᠴᠢ ᠴᠢᠨᠠᠷ ᠲᠠᠢ ᠦᠨᠳᠦᠰᠦ ᠰᠤᠷᠪᠤᠯᠵᠢ ᠶᠢ ᠠᠷᠢᠯᠭᠠᠰᠤᠭᠠᠢ
ᠨᠡᠶᠢᠲᠡᠯᠡᠭᠰᠡᠨ ᠴᠠᠭ᠄
2025/5/19
    ᠰᠤᠷᠲᠠᠯ ᠢ ᠲᠥᠪ ᠪᠣᠯᠭᠠᠬᠤ᠂ ᠰᠠᠬᠢᠯᠭ᠎ᠠ ᠪᠠᠲᠤ ᠶᠢ ᠴᠢᠩᠳᠠᠯᠠᠬᠤ᠂ ᠢᠯᠵᠡᠷᠡᠯ ᠢ ᠡᠰᠡᠷᠭᠦᠴᠡᠬᠦ ᠡᠨᠡ ᠭᠤᠷᠪᠠ ᠬᠠᠷᠢᠯᠴᠠᠨ ᠨᠥᠬᠦᠴᠡᠯᠳᠦᠵᠦ᠂ ᠠᠯᠢ ᠨᠢ ᠴᠦ ᠳᠤᠲᠠᠭᠳᠠᠵᠤ ᠪᠣᠯᠤᠰᠢ ᠦᠭᠡᠢ ᠶᠤᠮ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠡᠷᠡᠯ ᠢ ᠡᠰᠡᠷᠭᠦᠴᠡᠬᠦ ᠶᠢ ᠬᠤᠯᠪᠤᠯᠳᠤᠭᠤᠯᠵᠤ᠂ ︽ᠬᠠᠮᠲᠤ ᠪᠠᠷ ᠪᠠᠶᠢᠴᠠᠭᠠᠬᠤ︾᠎ ᠪᠠᠷ ᠰᠤᠷᠲᠠᠯ ᠢᠯᠵᠡᠷᠡᠯ ᠰᠣᠯᠪᠢᠴᠠᠭᠰᠠᠨ ᠠᠰᠠᠭᠤᠳᠠᠯ ᠢ ᠴᠢᠩᠭ᠎ᠠ ᠰᠢᠳᠭᠡᠵᠦ᠂ ︽ᠬᠠᠮᠲᠤ ᠪᠠᠷ ᠵᠠᠰᠠᠬᠤ︾᠎ ᠪᠠᠷ ᠰᠤᠷᠲᠠᠯ ᠢᠯᠵᠡᠷᠡᠯ ᠤᠨ ᠨᠡᠶᠢᠲᠡᠴᠢ ᠴᠢᠨᠠᠷ ᠲᠠᠢ ᠦᠨᠳᠦᠰᠦ ᠰᠤᠷᠪᠤᠯᠵᠢ ᠶᠢ ᠠᠷᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠠᠵᠢᠯ ᠬᠢᠵᠦ ᠦᠢᠯᠡᠰ ᠪᠤᠰᠬᠠᠬᠤ ᠶᠢ ᠬᠦᠲᠦᠯᠦᠨ ᠵᠢᠯᠣᠭᠤᠳᠴᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠷᠡᠰ ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠨᠡᠩ ᠭᠦᠨ ᠬᠠᠳᠠᠩᠰᠢᠭᠤᠯᠵᠤ᠂ ᠨᠠᠮ ᠢ ᠡᠭᠦᠷᠢᠳᠡ ᠡᠷᠡᠭᠦᠯ ᠪᠥᠭᠡᠳ ᠠᠮᠢᠵᠢᠷᠠᠯ ᠤᠨ ᠬᠦᠴᠦᠨ ᠲᠠᠢ ᠪᠠᠶᠢᠯᠭᠠᠬᠤ ᠬᠡᠷᠡᠭᠲᠡᠢ᠃    ᠰᠤᠷᠲᠠᠯ ᠢᠯᠵᠡᠷᠡᠯ ᠤᠨ ᠠᠰᠠᠭᠤᠳᠠᠯ ᠨᠢ ᠬᠠᠷᠢᠯᠴᠠᠨ ᠥᠩᠭᠡᠨ ᠲᠠᠯ᠎ᠠ ᠪᠠ ᠦᠨᠳᠦᠰᠦ ᠰᠤᠷᠪᠤᠯᠵᠢ ᠪᠤᠯᠵᠤ᠂ ᠡᠬᠢ ᠡᠭᠦᠰᠦᠯ ᠨᠢᠭᠡᠲᠡᠶ ᠪᠠᠶᠢᠳᠠᠭ᠃ ᠲᠥᠪ ᠪᠤᠰᠤ ᠰᠤᠷᠲᠠᠯ ᠪᠣᠯ ᠢᠯᠵᠡᠷᠡᠯ ᠢ ᠡᠭᠦᠰᠭᠡᠬᠦ ᠥᠯᠥᠭᠡᠶ ᠮᠥᠨ᠂ ᠢᠯᠵᠡᠷᠡᠯ ᠨᠢ ᠢᠮᠠᠭᠲᠠ ᠰᠤᠷᠲᠠᠯ ᠠᠯᠳᠠᠬᠳᠠᠬᠤ ᠠᠴᠠ ᠡᠬᠢᠯᠡᠳᠡᠭ᠃ ᠶᠡᠭᠡ ᠬᠡᠮᠵᠢᠶᠡᠨ ᠤ ᠬᠡᠷᠡᠭ ᠤᠨ ᠵᠢᠱᠢᠶ᠎ᠡ ᠨᠢ ᠴᠥᠭᠡᠨ ᠪᠤᠰᠤ ᠨᠠᠮ ᠤᠨ ᠭᠡᠰᠢᠭᠦᠨ ᠺᠠᠳ᠋ᠷ ︽ᠬᠤᠭᠤᠯᠠ ᠢᠳᠡᠬᠦ︾᠂ ︽ᠠᠷᠢᠬᠢ ᠤᠤᠭᠤᠬᠤ︾᠂ ︽ᠺᠠᠷᠲ ᠬᠤᠷᠢᠶᠠᠬᠤ︾ ᠵᠡᠷᠭᠡ ᠠᠴᠠ ᠡᠬᠢᠯᠡᠨ ᠠᠭᠠᠵᠢᠮ ᠢᠶᠠᠷ ᠢᠯᠵᠡᠷᠡᠯ ᠤᠨ ᠭᠦᠨ ᠬᠥᠪ ᠲᠤ ᠤᠨᠠᠭᠰᠠᠨ ᠪᠠᠶᠢᠨ᠎ᠠ ᠭᠡᠳᠡᠭ ᠢ ᠰᠡᠷᠡᠮᠵᠢᠯᠡᠭᠦᠯᠪᠡ᠃ ᠭᠠᠵᠢᠭᠤ ᠰᠤᠷᠲᠠᠯ ᠮᠠᠭᠤ ᠰᠤᠷᠲᠠᠯ ᠨᠢ ᠢᠯᠵᠡᠷᠡᠯ ᠢ ᠤᠯᠠᠮ ᠬᠡᠴᠡᠭᠦᠳᠡᠭᠦᠯᠵᠦ᠂ ᠴᠢᠨᠠᠭᠰᠢᠯᠠᠪᠠᠯ ᠨᠢᠭᠡ ᠭᠠᠵᠠᠷ ᠣᠷᠣᠨ ᠨᠢᠭᠡ ᠤᠷᠤᠨ ᠪᠦᠰᠡ ᠶᠢᠨ ᠬᠡᠪ ᠰᠤᠷᠲᠠᠯ ᠢ ᠮᠠᠭᠤᠳᠠᠭᠤᠯᠵᠤ᠂ ᠮᠠᠭᠤ ᠣᠷᠴᠢᠯ ᠢ ᠪᠤᠢ ᠪᠣᠯᠭᠠᠳᠠᠭ᠃ ᠰᠤᠷᠲᠠᠯ ᠢ ᠲᠥᠪ ᠪᠣᠯᠭᠠᠬᠤ ᠭᠡᠳᠡᠭ ᠪᠣᠯ ᠳᠠᠷᠤᠶ ︽ᠡᠷᠲᠡ ᠠᠴᠠ ᠨᠢ ᠠᠳᠬᠤᠵᠤ ᠪᠠᠭ᠎ᠠ ᠠᠴᠠ ᠨᠢ ᠠᠳᠬᠤᠬᠤ︾ ᠰᠣᠨᠣᠷ ᠰᠡᠷᠡᠮᠵᠢ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠮᠠᠭᠤ ᠰᠤᠷᠲᠠᠯ ᠤᠨ ᠬᠥᠷᠥᠰᠥ ᠰᠢᠷᠣᠶ᠂ ᠵᠠᠮ ᠰᠤᠪᠠᠭ᠂ ᠵᠠᠬ᠎ᠠ ᠳᠡᠯᠭᠡᠭᠦᠷ ᠢ ᠠᠯᠳᠠᠭᠤᠯᠬᠤ ᠶᠠᠪᠤᠳᠠᠯ ᠪᠣᠯᠤᠨ᠎ᠠ᠃    ᠰᠠᠬᠢᠯᠭ᠎ᠠ ᠪᠠᠲᠤ ᠪᠣᠯ ᠨᠠᠮ ᠢ ᠬᠠᠮᠢᠶᠠᠷᠴᠤ ᠨᠠᠮ ᠢ ᠵᠠᠰᠠᠬᠤ ᠶᠢᠨ ︽ᠴᠡᠭᠡᠷᠯᠡᠯ︾ ᠮᠥᠨ᠂ ᠰᠤᠷᠲᠠᠯ ᠢᠯᠵᠡᠷᠡᠯ ᠤᠨ ᠠᠰᠠᠭᠤᠳᠠᠯ ᠢ ᠬᠤᠷᠢᠭᠯᠠᠬᠤ ᠶᠢᠨ ︽ᠰᠡᠷᠭᠡᠶᠢᠯᠡᠯᠲᠡ ᠶᠢᠨ ᠬᠡᠷᠡᠮ︾ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠨᠢ ᠭᠠᠵᠢᠭᠤ ᠰᠤᠷᠲᠠᠯ ᠮᠠᠭᠤ ᠰᠤᠷᠲᠠᠯ ᠢ ᠮᠠᠯᠲᠠᠵᠤ᠂ ᠢᠯᠵᠡᠷᠡᠯ ᠤᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠪᠠᠶᠢᠭ᠎ᠠ ᠶᠤᠮ᠃ ᠨᠠᠮ ᠤᠨ ᠭᠡᠰᠢᠭᠦᠨ ᠺᠠᠳ᠋ᠷ ᠬᠤᠪᠢ ᠬᠥᠮᠦᠨ ᠭᠡᠰᠡᠨ ᠦᠭᠡᠢ᠂ ᠪᠠᠶᠢᠭᠤᠯᠭ᠎ᠠ ᠨᠢᠭᠡᠴᠡ ᠬᠠᠮᠲᠤ ᠨᠡᠶᠢᠲᠡ ᠭᠡᠰᠡᠨ ᠦᠭᠡᠢ᠂ ᠰᠠᠬᠢᠯᠭ᠎ᠠ ᠪᠠᠲᠤ ᠶᠢᠨ ᠤᠬᠠᠮᠰᠠᠷ ᠴᠢᠩᠭ᠎ᠠ ᠪᠢᠰᠢ ᠪᠣᠯ ᠭᠤᠷᠢᠳᠠᠬᠤ ᠪᠤᠳᠤᠯ ᠣᠷᠣᠰᠢᠵᠤ᠂ ᠰᠤᠷᠲᠠᠯ ᠢᠯᠵᠡᠷᠡᠯ ᠤᠨ ᠠᠰᠠᠭᠤᠳᠠᠯ ᠲᠣᠯᠣᠭᠠᠢ ᠥᠨᠳᠡᠶᠢᠬᠦ ᠪᠣᠯᠤᠨ᠎ᠠ᠃ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤ ᠰᠤᠷᠤᠯᠴᠠᠭᠠᠳ ᠦᠡᠭᠭᠡᠷᠡᠬᠡᠬᠦ᠂ ᠰᠤᠨᠤᠰᠤᠭᠠᠳ ᠪᠤᠯᠭᠠᠬᠤ᠂ ᠦᠵᠡᠭᠡᠳ ᠭᠠᠷᠬᠤ ᠪᠠᠷ ᠵᠣᠭᠰᠣᠩᠭᠤᠶᠢᠷᠠᠵᠤ ᠪᠣᠯᠬᠤ ᠦᠭᠡᠢ᠂ ᠡᠷᠬᠡᠪᠰᠢ ᠤᠯᠠᠭᠠᠨ ᠱᠤᠭᠤᠮ ᠢ ᠲᠣᠳᠣᠷᠬᠠᠢ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠪᠢᠰᠢᠷᠡᠨ ᠵᠢᠷᠦᠬᠡᠰᠢᠶᠡᠬᠦ᠂ ᠰᠡᠷᠡᠮᠵᠢᠯᠡᠨ ᠴᠡᠭᠡᠷᠯᠡᠬᠦ᠂ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠲᠡᠢ᠃ ᠰᠠᠬᠢᠯᠭ᠎ᠠ ᠪᠠᠲᠤ ᠶᠢᠨ ᠬᠤᠷᠴᠠ ᠰᠡᠯᠡᠮ᠎ᠡ ᠪᠠᠷ ︽ᠰᠤᠷᠲᠠᠯ ᠠᠴᠠ ᠢᠯᠵᠡᠷᠡᠯ ᠪᠤᠯᠬᠤ︾ ᠳᠠᠮᠵᠢᠭᠤᠯᠭ᠎ᠠ ᠶᠢᠨ ᠬᠡᠯᠬᠢᠶ᠎ᠡ ᠶᠢ ᠲᠠᠰᠤᠯᠵᠤ᠂ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃    ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ ᠰᠤᠷᠲᠠᠯ᠂ ᠰᠠᠬᠢᠯᠭ᠎ᠠ ᠪᠠᠲᠤ᠂ ᠢᠯᠵᠡᠷᠡᠯ ᠤᠨ ᠠᠰᠠᠭᠤᠳᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠵᠤ᠂ ᠨᠢᠭᠡᠳᠦᠯᠲᠡᠢ ᠲᠥᠯᠥᠪᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ︽ᠰᠤᠷᠲᠠᠯ ᠠᠴᠠ ᠢᠯᠵᠡᠷᠡᠯ ᠪᠤᠯᠬᠤ︾᠎ ᠳᠤ ᠨᠢᠭᠡ ᠤᠳᠠᠭᠠᠨ ᠤ ᠰᠤᠷᠲᠠᠯ ᠤᠨ ᠶᠡᠭᠡ ᠰᠢᠯᠭᠠᠯᠲᠠ ᠬᠢᠵᠦ᠂ ᠮᠥᠨ ᠬᠦ ᠰᠠᠨᠠᠭ᠎ᠠ ᠪᠠᠨ ᠬᠤᠷᠢᠶᠠᠬᠤ ᠦᠭᠡᠶ᠂ ᠭᠠᠷ ᠢᠶᠠᠨ ᠲᠠᠲᠠᠬᠤ ᠦᠭᠡᠶ ᠥᠰᠢᠯᠳᠦᠨ ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠳᠤᠮᠳᠠ ᠠᠴᠠ ᠠᠰᠢᠭ ᠲᠤᠰᠠ ᠶᠢᠨ ᠬᠡᠯᠬᠢᠶ᠎ᠡ ᠶᠢ ᠭᠦᠨᠵᠡᠭᠡᠶ ᠠᠭᠤᠳᠠᠯᠵᠤ᠂ ᠢᠯᠵᠡᠷᠡᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠬᠡᠷᠡᠭᠲᠡᠶ︔ ᠪᠠᠰᠠ ︽ᠢᠯᠵᠡᠷᠡᠯ ᠢ ᠡᠰᠡᠷᠬᠦᠴᠡᠬᠦ ᠪᠠᠷ ᠰᠤᠷᠲᠠᠯ ᠢ ᠵᠠᠯᠠᠷᠠᠭᠤᠯᠵᠤ︾᠂ ᠢᠯᠵᠡᠷᠡᠯ ᠪᠠᠶᠢᠪᠠᠯ ᠵᠠᠪᠠᠯ ᠡᠰᠡᠷᠭᠦᠴᠡᠬᠦ᠂ ᠱᠠᠮᠰᠢᠯ ᠪᠠᠶᠢᠪᠠᠯ ᠵᠠᠪᠠᠯ ᠠᠷᠢᠯᠭᠠᠬᠤ ᠶᠢ ᠪᠠᠷᠢᠮᠲᠠᠯᠠᠵᠤ᠂ ᠬᠤᠷᠢᠭᠠᠲᠤ ᠣᠷᠣᠨ ᠦᠭᠡᠢ᠂ ᠪᠦᠬᠦᠨ ᠢ ᠬᠠᠮᠤᠷᠬᠤ᠂ ᠤᠭᠳᠤ ᠠᠭᠤᠴᠢᠯᠠᠬᠤ ᠦᠭᠡᠢ ᠪᠠᠶᠢᠬᠤ ᠶᠢ ᠪᠠᠷᠢᠮᠲᠠᠯᠠᠵᠤ᠂ ︽ᠪᠠᠷᠰ︾᠂ ︽ᠢᠯᠠᠭ᠎ᠠ︾᠎ ᠶᠢ ᠬᠠᠮᠲᠤ ᠳᠤᠨᠢ ᠴᠣᠬᠢᠵᠤ᠂ ᠢᠯᠵᠡᠷᠡᠯ ᠤᠨ ᠦᠵᠡᠭᠳᠡᠯ ᠳᠤ ᠦᠷᠭᠦᠯᠵᠢᠯᠡᠨ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ᠬᠦᠴᠦᠲᠡᠢ ᠰᠦᠷᠳᠡᠭᠦᠯᠦᠯ ᠢ ᠪᠤᠢ ᠪᠣᠯᠭᠠᠬᠤ ᠬᠡᠷᠡᠭᠲᠡᠢ᠃    ᠰᠤᠷᠲᠠᠯ ᠢ ᠴᠡᠭᠴᠡᠯᠡᠨ ︽ᠬᠠᠰᠢᠯᠭ᠎ᠠ ᠪᠤᠰᠬᠠᠵᠤ︾᠂ ᠰᠢᠯᠢᠳᠡᠭ ᠰᠤᠷᠲᠠᠯ ᠢᠶᠠᠷ ᠬᠥᠲᠥᠯᠥᠨ ᠳᠠᠭᠠᠭᠤᠯᠬᠤ ᠬᠡᠷᠡᠭᠲᠡᠶ︔ ᠰᠠᠬᠢᠯᠭ᠎ᠠ ᠪᠠᠲᠤ ᠶᠢ ᠴᠢᠩᠳᠠᠯᠠᠨ ︽ᠬᠠᠰᠢᠯᠭ᠎ᠠ ᠶᠢ ᠪᠠᠬᠢᠯᠡᠵᠦ︾᠂ ᠴᠢᠩᠭ᠎ᠠ ᠲᠤᠳᠤᠷᠬᠠᠢ ᠰᠠᠬᠢᠯᠭ᠎ᠠ ᠪᠠᠲᠤ ᠪᠠᠷ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ ᠢᠯᠵᠡᠷᠡᠯ ᠢ ᠡᠰᠡᠷᠭᠦᠴᠡᠬᠦ ︽ᠦᠯᠡᠳᠡᠭᠳᠡᠯ︾᠎ ᠢ ᠠᠷᠢᠯᠭᠠᠵᠤ᠂ ᠢᠯᠵᠡᠷᠡᠯ ᠢ ᠡᠰᠡᠷᠭᠦᠴᠡᠵᠦ ᠮᠠᠭᠤ ᠮᠠᠭᠤᠬᠠᠢ ᠶᠢ ᠰᠢᠳᠭᠡᠬᠦ ᠪᠠᠷ ᠬᠠᠷᠰᠢ ᠰᠠᠭᠠᠳ ᠢ ᠠᠷᠢᠯᠭᠠᠬᠤ ᠬᠡᠷᠡᠭᠲᠡᠢ ᠁ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦᠯᠢ ᠴᠣᠭᠴᠠ ᠶᠢᠨ ᠰᠡᠳᠭᠢᠬᠦᠢ ᠶᠢ ᠪᠤᠢ ᠪᠣᠯᠭᠠᠵᠤ᠂ ᠰᠢᠰᠲ᠋ᠧᠮ ᠤᠨ ᠦᠵᠡᠯᠲᠡ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠᠷ ᠭᠠᠵᠢᠭᠤ ᠰᠤᠷᠲᠠᠯ ᠮᠠᠭᠤ ᠰᠤᠷᠲᠠᠯ ᠢ ᠠᠷᠢᠯᠭᠠᠵᠤ᠂ ᠰᠤᠷᠲᠠᠯ ᠢᠯᠵᠡᠷᠡᠯ ᠤᠨ ᠠᠰᠠᠭᠤᠳᠠᠯ ᠢ ᠳᠠᠯᠳᠠᠯᠠᠬᠤ ᠭᠠᠵᠠᠷ ᠦᠭᠡᠢ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠬᠠᠮᠠᠭᠠᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号