ᠤᠶᠢᠷ᠎ᠠ ᠶᠢᠨ ᠵᠢᠯ ᠠᠴᠠ ᠬᠠᠷᠰᠢᠬᠤ ᠢᠯᠡᠷᠡᠯ ᠲᠠᠢ ᠬᠦᠮᠦᠰ ᠤᠯᠠᠰᠢᠷᠠᠵᠤ ᠪᠠᠶᠢᠬᠤ ᠬᠠᠨᠳᠤᠰᠢ ᠲᠠᠢ᠃ ᠲᠡᠭᠡᠪᠡᠯ | ᠬᠠᠷᠰᠢᠭᠴᠢ ︵ᠶᠠᠭᠤᠨ ᠳᠤ ᠬᠠᠷᠰᠢᠵᠤ ᠪᠠᠶᠢᠬᠤ︶ ᠶᠢ ᠡᠷᠬᠡᠪᠰᠢ ᠪᠠᠶᠢᠴᠠᠭᠠᠬᠤ ᠴᠢᠬᠤᠯᠠᠳᠠᠢ ᠤᠤ︖ | ᠪᠡᠭᠡᠵᠢᠩ ᠤᠨ ᠰᠢᠶᠧ ᠾᠧ ᠡᠮᠨᠡᠯᠭᠡ ᠶᠢᠨ ᠬᠤᠷᠢᠶ᠎ᠠ ᠶᠢᠨ ᠬᠤᠪᠢᠰᠤᠯᠳᠤ ︵ᠬᠠᠷᠰᠢᠬᠤ︶ ᠤᠷᠪᠠᠯ ᠤᠨ | ᠰᠠᠯᠠᠭ᠎ᠠ ᠶᠢᠨ ᠡᠷᠬᠢᠯᠡᠭᠴᠢ ᠡᠮᠴᠢ ᠭᠤᠸᠠᠨ ᠺᠠᠢ ᠶᠢᠨ ᠲᠠᠨᠢᠯᠴᠠᠭᠤᠯᠤᠭᠰᠠᠨ ᠢᠶᠠᠷ᠂ ᠬᠡᠷᠪᠡ ᠬᠠᠷᠰᠢᠬᠤ ᠢᠯᠡᠷᠡᠯ ᠨᠢ | ᠬᠦᠩᠭᠡᠨ ᠪᠦᠭᠡᠳ ᠲᠦᠷ ᠵᠠᠭᠤᠷ᠎ᠠ ᠶᠢᠨ ᠪᠤᠯ ᠨᠡᠭᠡᠳᠡᠰᠤᠨ ᠤ ᠠᠮᠢᠨ ᠢ ᠡᠰᠡᠷᠭᠦᠴᠡᠭᠦ ᠲᠦᠷᠦᠯ ᠤᠨ ᠡᠮ ᠢ ᠬᠡᠷᠡᠭᠯᠡᠵᠤ | ᠬᠠᠷᠰᠢᠬᠤ ᠢᠯᠡᠷᠡᠯ ᠢ ᠬᠦᠩᠭᠡᠷᠡᠭᠦᠯᠴᠢᠬᠡᠪᠡᠯ ᠪᠤᠯᠴᠢᠬᠠᠨ᠎ᠠ ︵ᠠᠩᠬᠠᠷᠬᠤ ᠨᠢ᠂ ᠡᠨᠡ ᠲᠦᠷᠦᠯ ᠤᠨ ᠡᠮ ᠨᠢ ᠠᠳᠠᠯᠢ ᠪᠤᠰᠤ | ᠭᠠᠵᠢᠭᠤ ᠨᠦᠯᠦᠭᠡ ᠪᠠ ᠴᠡᠭᠡᠷ ᠪᠠᠶᠢᠬᠤ ᠲᠤᠯᠠ ᠡᠷᠬᠡᠪᠰᠢ ᠡᠮᠴᠢ ᠶᠢᠨ ᠵᠢᠯᠤᠭᠤᠳᠤᠯᠭ᠎ᠠ ᠪᠠᠷ ᠬᠡᠷᠡᠭᠯᠡᠬᠦ ᠬᠡᠷᠡᠭᠳᠠᠢ︶᠃ | ᠬᠡᠷᠪᠡ ᠳᠠᠬᠢᠨ ᠳᠠᠪᠳᠠᠨ ᠬᠠᠷᠰᠢᠬᠤ ᠢᠯᠡᠷᠡᠯ ᠭᠠᠷᠬᠤ ᠪᠤᠶᠤ ᠦᠷᠭᠦᠯᠵᠢᠯᠡᠭᠰᠡᠨ ᠴᠢᠨᠠᠷᠳᠠᠢ ᠬᠠᠷᠰᠢᠬᠤ ᠢᠯᠡᠷᠡᠯ ᠭᠠᠷᠴᠤ | ᠂ ᠢᠯᠠᠩᠭᠤᠶ᠎ᠠ ᠠᠮᠢᠳᠤᠷᠠᠯ ᠳᠤ ᠬᠦᠨᠳᠤ ᠨᠤᠴᠢᠳᠠᠢ ᠨᠦᠯᠦᠭᠡ ᠪᠤᠯᠤᠭᠰᠠᠨ᠂ ᠵᠢᠱᠢᠶᠡᠯᠡᠪᠡᠯ ᠬᠠᠮᠠᠷ ᠪᠢᠳᠡᠭᠦᠷᠡᠵᠤ | ᠤᠨᠳᠠᠵᠤ ᠠᠮᠠᠷᠠᠬᠤ ᠶᠢ ᠨᠦᠯᠦᠭᠡᠯᠡᠭᠰᠡᠨ᠂ ᠰᠦᠨᠢ ᠪᠠᠷ ᠬᠠᠨᠢᠶᠠᠯᠭᠠᠬᠤ᠂ ᠲᠡᠭᠦᠨᠴᠢᠯᠡᠨ ᠬᠠᠨᠢᠶᠠᠯᠭᠠᠬᠤ ᠠᠴᠠ ᠪᠤᠯᠵᠤ | ᠠᠮᠢᠰᠬᠤᠯ ᠳᠠᠪᠬᠤᠴᠠᠵᠤ ᠬᠡᠪ ᠤᠨ ᠠᠵᠢᠯᠯᠠᠭ᠎ᠠ ᠶᠢ ᠨᠦᠯᠦᠭᠡᠯᠡᠭᠰᠡᠨ ᠪᠠᠶᠢᠪᠠᠯ᠂ ᠠᠯᠢ ᠲᠦᠷᠭᠡᠨ ᠡᠮᠨᠡᠯᠭᠡ ᠶᠢᠨ | ᠬᠤᠷᠢᠶ᠎ᠠ ᠳᠤ ᠬᠦᠷᠴᠤ᠂ ᠬᠠᠷᠰᠢᠬᠤ ᠢᠯᠡᠷᠡᠯ ᠢᠶᠠᠨ ᠨᠠᠮᠳᠠᠭᠠᠬᠤ ᠶᠢᠨ ᠬᠠᠮᠳᠤ ᠰᠢᠯᠳᠠᠭᠠᠨ ᠢ ᠨᠢ ᠤᠯᠬᠤ ᠬᠡᠷᠡᠭᠳᠠᠢ᠃ | ᠳᠠᠷᠤᠢ ᠬᠠᠷᠰᠢᠭᠰᠠᠨ ᠡᠰᠡᠬᠦ ᠶᠢ ᠪᠠᠶᠢᠴᠠᠭᠠᠬᠤ ᠬᠡᠷᠡᠭᠳᠠᠢ᠃ | ᠡᠮᠴᠢᠯᠡᠭᠡᠨ ᠤ ᠳᠤᠮᠳᠠ ᠬᠠᠷᠰᠢᠭᠴᠢ ᠶᠢ ᠪᠠᠶᠢᠴᠠᠭᠠᠬᠤ ᠳᠤ ᠶᠡᠷᠦᠳᠡᠭᠡᠨ ᠬᠤᠶᠠᠷ ᠵᠦᠢᠯ ᠤᠨ ᠠᠷᠭ᠎ᠠ ᠪᠠᠶᠢᠨ᠎ᠠ᠃ | ᠨᠢᠭᠡ ᠵᠦᠢᠯ ᠨᠢ ᠴᠠᠷᠪᠠᠭᠤ ᠶᠢᠨ ᠬᠡᠰᠡᠭ ᠢᠶᠠᠷ ᠬᠠᠷᠰᠢᠮᠠᠳᠠᠭᠠᠢ ᠲᠤᠷᠰᠢᠯᠳᠠ ᠬᠢᠨ᠎ᠠ᠃ ᠵᠠᠷᠢᠮ ᠬᠦᠮᠦᠨ ᠬᠠᠷᠰᠢᠮᠠᠳᠠᠭᠠᠢ | ᠶᠢ ᠡᠰᠡᠷᠭᠦᠴᠡᠬᠦ ᠡᠮ ᠢᠶᠠᠨ ᠵᠤᠭᠰᠤᠭᠠᠵᠤ ᠳᠡᠶᠢᠯᠬᠦ ᠦᠭᠡᠢ ᠲᠤᠯᠠ ᠪᠠᠶᠢᠴᠠᠭᠠᠯᠳᠠ ᠶᠢᠨ ᠦᠷ᠎ᠠ ᠳ᠋ᠦᠩ ᠢ ᠨᠦᠯᠦᠭᠡᠯᠡᠬᠦ᠂ | ᠪᠠᠰᠠ ᠵᠠᠷᠢᠮ ᠬᠦᠮᠦᠨ ᠤ ᠠᠷᠠᠰᠤᠨ ᠳᠤ ᠠᠷᠬᠠᠭ ᠴᠢᠨᠠᠷᠳᠠᠢ ᠡᠰᠡᠷᠭᠡᠨ᠎ᠠ ᠲᠠᠢ ᠪᠠᠶᠢᠵᠤ ᠬᠠᠷᠰᠢᠮᠠᠳᠠᠭᠠᠢ ᠲᠤᠷᠰᠢᠯᠳᠠ | ᠬᠢᠬᠦ ᠭᠠᠵᠠᠷ ᠦᠭᠡᠢ ᠪᠠᠶᠢᠬᠤ᠂ ᠡᠰᠡᠭᠦᠯ᠎ᠠ ᠵᠠᠷᠢᠮ ᠨᠠᠰᠤᠳᠠᠢ ᠬᠦᠮᠦᠨ ᠤ ᠠᠷᠠᠰᠤ ᠨᠢ ᠰᠤᠯᠠᠷᠠᠭᠠᠳ ᠠᠷᠠᠰᠤᠨ | ᠲᠤᠳᠤᠷᠠᠬᠢ ᠬᠠᠷᠰᠢᠮᠠᠳᠠᠭᠠᠢ ᠲᠤᠷᠰᠢᠯᠳᠠ ᠶᠢ ᠬᠢᠵᠦ ᠳᠡᠶᠢᠯᠬᠦ ᠦᠭᠡᠢ ᠪᠤᠯ ᠴᠢᠰᠤ ᠠᠪᠴᠤ ᠬᠠᠷᠰᠢᠭᠴᠢ ᠶᠢ ᠨᠢ | ᠪᠠᠶᠢᠴᠠᠭᠠᠬᠤ ᠠᠷᠭ᠎ᠠ ᠶᠢ ᠠᠪᠤᠨ᠎ᠠ᠃ | ᠲᠡᠭᠡᠪᠡᠯ ᠬᠠᠷᠰᠢᠭᠴᠢ ᠪᠠᠨ ᠨᠢᠭᠡ ᠯᠡ ᠤᠳᠠᠭ᠎ᠠ ᠪᠠᠶᠢᠴᠠᠭᠠᠪᠠᠯ ᠪᠤᠯᠴᠢᠬᠠᠨ᠎ᠠ ᠤᠤ︖ ᠭᠤᠸᠠᠨ ᠺᠠᠢ ᠡᠮᠴᠢ ᠶᠢᠨ | ᠬᠡᠯᠡᠬᠦ ᠪᠠᠷ᠂ ᠬᠠᠷᠰᠢᠮᠠᠳᠠᠭᠠᠢ ᠪᠠᠶᠢᠳᠠᠯ ᠨᠢ ᠬᠦᠮᠦᠨ ᠢ ᠨᠢᠭᠡ ᠨᠠᠰᠤ ᠪᠠᠷ ᠢᠶᠠᠨ ᠳᠠᠭᠠᠵᠤ ᠮᠡᠳᠡᠨ᠎ᠠ᠂ ᠭᠡᠪᠡᠴᠤ | ᠶᠠᠭᠤᠨ ᠳᠤ ᠬᠠᠷᠰᠢᠬᠤ ᠨᠢ ᠠᠮᠢᠳᠤᠷᠠᠯ ᠤᠨ ᠤᠷᠴᠢᠨ ᠨᠦᠬᠦᠴᠡᠯ ᠤᠨ ᠬᠤᠪᠢᠷᠠᠯᠳᠠ ᠶᠢ ᠳᠠᠭᠠᠯᠳᠤᠨ ᠬᠤᠪᠢᠷᠠᠳᠠᠭ | ᠲᠤᠯᠠ ᠪᠠᠶᠢᠴᠠᠭᠠᠯᠳᠠ ᠶᠢ ᠳᠤᠭᠳᠠᠮᠠᠯ ᠬᠤᠭᠤᠴᠠᠭᠠᠨ ᠳᠤ ᠬᠢᠪᠡᠯ ᠵᠤᠬᠢᠨ᠎ᠠ᠃ ᠬᠡᠤᠬᠡᠳ ᠪᠤᠯ ᠬᠠᠭᠠᠰ ᠵᠢᠯ ᠠᠴᠠ ᠨᠢᠭᠡ | ᠵᠢᠯ ᠤᠨ ᠬᠤᠭᠤᠷᠤᠨᠳᠤ ᠨᠢᠭᠡ ᠤᠳᠠᠭ᠎ᠠ ᠪᠠᠶᠢᠴᠠᠭᠠᠵᠤ᠂ ᠲᠤᠮᠤ ᠬᠦᠮᠦᠨ ᠪᠤᠯ ᠨᠢᠭᠡ ᠠᠴᠠ ᠬᠤᠶᠠᠷ ᠵᠢᠯ ᠤᠨ ᠲᠤᠳᠤᠷ᠎ᠠ | ᠬᠠᠷᠰᠢᠬᠤ ᠵᠦᠢᠯ ᠢᠶᠠᠨ ᠳᠠᠬᠢᠨ ᠪᠠᠶᠢᠴᠠᠭᠠᠬᠤ ᠶᠤᠰᠤᠳᠠᠢ᠃ |