ᠣᠶᠢᠷ᠎ᠠ ᠳᠤ᠂ ᠮᠠᠨ ᠤ ᠠᠶᠢᠮᠠᠭ ᠲᠥᠪ ᠤᠨ ᠡᠳ᠋ ᠤᠨ ᠵᠠᠰᠠᠭ ᠤᠨ ᠬᠤᠶᠠᠳᠤᠭᠠᠷ ᠪᠦᠯᠦᠭ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ | ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢ 293 ᠲᠦᠮᠡᠨ ᠲᠥᠭᠦᠷᠢᠭ ᠢ ᠤᠯᠪᠠ᠃ ᠡᠳᠡᠭᠡᠷ | ᠨᠦᠭᠦᠪᠦᠷᠢ ᠮᠦᠡᠭᠭᠦ ᠶᠢ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠭᠡᠬᠦ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠳᠤ ᠠᠰᠢᠭᠲᠠᠢ ᠲᠦᠷᠦᠯ ᠵᠦᠢᠯ ᠢ ᠳᠡᠮᠵᠢᠵᠤ᠂ ᠬᠡᠷᠡᠭᠯᠡᠯᠲᠡ ᠶᠢᠨ ᠲᠣᠭᠲᠠᠭᠠᠯ ᠳᠤ ᠨᠡᠶᠢᠴᠡᠬᠦ ᠬᠢᠯᠢ | ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠬᠠᠮᠢᠶ᠎ᠠ ᠪᠦᠬᠦᠢ ᠲᠥᠷᠥᠯ ᠵᠦᠢᠯ᠂ ᠦᠨᠳᠦᠰᠦᠲᠡᠨ ᠤ ᠭᠠᠷ | ᠤᠷᠠᠯᠠᠯ ᠤᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠵᠡᠷᠭᠡ ᠣᠨᠴᠠᠯᠢᠭᠲᠤ ᠠᠵᠤ ᠦᠢᠯᠡᠰ ᠵᠢᠴᠢ | ᠦᠢᠯᠡᠳᠪᠦᠷᠢᠯᠡᠯ ᠡᠵᠡᠩᠨᠡᠯᠲᠡ ᠪᠠ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠳᠤ ᠬᠡᠷᠡᠭᠯᠡᠨ᠎ᠠ᠃ | ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠲᠥᠪ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ | ᠡᠭᠦᠷᠭᠡ︶ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢ ᠨᠡᠶᠢᠲᠡ 3753 ᠲᠦᠮᠡᠨ ᠲᠥᠭᠦᠷᠢᠭ ᠭᠤᠶᠤᠴᠢᠯᠠᠨ | ᠤᠯᠵᠤ᠂ ᠡᠭᠦᠨ ᠳᠤ ᠲᠥᠪ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ | ᠪᠠᠯᠠ ᠮᠥᠩᠭᠦ 3383 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ | ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠨᠥᠬᠦᠪᠥᠷᠢ ᠪᠠᠯᠠ ᠮᠥᠩᠭᠦ 370 ᠲᠦᠮᠡᠨ ᠲᠥᠭᠦᠷᠢᠭ ᠪᠣᠶ᠃ | ᠣᠳᠣᠬᠠᠨ ᠳᠤ᠂ ᠨᠥᠬᠦᠪᠥᠷᠢ ᠪᠠᠯᠠ ᠮᠥᠩᠭᠦ ᠶᠢᠨ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ 42᠂ | ᠳᠠᠩᠰᠠᠯᠠᠭᠤᠯᠤᠭᠰᠠᠨ ᠲᠥᠷᠥᠯ ᠵᠦᠢᠯ 18 ᠪᠠᠶᠢᠨ᠎ᠠ᠃ | ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠲᠤ ᠶᠢᠨ ᠬᠥᠭᠵᠢᠯᠲᠡ ᠬᠢᠭᠡᠳ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠰᠠᠯᠠᠭᠠᠨ ᠤ ᠳᠠᠷᠤᠭ᠎ᠠ ᠶᠢᠣ ᠢ᠄ ︽ᠡᠳᠡᠭᠡᠷ ᠲᠦᠷᠦᠯ ᠵᠦᠢᠯ ᠤᠨ | ᠬᠡᠷᠡᠭᠵᠢᠭᠦᠯᠦᠯᠲᠡ ᠨᠢ ᠮᠠᠨ ᠤ ᠠᠶᠢᠮᠠᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠭᠡᠬᠦ ᠠᠵᠢᠯ ᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ | ᠴᠡᠴᠡᠭᠯᠡᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠤᠯᠠᠮ ᠴᠢᠨᠠᠭᠰᠢᠳᠠ ᠪᠠᠲᠤᠳᠬᠠᠬᠤ ᠪᠣᠯᠤᠨ᠎ᠠ᠂ ᠪᠢᠳᠠ ᠪᠠᠯᠠ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠨ᠂ ᠪᠠᠯᠠ | ᠮᠥᠩᠭᠦ ᠶᠢᠨ ᠬᠡᠷᠡᠭᠯᠡᠯᠲᠡ ᠶᠢᠨ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠵᠤ | ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠠᠬᠢᠭᠤᠯᠤᠨ᠂ ᠦᠨᠳᠦᠰᠦᠲᠡᠨ ᠨᠦᠭᠦᠳ ᠤᠨ ᠣᠯᠠᠨ | ᠲᠦᠮᠡᠨ ᠳᠤ ᠨᠠᠩ ᠣᠯᠠᠨ ᠪᠣᠳᠠᠲᠤ ᠠᠰᠢᠭ ᠬᠦᠷᠲᠡᠭᠡᠨ᠎ᠡ︾ ᠭᠡᠪᠡ᠃ |