ᠰᠢᠨ᠎ᠡ ᠲᠦᠷᠤᠯ ᠵᠦᠢᠯ ᠰᠢᠨ᠎ᠡ ᠮᠠᠲ᠋ᠧᠷᠢᠶᠠᠯ ᠰᠢᠨ᠎ᠡ ᠮᠡᠷᠬᠡᠵᠢᠯ ᠰᠢᠨ᠎ᠡ ᠵᠠᠬᠪᠤᠷ ᠮᠠᠨ ᠤ ᠠᠶᠢᠮᠠᠭ ᠤᠨ ᠤᠰᠤ ᠠᠷᠪᠢᠯᠠᠬᠤ ᠮᠡᠷᠬᠡᠵᠢᠯ ᠢᠶᠠᠷ ᠲᠠᠷᠢᠶᠠᠯᠡᠩ ᠤᠨ ᠤᠳᠤᠬᠢᠴᠢᠯᠠᠯᠲᠠ ᠳᠤ ᠰᠢᠨ᠎ᠡ ᠬᠦᠳᠡᠯᠬᠡᠬᠦ ᠬᠦᠴᠤᠨ ᠨᠠᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2025/5/22
    ᠤᠰᠤ ᠠᠷᠪᠢᠯᠠᠬᠤ ᠲᠠᠷᠢᠶᠠᠯᠠᠩ ᠢ ᠬᠥᠭᠵᠢᠭᠦᠯᠬᠦ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠠᠶᠢᠮᠠᠭ ᠲᠠᠷᠢᠶᠠᠯᠠᠩ ᠤᠨ ᠤᠰᠤ ᠶᠢ ᠡᠷᠴᠢᠮᠳᠡᠢ ᠠᠰᠢᠭᠯᠠᠬᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠶ ᠰᠦᠪᠡᠭᠴᠢᠯᠡᠨ᠂ ︽ᠥᠨᠳᠥᠷ ᠪᠦᠲᠦᠮᠵᠢᠲᠡᠶ ᠤᠰᠤ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ ᠤᠰᠤ ᠲᠣᠬᠢᠷᠠᠭᠤᠯᠬᠤ᠂ ᠨᠠᠷᠢᠯᠢᠭ ᠬᠡᠮᠵᠢᠶ᠎ᠡ ᠪᠠᠷ ᠤᠰᠤᠯᠠᠬᠤ︾᠎ ᠪᠠᠷ ᠬᠠᠷᠠᠯᠲᠠ ᠪᠣᠯᠭᠠᠵᠦ ᠂ ᠨᠠᠷᠢᠯᠢᠭ ᠣᠨᠣᠪᠴᠢᠳᠠᠢ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠤᠨ᠂ ᠲᠠᠷᠢᠶᠠᠨ ᠭᠠᠵᠠᠷ ᠤᠨ ᠦᠨᠳᠦᠷ ᠦᠷ᠎ᠠ ᠠᠰᠢᠭ ᠢ ᠨᠡᠮᠡᠭᠳᠡᠬᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠦᠢᠯᠡᠳᠪᠦᠷᠢᠯᠡᠯ ᠢᠶᠠᠨ ᠨᠡᠮᠡᠭᠳᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠭᠰᠠᠨ ᠪᠠᠶᠢᠨ᠎ᠠ᠃    ᠰᠤᠷᠪᠤᠯᠵᠢᠯᠠᠭᠴᠢ ᠠᠯᠠᠱᠠ ᠵᠡᠭᠦᠨ ᠬᠤᠰᠢᠭᠤᠨ ᠤ ᠶᠢᠨ ᠱᠦᠸᠧ ᠳᠤᠰᠤᠯᠭᠠᠨ ᠤᠰᠤᠯᠠᠬᠤ ᠪᠦᠰᠡ ᠤᠶᠢᠯᠡᠳᠪᠤᠷᠢᠯᠡᠬᠦ ᠺᠣᠮᠫᠠᠨᠢ ᠳᠤ ᠬᠦᠷᠬᠦ ᠳᠤ᠂ ᠡᠵᠢᠯᠴᠢᠳ ᠳᠤᠰᠤᠯᠭᠠᠨ ᠤᠰᠤᠯᠠᠬᠤ ᠪᠦᠰᠡ ᠶᠢ ᠱᠠᠯᠠᠪᠳᠠᠨ ᠦᠢᠯᠡᠳᠪᠦᠷᠢᠯᠡᠵᠦ᠂ ᠦᠢᠯᠡᠳᠪᠦᠷᠢ ᠶᠢᠨ ᠲᠠᠰᠤᠭ ᠳᠣᠲᠣᠷ᠎ᠠ ᠶᠠᠭᠠᠷᠠᠯᠲᠠᠶ ᠠᠵᠢᠯᠯᠠᠵᠦ ᠪᠠᠶᠢᠯ᠎ᠠ᠃ ᠲᠣᠰ ᠺᠣᠮᠫᠠᠨᠢ ᠪᠤᠯ 2016 ᠣᠨ ᠳᠤ ᠪᠠᠶᠢᠭᠤᠯᠤᠭᠳᠠᠬᠰᠠᠨ᠂ ᠦᠢᠯᠡᠳᠪᠦᠷᠢᠯᠡᠬᠦ᠂ ᠪᠣᠷᠣᠯᠠᠭᠤᠯᠬᠤ᠂ ᠦᠢᠯᠡᠴᠢᠯᠡᠬᠦ ᠶᠢ ᠨᠢᠭᠡ ᠴᠣᠭᠴᠠᠵᠢᠭᠤᠯᠤᠭᠰᠠᠨ ᠲᠤᠰᠬᠠᠶ ᠮᠡᠷᠭᠡᠵᠢᠯ ᠤᠨ ᠴᠢᠨᠠᠷᠲᠠᠶ ᠤᠰᠤ ᠠᠷᠪᠢᠯᠠᠬᠤ ᠤᠰᠤᠯᠠᠯᠲᠠ ᠶᠢᠨ ᠠᠵᠤ ᠠᠬᠤᠶᠢᠯᠠᠯ ᠪᠣᠯᠤᠨ᠎ᠠ᠃ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠲᠤᠰ ᠺᠣᠮᠫᠠᠨᠢ ᠲᠡᠷᠢᠭᠦᠨ ᠤ ᠦᠢᠯᠡᠳᠪᠦᠷᠢᠯᠡᠯ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠦᠢᠯᠡᠳᠬᠦᠨ ᠨᠢ ᠠᠶᠢᠮᠠᠭ ᠤᠨ ᠳᠣᠲᠣᠭᠠᠳᠤ ᠳᠤ ᠪᠣᠷᠣᠯᠠᠭᠤᠯᠭ᠎ᠠ ᠰᠠᠶᠢᠲᠠᠢ ᠪᠠᠷ ᠪᠠᠷᠠᠬᠤ ᠦᠭᠡᠢ ᠪᠠᠰᠠ ᠤᠶᠢᠷ᠎ᠠ ᠬᠠᠪᠢ ᠶᠢᠨ ᠭᠠᠵᠡᠷ ᠤᠳ ᠢᠶᠠᠷ ᠴᠤ ᠪᠣᠷᠣᠯᠠᠭᠤᠯᠤᠬᠳᠠᠵᠤ ᠪᠤᠢ᠃ ᠺᠣᠮᠫᠠᠨᠢ ᠶᠢᠨ ᠬᠢᠨ ᠪᠠᠰᠠ ᠲᠠᠷᠢᠶᠠᠴᠢᠨ ᠡᠷᠦᠬᠡ ᠳᠤ ᠮᠡᠷᠭᠡᠵᠢᠯ ᠤᠨ ᠵᠢᠯᠤᠭᠤᠳᠤᠯᠭ᠎ᠠ ᠪᠠ ᠦᠢᠯᠡᠴᠢᠯᠡᠭᠡ ᠬᠠᠩᠭᠠᠵᠤ᠂ ᠠᠳᠠᠯᠢ ᠪᠤᠰᠤ ᠲᠠᠷᠢᠮᠠᠯ᠂ ᠬᠥᠷᠥᠰᠥ ᠰᠢᠷᠣᠢ ᠶᠢᠨ ᠨᠥᠬᠦᠴᠡᠯ ᠢ ᠦᠨᠳᠦᠰᠦᠯᠡᠨ᠂ ᠲᠠᠷᠢᠶᠠᠴᠢᠨ ᠡᠷᠦᠬᠡ ᠳᠤ ᠥᠪᠡᠷᠮᠢᠴᠡ ᠤᠨᠴᠠᠯᠢᠠᠠᠲᠦ ᠤᠰᠤᠯᠠᠬᠤ ᠲᠥᠰᠦᠯ ᠲᠣᠭᠲᠠᠭᠠᠵᠤ ᠥᠭᠬᠦ ᠶᠢᠨ ᠬᠠᠮᠲᠤ ᠲᠠᠷᠢᠶᠠᠴᠢᠨ ᠡᠷᠦᠬᠡ ᠶᠢᠨ ᠬᠡᠷᠡᠭᠯᠡᠬᠦ ᠶᠠᠪᠤᠴᠠ ᠳᠤ ᠲᠣᠬᠢᠶᠠᠯᠳᠤᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠭᠰᠡᠬᠡᠷ ᠢᠷᠡᠪᠠ᠃    ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠠᠶᠢᠮᠠᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠥᠨᠳᠥᠷ ᠪᠦᠲᠦᠮᠵᠢᠲᠡᠶ ᠤᠰᠤᠨ ᠳᠤ ᠠᠷᠪᠢᠳᠡᠢ ᠳᠤᠰᠤᠯᠭᠠᠨ ᠤᠰᠤᠯᠠᠬᠤ ᠮᠡᠷᠭᠡᠵᠢᠯ ᠢ ᠲᠠᠷᠢᠶᠠᠯᠠᠩ ᠤᠨ ᠦᠢᠯᠡᠳᠪᠦᠷᠢᠯᠡᠯ ᠳᠤ ᠥᠷᠭᠡᠨ ᠢᠶᠠᠷ ᠬᠡᠷᠡᠭᠯᠡᠬᠦ ᠶᠢ ᠢᠳᠡᠪᠬᠢᠲᠡᠶ ᠠᠬᠢᠭᠤᠯᠪᠠ᠃ ᠳᠤᠰᠤᠯᠭᠠᠨ ᠤᠰᠤᠯᠠᠬᠤ ᠪᠦᠰᠡ ᠶᠢᠨ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠶᠢᠨ ᠬᠠᠮᠲᠤ᠂ ᠮᠠᠰᠢᠨᠴᠢᠯᠠᠯᠲᠠ ᠪᠠᠷ ᠳᠠᠷᠢᠬᠤ᠂ ᠪᠣᠷᠲᠣᠭᠤᠷ ᠣᠷᠣᠭᠤᠯᠬᠤ᠂ ᠬᠤᠭᠤᠯᠠᠶ ᠳᠡᠪᠢᠰᠭᠦ ᠵᠡᠷᠭᠡ ᠠᠵᠢᠯ ᠢ ᠵᠡᠷᠭᠡ ᠳᠤᠨᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠠᠷᠪᠢᠯᠠᠵᠠᠢ᠃ ᠣᠳᠣᠬᠠᠨ ᠳᠤ᠂ ᠪᠥᠬᠦ ᠠᠶᠢᠮᠠᠭ ᠲᠤ 3 ᠠᠵᠦ ᠠᠬᠤᠶᠢᠯᠠᠯ ᠲᠤᠰᠤᠯᠭᠠᠨ ᠤᠰᠤᠯᠠᠬᠤ ᠪᠦᠰᠡ ᠶᠢ ᠦᠢᠯᠡᠳᠪᠦᠷᠢᠯᠡᠵᠦ᠂ ᠡᠵᠡᠩᠨᠡᠨ ᠪᠣᠷᠣᠯᠠᠭᠤᠯᠬᠤ 7 ᠠᠵᠦ ᠠᠬᠤᠶᠢᠯᠠᠯ᠂ ᠮᠡᠷᠭᠡᠵᠢᠯ ᠤᠨ ᠦᠢᠯᠡᠴᠢᠯᠡᠭᠡᠨ ᠤ 3 ᠠᠵᠤ ᠠᠬᠤᠶᠢᠯᠠᠯ ᠲᠠᠢ᠃    ᠡᠨᠡ ᠵᠢᠯ ᠤᠨ ᠬᠠᠪᠤᠷ ᠤᠨ ᠡᠬᠢ ᠪᠠᠷ᠂ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨ ︽2025 ᠣᠨ ᠤ ᠠᠯᠠᠱᠠ ᠠᠶᠢᠮᠠᠭ ᠤᠨ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠎ ᠢ ᠲᠣᠭᠲᠠᠭᠠᠨ ᠨᠡᠶᠢᠲᠡᠯᠡᠵᠦ᠂ ᠤᠰᠤ ᠠᠷᠪᠢᠯᠠᠬᠤ ᠲᠠᠷᠢᠶᠠᠯᠠᠩ ᠢ ᠶᠡᠭᠡ ᠪᠠᠷ ᠬᠥᠭᠵᠢᠭᠦᠯᠬᠦ ᠶᠢ ᠵᠣᠷᠢᠭᠵᠢᠭᠤᠯᠤᠨ᠂ ᠰᠢᠨ᠎ᠡ ᠲᠥᠷᠥᠯ ᠵᠦᠢᠯ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠥᠷᠨᠢᠭᠦᠯᠪᠡ᠃ ᠲᠠᠷᠠᠭᠠᠴᠢ ᠪᠠᠷ᠂ ᠮᠠᠨ ᠤ ᠠᠶᠢᠮᠠᠭ ᠥᠨᠳᠥᠷ ᠪᠦᠲᠦᠮᠵᠢᠲᠡᠶ ᠤᠰᠤᠨ ᠳᠤ ᠠᠷᠪᠢᠳᠡᠢ ᠤᠰᠤᠯᠠᠯᠲᠠ ᠶᠢᠨ ᠲᠥᠬᠦᠭᠡᠷᠦᠮᠵᠢ ᠳᠤ ᠲᠦᠰᠢᠭᠯᠡᠨ᠂ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠵᠡᠷᠭᠡ ᠲᠠᠷᠢᠶᠠᠯᠠᠩ ᠤᠨ ᠮᠡᠷᠭᠡᠵᠢᠯ ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠶᠡᠭᠡ ᠪᠠᠷ ᠳᠡᠯᠭᠡᠷᠡᠭᠦᠯᠵᠦ᠂ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠲᠠᠷᠢᠮᠠᠯ ᠳᠤ ᠳᠣᠭᠢᠷᠠᠬᠤ ᠤᠰᠤ ᠠᠷᠪᠢᠯᠠᠬᠤ ᠤᠰᠤᠯᠠᠯᠲᠠ ᠶᠢᠨ ᠲᠦᠷᠢᠮ ᠪᠠ ᠤᠰᠤ ᠪᠣᠷᠲᠣᠭᠤᠷ ᠢ ᠥᠨᠳᠥᠷ ᠪᠦᠲᠦᠮᠵᠢᠲᠡᠶ ᠠᠰᠢᠭᠯᠠᠬᠤ ᠲᠠᠷᠢᠮᠠᠯ ᠤᠨ ᠵᠠᠭᠪᠤᠷ ᠢ ᠠᠩᠬ᠎ᠠ ᠠᠯᠬᠤᠮ ᠪᠠᠶᠢᠭᠤᠯᠤᠨ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠬᠤ ᠪᠠᠷ ᠪᠤᠢ᠃    ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶᠠᠨ ᠤ ᠳᠡᠳ᠋ ᠳᠠᠷᠤᠭ᠎ᠠ ᠯᠢ ᠰᠢ ᠷᠦᠩ᠂ ᠪᠥᠬᠦ ᠠᠶᠢᠮᠠᠭ ᠤᠨ ᠤᠰᠤ ᠠᠷᠪᠢᠯᠠᠬᠤ ᠠᠵᠢᠯᠯᠠᠭ᠎ᠠ ᠶᠢᠨ ᠠᠵᠢᠯ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠤᠨ ᠬᠢᠨ ᠨᠢᠭᠡᠨᠲᠡ ︽ᠲᠠᠷᠢᠶᠠᠯᠠᠩ ᠤᠨ ᠤᠰᠤ ᠠᠷᠪᠢᠯᠠᠬᠤ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ︾᠎ ᠶᠢ ᠪᠥᠬᠦ ᠲᠠᠯ᠎ᠠ ᠪᠠᠷ ᠥᠷᠨᠢᠭᠦᠯᠵᠦ᠂ ᠭᠠᠵᠠᠷ ᠳᠡᠭᠡᠷᠡᠬᠢ ᠤᠰᠤᠯᠠᠯᠲᠠ ᠶᠢᠨ ᠣᠷᠣᠨ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠤᠰᠤᠯᠠᠯᠲᠠ ᠶᠢᠨ ᠣᠷᠣᠨ ᠵᠡᠷᠬᠡ 2 ᠶᠡᠭᠡ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠠᠷᠪᠢᠯᠠᠬᠤ ᠢᠨᠵᠧᠨᠧᠷᠢᠩ᠂ ᠲᠥᠬᠦᠭᠡᠷᠦᠮᠵᠢ᠂ ᠮᠡᠷᠭᠡᠵᠢᠯ᠂ ᠤᠨᠤᠯ᠂ ᠲᠣᠭᠲᠠᠴᠠ ︽ᠲᠠᠪᠤᠨ ᠶᠡᠭᠡ ᠳᠡᠭᠡᠭᠰᠢᠯᠡᠯᠲᠡ︾᠎ ᠶᠢᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠠᠳᠬᠤᠵᠤ᠂ ᠤᠤᠯ ᠤᠨ ᠲᠡᠷᠡ ᠬᠦ ᠨᠠᠯᠠᠶᠢᠲᠠᠯ᠎ᠠ ᠤᠰᠤᠯᠠᠵᠤ ᠪᠠᠶᠢᠭᠰᠠᠨ ᠠᠴᠠ ᠳᠤᠰᠤᠯᠭᠠᠨ ᠤᠰᠤᠯᠠᠬᠤ ᠪᠣᠯᠭᠠᠨ ᠬᠤᠪᠢᠷᠠᠭᠤᠯᠵᠤ᠂ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠢᠳᠡᠪᠬᠢᠲᠡᠶ ᠬᠥᠲᠥᠯᠥᠨ ᠵᠢᠯᠣᠭᠤᠳᠴᠤ᠂ ᠡᠭᠡᠯᠵᠢᠯᠡᠨ ᠳᠠᠷᠢᠬᠤ ᠶᠢ ᠡᠮᠬᠢ ᠵᠢᠷᠤᠮ ᠲᠠᠢ ᠥᠷᠨᠢᠭᠦᠯᠦᠨ᠂ ᠪᠥᠬᠦ ᠠᠶᠢᠮᠠᠭ ᠤᠨ ᠲᠠᠷᠢᠶᠠᠯᠠᠩ ᠤᠨ ᠤᠰᠤ ᠠᠷᠪᠢᠯᠠᠬᠤ ᠵᠢᠱᠢᠶ᠎ᠡ ᠲᠠᠭᠤᠷᠢᠶᠠᠯ ᠦᠵᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠨᠡ ᠵᠢᠯ ᠤᠨ ᠤᠰᠤ ᠠᠷᠪᠢᠯᠠᠬᠤ ᠴᠢᠳᠠᠪᠤᠷᠢ ᠶᠢ 100 ᠲᠦᠮᠡᠨ ᠪᠣᠰᠤᠭ᠎ᠠ ᠳᠥᠷᠪᠡᠯᠵᠢᠨ ᠮᠧᠲᠷ ᠨᠡᠮᠡᠭᠳᠡᠭᠦᠯᠦᠨ᠂ ᠲᠠᠷᠢᠶᠠᠯᠠᠩ ᠤᠨ ᠤᠰᠤ ᠠᠷᠪᠢᠯᠠᠭᠰᠠᠨ ᠦᠷ᠎ᠡ ᠪᠦᠲᠦᠭᠡᠯ ᠢ ᠨᠡᠩ ᠣᠯᠠᠨ ᠲᠠᠷᠢᠶᠠᠯᠠᠬᠤ ᠡᠷᠦᠬᠡ ᠳᠤ ᠬᠦᠷᠲᠡᠭᠡᠵᠦ᠂ ᠲᠠᠷᠢᠶᠠᠯᠠᠩ ᠤᠨ ᠣᠳᠣᠬᠢᠴᠢᠯᠠᠯᠲᠠ ᠳᠤ ᠲᠠᠰᠤᠷᠠᠯᠲᠠ ᠤᠢᠭᠡᠢ ︽ᠤᠰᠤᠨ ᠤ ᠬᠥᠳᠡᠯᠭᠡᠬᠦ ᠬᠦᠴᠦᠨ︾ ᠬᠠᠩᠭᠠᠨ᠎ᠠ ᠭᠡᠪᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号