ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠤ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠪᠣᠯ ᠮᠠᠨ ᠤ | ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠮᠥᠨ᠃ ᠶᠡᠷᠦᠩᠬᠡᠢ ᠱᠦᠵᠢ ᠰᠢ ᠶᠢᠨ ᠫᠢᠩ᠄ ︽ | ᠨᠠᠮ ᠪᠣᠯᠤᠨ ᠵᠠᠰᠠᠭ ᠤᠨ ᠣᠷᠳᠣᠨ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠶᠢᠨ ᠵᠣᠷᠢᠯᠭ᠎ᠠ ᠨᠢ ᠠᠷᠠᠳ | ᠲᠦᠮᠡᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ ᠶᠤᠮ᠂ ᠡᠨᠡ ᠪᠣᠯ ᠮᠠᠨ ᠤ ᠨᠠᠮ ᠤᠨ ᠵᠣᠷᠢᠯᠲᠠ ᠪᠠ | ᠰᠢᠨᠵᠢ ᠴᠢᠨᠠᠷ ᠠᠴᠠ ᠲᠤᠭᠳᠠᠭᠠᠭᠳᠠᠭᠰᠠᠨ ᠶᠤᠮ᠃ ᠮᠠᠨ ᠤ ᠤᠯᠤᠰ ᠬᠥᠭᠵᠢᠭᠡᠳ ᠶᠠᠮᠠᠷ ᠬᠡᠮᠵᠢᠶᠡᠨ ᠳᠤ ᠬᠦᠷᠦᠭᠰᠡᠨ | ᠴᠦ᠂ ᠠᠷᠠᠳ ᠤᠨ ᠠᠮᠢᠳᠤᠷᠠᠯ ᠰᠠᠶᠢᠵᠢᠷᠠᠭᠠᠳ ᠶᠠᠮᠠᠷ ᠬᠡᠮᠵᠢᠶᠡᠨ ᠳᠤ ᠬᠦᠷᠦᠭᠰᠡᠨ ᠴᠦ᠂ ᠲᠡᠰᠪᠦᠷᠢ | ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠠᠷᠪᠢᠯᠠᠨ ᠭᠠᠮᠨᠠᠬᠤ ᠦᠵᠡᠯ ᠰᠠᠨᠠᠭ᠎ᠠ ᠪᠠᠨ ᠡᠭᠦᠷᠢᠳᠡ ᠤᠷᠬᠢᠵᠤ | ᠪᠣᠯᠬᠤ ᠦᠭᠡᠢ︾ ᠬᠡᠵᠤ ᠵᠢᠭᠠᠵᠤ ᠭᠠᠷᠭᠠᠪᠠ᠃ ᠣᠶᠢᠷ᠎ᠠ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠬᠤ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ ᠪᠠᠶᠢᠬᠤ ᠲᠠᠰᠢᠷᠠᠮ ᠳᠤ᠂ ᠨᠠᠮ ᠤᠨ ᠲᠥᠪ ᠬᠤᠷᠢᠶ᠎ᠠ ᠠᠴᠠ ︽ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠬᠦᠯᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠳᠤ ᠵᠠᠰᠠᠪᠤᠷᠢ | ᠣᠷᠣᠭᠤᠯᠵᠤ᠂ ᠨᠠᠮ ᠵᠠᠰᠠᠭ ᠤᠨ ᠪᠠᠶᠢᠭᠤᠯᠭ᠎ᠠ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠲᠦᠷᠢᠮ ᠤᠨ | ᠱᠤᠷᠠᠭ ᠢ ᠤᠯᠠᠮ ᠨᠢᠭᠡ ᠠᠯᠬᠤᠮ ᠴᠢᠩᠭᠠᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠰᠤᠷᠲᠠᠯ ᠤᠨ ᠪᠠᠶᠢᠭᠤᠯᠤᠯᠲᠠ ᠨᠢ ᠨᠠᠮ ᠤᠨ ᠲᠦᠷᠢ ᠲᠥᠷᠬᠦ ᠳᠤ ᠬᠤᠯᠪᠣᠭᠳᠠᠵᠤ᠂ ᠬᠥᠮᠦᠨ ᠤ ᠰᠡᠳᠭᠢᠯ ᠢ ᠤᠯᠵᠤ | ᠠᠯᠳᠠᠬᠤ ᠳᠤ ᠬᠤᠯᠪᠣᠭᠳᠠᠵᠤ᠂ ᠨᠠᠮ ᠪᠠ ᠤᠯᠤᠰ ᠤᠨ ᠠᠵᠢᠯ ᠦᠢᠯᠡᠰ ᠤᠨ ᠢᠯᠠᠵᠤ ᠢᠯᠠᠭᠳᠠᠬᠤ ᠳᠤ ᠬᠤᠯᠪᠣᠭᠳᠠᠬᠤ | ᠤᠯᠤᠰ ᠲᠦᠷᠦ ᠶᠢᠨ ᠦᠨᠳᠦᠷᠴᠡ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠢᠮ︾ ᠢ ᠰᠤᠷᠤᠯᠴᠠᠨ | ᠤᠬᠠᠭᠤᠯᠵᠤ ᠳᠣᠣᠱᠯᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠲᠦᠷᠢᠮ ᠤᠨ ᠬᠠᠲᠠᠭᠤ ᠴᠢᠩᠭ᠎ᠠ | ᠬᠢᠵᠠᠭᠠᠷᠯᠠᠬᠤ ᠬᠦᠴᠦᠨ ᠢᠶᠠᠷ ᠪᠦᠷᠢᠯᠭᠡᠨ ᠰᠦᠢᠳᠭᠡᠬᠦ ᠰᠤᠷᠲᠠᠯ ᠤᠨ ᠭᠡᠮ ᠰᠣᠭᠤᠭ᠂ ᠠᠵᠢᠯᠯᠠᠭ᠎ᠠ ᠶᠢᠨ ᠠᠷᠬᠠᠭ | ᠭᠡᠮ ᠢ ᠡᠷᠡᠰ ᠬᠤᠷᠢᠭᠯᠠᠬᠤ ᠪᠠ ᠦᠨᠳᠦᠰᠦᠨ ᠠᠴᠠ ᠨᠢ ᠵᠠᠰᠠᠬᠤ ᠬᠡᠷᠡᠭᠲᠡᠢ᠃ | ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ ᠤᠨ ᠬᠠᠰᠢᠯᠭ᠎ᠠ ᠶᠢ ᠲᠠᠰᠤᠷᠠᠯᠲᠠ ᠥᠬᠡᠶ ᠪᠠᠬᠢᠵᠢᠭᠦᠯᠬᠦ | ᠬᠡᠷᠡᠭᠲᠡᠶ᠃ 2013 ᠣᠨ ᠳᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ | ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ ᠠᠴᠠ ︽ | ᠳᠦᠷᠢᠮ︾ ᠢ ᠲᠣᠭᠲᠠᠭᠠᠨ ᠨᠡᠶᠢᠲᠡᠯᠡᠭᠰᠡᠨ ᠪᠥᠭᠡᠳ ︽ᠳᠦᠷᠢᠮ︾ ᠢᠶᠠᠷ ᠭᠤᠣᠯ ᠪᠣᠯᠭᠠᠭᠰᠠᠨ᠂ ᠡᠯ᠎ᠡ | ᠲᠠᠯ᠎ᠠ ᠶᠢᠨ ᠬᠢᠨ ᠤ ᠲᠤᠰᠬᠠᠶ ᠢᠵᠢ ᠪᠦᠷᠢᠳᠦᠭᠦᠯᠦᠭᠰᠡᠨ ᠳᠦᠷᠢᠮ ᠲᠣᠭᠲᠠᠭᠠᠯ ᠤᠨ ᠬᠠᠮᠲᠤ ᠪᠠᠷ ᠪᠤᠶ ᠪᠣᠯᠭᠠᠭᠰᠠᠨ | ᠪᠦᠷᠢᠯᠭᠡᠨ ᠰᠦᠢᠳᠭᠡᠬᠦ ᠶᠢ ᠡᠰᠡᠷᠭᠦᠴᠡᠬᠦ ᠳᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠬᠦ ᠶᠢ | ᠠᠬᠢᠭᠤᠯᠵᠤ᠂ ︽ᠲᠡᠷᠭᠡ ᠬᠦᠰᠭᠡ ᠵᠠᠷᠤᠬᠤ ᠲᠠᠯ᠎ᠠ ᠪᠠᠷ ᠪᠦᠷᠢᠯᠭᠡᠬᠦ︾᠂ ︽ᠢᠳᠡᠵᠦ ᠤᠤᠭᠤᠵᠤ ᠪᠦᠷᠢᠯᠭᠡᠬᠦ︾᠂ ︽ | ᠬᠤᠷᠠᠯ ᠤᠨ ᠭᠠᠵᠠᠷ ᠲᠠᠬᠢ ᠭᠠᠵᠢᠭᠤ ᠰᠤᠷᠲᠠᠯ︾ ᠵᠡᠷᠭᠡ ᠰᠤᠷᠲᠠᠯ ᠤᠨ ᠲᠣᠪᠤᠶᠢᠮ᠎ᠠ ᠠᠰᠠᠭᠤᠳᠠᠯ ᠢ ᠪᠦᠲᠦᠮᠵᠢᠲᠡᠶ ᠪᠠᠷ | ᠬᠤᠷᠢᠭᠯᠠᠨ ᠵᠣᠭᠰᠣᠭᠠᠭᠰᠠᠨ ᠪᠠᠶᠢᠨ᠎ᠠ᠃ ᠡᠭᠦᠨ ᠤ ᠬᠠᠮᠲᠤ᠂ ᠨᠠᠮ ᠤᠨ ᠲᠥᠪ ᠬᠤᠷᠢᠶ᠎ᠠ ᠠᠴᠠ ᠪᠠᠶᠢᠨ ᠳᠠᠬᠢᠨ ᠵᠠᠷᠯᠢᠭ | ᠪᠠᠭᠤᠯᠭᠠᠭᠰᠠᠨ ᠪᠤᠯᠪᠠᠴᠤ᠂ ᠣᠨᠴᠠ ᠵᠠᠷᠢᠮ ᠨᠠᠮ ᠵᠠᠰᠠᠭ ᠤᠨ ᠪᠠᠶᠢᠭᠤᠯᠭ᠎ᠠ ᠲᠡᠩᠳᠡᠭᠦᠦ ᠭᠠᠷ ᠰᠤᠯᠠᠲᠠᠢ᠂ ᠱᠠᠯᠢᠨ | ᠪᠦᠷᠢᠯᠭᠡᠬᠦ ᠦᠵᠡᠭᠳᠡᠯ ᠮᠥᠨ ᠯᠡ ᠪᠠᠶᠢᠨ ᠳᠠᠬᠢᠨ ᠭᠠᠷᠴᠤ᠂ ᠵᠠᠷᠢᠮ ᠨᠠᠮ ᠤᠨ ᠭᠡᠰᠢᠭᠦᠨ ᠺᠠᠳ᠋ᠷ ᠰᠠᠬᠢᠯᠭ᠎ᠠ ᠪᠠᠲᠤ ᠶᠢ | ᠥᠰᠢᠯᠳᠦᠨ ᠵᠥᠷᠢᠴᠡᠵᠦ᠂ ᠳᠠᠯᠳᠠ ᠶᠢᠨ ᠤᠨᠳᠤᠤᠰᠢᠵᠤ ᠢᠯᠡᠷᠡᠭᠰᠡᠨ ︽ᠳᠥᠷᠪᠡᠨ ᠰᠤᠷᠲᠠᠯ︾ ᠤᠨ ᠠᠰᠠᠭᠤᠳᠠᠯ ᠢ | ᠮᠥᠨ ᠯᠡ ᠣᠯᠠᠨᠲᠠ ᠬᠤᠷᠢᠭᠯᠠᠭᠰᠠᠨ ᠴᠤ ᠵᠣᠭᠰᠣᠬᠤ ᠥᠬᠡᠶ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠶ᠃ | ᠡᠨᠡ ᠤᠳᠠᠭ᠎ᠠ ︽ᠲᠦᠷᠢᠮ︾ ᠳᠤ ᠵᠠᠰᠠᠪᠤᠷᠢ ᠣᠷᠣᠭᠤᠯᠬᠤ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠴᠠᠭ ᠦᠶ᠎ᠡ ᠲᠠᠢ ᠵᠡᠷᠭᠡ ᠪᠠᠷ | ᠤᠷᠤᠭᠰᠢᠯᠠᠨ ᠵᠠᠷᠤᠳᠠᠯ ᠤᠨ ᠬᠠᠮᠢᠶᠠᠷᠤᠯᠲᠠ᠂ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠢᠶᠠᠷ ᠭᠠᠳᠠᠭᠰᠢ | ᠭᠠᠷᠬᠤ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ︵ᠬᠢᠯᠢ︶ ᠳᠤ ᠭᠠᠷᠬᠤ᠂ ᠠᠯᠪᠠᠨ ᠶᠠᠪᠤᠳᠠᠯ ᠢᠶᠠᠷ | ᠵᠣᠴᠢᠯᠠᠬᠤ᠂ ᠠᠯᠪᠠᠨ ᠶᠠᠪᠤᠳᠠᠯ ᠳᠤ ᠲᠡᠷᠭᠡ ᠬᠡᠷᠡᠭᠯᠡᠬᠦ᠂ ᠬᠤᠷᠠᠯ ᠤᠨ ᠠᠵᠢᠯᠯᠠᠭ᠎ᠠ᠂ ᠠᠯᠪᠠᠨ ᠠᠵᠢᠯ ᠳᠤ ᠬᠡᠷᠡᠭᠯᠡᠬᠦ ᠬᠡᠷ | ᠪᠠᠶᠢᠰᠢᠩ᠂ ᠡᠬᠢ ᠪᠠᠶᠠᠯᠢᠭ ᠢ ᠠᠷᠪᠢᠯᠠᠬᠤ ᠵᠡᠷᠭᠡ ᠲᠣᠭᠲᠠᠭᠠᠯ ᠢ ᠲᠡᠭᠦᠯᠳᠡᠷᠵᠢᠭᠦᠯᠵᠦ᠂ ᠠᠵᠢᠯᠴᠢ ᠠᠷᠪᠢᠴᠢ ᠠᠷᠪᠢᠯᠠᠨ | ᠭᠠᠮᠨᠠᠬᠤ ᠶᠢ ᠴᠢᠩᠭ᠎ᠠ ᠬᠡᠷᠡᠭᠵᠢᠭᠦᠯᠬᠦ᠂ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠨᠳᠤᠯᠭᠠᠲᠤ ᠴᠢᠨᠠᠷᠲᠠᠶ ᠪᠠᠷ ᠤᠷᠬᠢᠭᠳᠠᠭᠰᠠᠨ ᠵᠦᠢᠯ ᠢ ᠪᠠᠶᠢᠴᠠᠭᠠᠨ | ᠲᠤᠲᠠᠭᠤᠳᠠᠯ ᠢ ᠨᠥᠬᠦᠪᠥᠷᠢᠯᠡᠵᠤ᠂ ᠰᠢᠨᠡᠳᠭᠡᠨ ᠲᠠᠰ ᠳᠡᠪᠰᠢᠭᠦᠯᠬᠦ ᠪᠠᠷ ᠳᠠᠮᠵᠢᠨ᠂ ᠪᠦᠷᠢᠯᠭᠡᠨ ᠰᠦᠢᠳᠭᠡᠬᠦ ᠶᠢ | ᠡᠰᠡᠷᠭᠦᠴᠡᠬᠦ ᠲᠦᠷᠢᠮ ᠤᠨ ᠬᠠᠰᠢᠯᠭ᠎ᠠ ᠶᠢ ᠤᠯᠠᠮ ᠨᠢᠭᠡ ᠠᠯᠬᠤᠮ ᠪᠠᠲᠤ ᠪᠤᠯᠭᠠᠪᠠ᠃ | ᠨᠠᠮ ᠵᠠᠰᠠᠭ ᠲᠦᠷᠦᠭᠦᠯᠡᠨ ᠠᠷᠪᠢᠯᠠᠨ ᠭᠠᠮᠨᠠᠬᠤ ᠶᠢ ᠡᠷᠬᠢᠮᠯᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠠᠮ ᠵᠠᠰᠠᠭ ᠤᠨ ᠪᠠᠶᠢᠭᠤᠯᠭ᠎ᠠ ᠶᠢᠨ | ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠬᠢᠨᠠᠨ ᠬᠠᠮᠢᠶᠠᠷᠬᠤ ᠠᠷᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠣᠭᠤᠯᠬᠤ ᠴᠢᠭᠯᠡᠯ ᠪᠠ | ᠪᠦᠲᠦᠴᠡ ᠶᠢ ᠰᠢᠯᠢᠳᠡᠭᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ | ᠶᠠᠪᠤᠳᠠᠯ ᠢᠶᠠᠷ ᠭᠠᠳᠠᠭᠰᠢ ᠭᠠᠷᠬᠤ ᠠᠵᠢᠯᠯᠠᠭ᠎ᠠ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ ᠭᠠᠷᠬᠤ ︵ | ᠬᠢᠯᠢ︶ ᠠᠵᠢᠯᠯᠠᠭ᠎ᠠ᠂ ᠠᠯᠪᠠᠨ ᠶᠠᠪᠤᠳᠠᠯ ᠤᠨ ᠵᠣᠴᠢᠯᠠᠬᠤ ᠠᠵᠢᠯᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ | ᠬᠤᠷᠠᠯ ᠤᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠭᠡᠷ ᠪᠠᠶᠢᠰᠢᠩ ᠢ ᠴᠢᠩᠭ᠎ᠠ ᠬᠠᠲᠠᠭᠤ ᠬᠠᠮᠢᠶᠠᠷᠴᠤ᠂ ᠡᠬᠢ | ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠴᠢᠩᠭᠠᠳᠬᠠᠬᠤ ᠲᠠᠯ᠎ᠠ ᠪᠠᠷ ᠨᠡᠩ ᠥᠨᠳᠥᠷ ᠪᠠᠷᠢᠮᠵᠢᠶ᠎ᠠ᠂ ᠨᠡᠩ | ᠴᠢᠩᠭ᠎ᠠ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠬᠢᠨ ᠠᠷᠪᠢᠯᠠᠨ | ᠭᠠᠮᠨᠠᠬᠤ ᠶᠢ ᠡᠷᠬᠢᠮᠯᠡᠬᠦ ᠡᠯ᠎ᠡ ᠵᠦᠢᠯ ᠤᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ | ᠠᠵᠢᠯᠴᠢ ᠠᠷᠪᠢᠴᠢ ᠪᠠᠷ ᠠᠯᠢᠪᠠ ᠠᠵᠢᠯ ᠦᠢᠯᠡᠰ ᠢ ᠡᠷᠬᠢᠯᠡᠵᠦ᠂ ᠴᠢᠩᠭᠠᠳᠬᠠᠨ ᠶᠠᠪᠤᠴᠠ ᠶᠢ ᠳᠥᠭᠦᠮᠴᠢᠯᠡᠨ᠂ ᠨᠠᠷᠢᠨ | ᠨᠢᠭᠲᠠ ᠪᠤᠳᠤᠵᠤ᠂ ᠬᠢᠵᠠᠭᠠᠷᠯᠠᠬᠤ ᠶᠢ ᠴᠢᠩᠭᠠᠳᠬᠠᠨ᠂ ᠵᠠᠷᠤᠯᠭ᠎ᠠ ᠶᠢ ᠴᠢᠩᠭ᠎ᠠ ᠡᠵᠡᠮᠳᠡᠵᠤ᠂ ᠬᠢᠵᠠᠭᠠᠷ ᠲᠠᠢ | ᠡᠳ᠋ ᠤᠨ ᠵᠠᠰᠠᠭ ᠤᠨ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠨᠡᠩ ᠤᠯᠠᠨ ᠪᠡᠯᠡ ᠮᠥᠩᠭᠦ | ᠶᠢ ᠠᠷᠪᠢᠯᠠᠨ ᠭᠠᠷᠭᠠᠵᠤ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ | ᠬᠡᠷᠡᠭᠯᠡᠬᠦ ᠬᠡᠷᠡᠭᠲᠡᠢ᠃ | ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠨᠡᠨ ᠬᠦ ᠪᠤᠢ ᠪᠣᠯᠭᠠᠵᠤ | ᠦᠢᠯᠡᠳᠦᠯᠭᠡᠵᠢᠭᠦᠯᠬᠦ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠡᠯ᠎ᠡ ᠱᠠᠲᠤᠨ ᠤ | ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠡᠷᠬᠡᠪᠰᠢ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ | ᠲᠤᠬᠠᠢ ᠵᠦᠪ ᠦᠵᠡᠯᠲᠡ ᠶᠢ ᠪᠤᠢ ᠪᠣᠯᠭᠠᠵᠤ᠂ ᠠᠷᠠᠳ ᠢ ᠵᠦᠳᠡᠭᠡᠵᠦ ᠡᠳ᠋ ᠮᠦᠩᠬᠦ ᠶᠢ ᠰᠦᠢᠳᠬᠡᠬᠦ ︽ᠳᠦᠷᠢ | ᠲᠥᠷᠬᠦ ᠶᠢᠨ ᠢᠨᠵᠧᠨᠧᠷᠢᠩ︾᠂ ︽ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠢᠨᠵᠧᠨᠧᠷᠢᠩ︾ ᠬᠢᠬᠦ ᠶᠢ | ᠴᠢᠩᠭ᠎ᠠ ᠴᠠᠭᠠᠵᠠᠯᠠᠬᠤ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠰᠶᠢᠳᠪᠦᠷᠢᠲᠦ ᠪᠣᠳᠣᠯᠭ᠎ᠠ ᠶᠢᠨ ᠠᠯᠳᠠᠭ᠎ᠠ | ᠪᠣᠯ ᠬᠠᠮᠤᠭ ᠤᠨ ᠶᠡᠭᠡ ᠪᠠᠷ ᠪᠦᠷᠢᠯᠭᠡᠨ ᠰᠦᠢᠳᠬᠡᠬᠦ ᠶᠠᠪᠤᠳᠠᠯ ᠮᠥᠨ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ | ᠪᠣᠯᠣᠨ ᠤᠳᠤᠷᠢᠳᠬᠤ ᠺᠠᠳ᠋ᠷᠴᠤᠳ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ ᠵᠦᠪ ᠦᠵᠡᠯᠲᠡ ᠶᠢ ᠪᠠᠲᠤ | ᠪᠤᠶ ᠪᠣᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ | ᠲᠠᠯ᠎ᠠ ᠪᠠᠷ ᠳᠣᠣᠱᠯᠠᠭᠤᠯᠵᠦ᠂ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ᠂ ᠲᠦᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠨᠡᠶᠢᠲᠡᠯᠡᠵᠤ᠂ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠳᠤ ᠴᠥᠮ ᠶᠡᠭᠡ ᠪᠠᠷ | ᠪᠦᠷᠢᠯᠭᠡᠨ ᠰᠦᠢᠳᠬᠡᠬᠦ᠂ ᠢᠷᠡᠬᠦ ᠵᠢᠯ ᠤᠨ ᠬᠦᠨᠡᠰᠦ ᠪᠠᠨ ᠡᠨᠡ ᠵᠢᠯ ᠳᠡᠭᠡᠨ ᠢᠳᠡᠬᠦ ᠶᠢ ᠴᠢᠩᠭ᠎ᠠ ᠴᠡᠭᠡᠷᠯᠡᠵᠦ᠂ | ᠬᠢᠵᠠᠭᠠᠷ ᠲᠠᠢ ᠡᠳ᠋ ᠤᠨ ᠵᠠᠰᠠᠭ ᠤᠨ ᠡᠬᠢ ᠪᠠᠶᠠᠯᠢᠭ ᠢ ᠥᠭᠡᠷᠡᠴᠢᠯᠡᠯᠲᠡ ᠶᠢ ᠠᠳᠬᠤᠬᠤ᠂ ᠬᠥᠭᠵᠢᠯᠲᠡ ᠶᠢ | ᠠᠬᠢᠭᠤᠯᠬᠤ᠂ ᠪᠣᠳᠠᠲᠦ ᠠᠵᠢᠯ ᠬᠢᠬᠦ ᠳᠤ ᠬᠡᠷᠡᠭᠯᠡᠵᠦ᠂ ᠨᠠᠮ ᠤᠨ ᠲᠥᠪ ᠬᠤᠷᠢᠶ᠎ᠡ ᠶᠢᠨ ᠴᠢᠨᠠᠷ ᠰᠠᠶᠢᠲᠠᠢ | ᠬᠥᠭᠵᠢᠯᠲᠡ ᠶᠢᠨ ᠲᠤᠬᠠᠢ ᠡᠯ᠎ᠡ ᠵᠦᠢᠯ ᠤᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠨᠡᠨ ᠬᠦ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠡᠯ᠎ᠡ ᠵᠦᠢᠯ ᠤᠨ ᠬᠡᠯᠪᠡᠷᠢ ᠶᠢᠨ ︽ | ᠵᠠᠰᠠᠭ ᠤᠨ ᠠᠵᠢᠯ ᠤᠨ ᠬᠢᠷᠢ ᠪᠦᠲᠦᠮᠵᠢ ᠭᠠᠷᠭᠠᠬᠤ ᠶᠢᠨ ᠲᠦᠯᠦᠬᠡ ᠰᠤᠬᠤᠷ ᠪᠡᠯᠡᠢ ᠪᠠᠷ ᠬᠢᠬᠦ ᠭᠡᠮ︾ ᠢ ᠡᠷᠡᠰ | ᠵᠠᠯᠠᠷᠠᠭᠤᠯᠤᠨ ᠵᠠᠰᠠᠵᠤ᠂ ᠤᠳᠤᠷᠢᠳᠬᠤ ᠺᠠᠳ᠋ᠷᠴᠤᠳ ᠤᠨ ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠲᠤᠬᠠᠢ | ᠦᠵᠡᠯᠲᠡ ᠭᠠᠵᠢᠵᠤ᠂ ᠴᠢᠬᠤᠯᠠ ᠶᠡᠭᠡ ᠰᠶᠢᠳᠪᠦᠷᠢᠲᠦ ᠪᠣᠳᠣᠯᠭ᠎ᠠ ᠶᠢᠨ ᠠᠯᠳᠠᠭ᠎ᠠ ᠢᠯᠠᠩᠭᠤᠶ᠎ᠠ ︽ᠳᠦᠷᠢ | ᠲᠥᠷᠬᠦ ᠶᠢᠨ ᠢᠨᠵᠧᠨᠧᠷᠢᠩ︾᠂ ︽ᠵᠠᠰᠠᠭ ᠤᠨ ᠠᠵᠢᠯ ᠤᠨ ᠬᠢᠷᠢ ᠪᠦᠲᠦᠮᠵᠢ ᠶᠢᠨ ᠢᠨᠵᠧᠨᠧᠷᠢᠩ︾ ᠬᠢᠭᠰᠡᠨ ᠠᠴᠠ | ᠪᠣᠯᠵᠤ ᠬᠦᠨᠳᠦ ᠨᠣᠴᠢᠲᠠᠢ ᠪᠦᠷᠢᠯᠭᠡᠨ ᠰᠦᠢᠳᠬᠡᠭᠰᠡᠨ ᠪᠠᠶᠢᠪᠠᠯ᠂ ᠡᠷᠬᠡᠪᠰᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ | ᠬᠡᠷᠡᠭᠲᠡᠢ᠃ | ᠱᠠᠯᠢᠨ ᠪᠦᠷᠢᠯᠭᠡᠬᠦ ᠭᠠᠵᠢᠭᠤ ᠰᠤᠷᠲᠠᠯ ᠢ ᠬᠦᠴᠦᠲᠡᠢ ᠬᠤᠷᠢᠭᠯᠠᠨ ᠵᠣᠭᠰᠤᠭᠠᠬᠤ ᠬᠡᠷᠡᠭᠲᠡᠢ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠳᠦᠷᠢᠮ︾ ᠳᠤ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ | ᠴᠢᠩᠭᠠᠳᠬᠠᠬᠤ ᠢᠯᠠᠩᠭᠤᠶ᠎ᠠ ᠱᠠᠯᠢᠨ ᠪᠦᠷᠢᠯᠬᠡᠬᠦ ᠦᠵᠡᠭᠳᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠳᠤ | ᠴᠢᠭᠯᠡᠭᠦᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠩᠳᠠᠯᠠᠵᠤ᠂ ᠳᠦᠷᠢᠮ | ᠲᠤᠭᠲᠠᠭᠠᠯ ᠢ ᠨᠡᠩ ᠴᠢᠩᠭᠠᠯᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠳᠣᠣᠱᠯᠠᠭᠤᠯᠬᠤ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠯᠪᠠᠨ ᠶᠠᠪᠤᠳᠠᠯ ᠤᠨ | ᠠᠵᠢᠯᠯᠠᠭ᠎ᠠ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠬᠤᠷᠠᠯ ᠤᠨ ᠠᠵᠢᠯᠯᠠᠭ᠎ᠠ᠂ ᠠᠯᠪᠠᠨ ᠳᠤ ᠬᠡᠷᠡᠭᠯᠡᠬᠦ ᠭᠡᠷ | ᠪᠠᠶᠢᠰᠢᠩ ᠵᠡᠷᠭᠡ ᠠᠷᠪᠢᠯᠠᠨ ᠭᠠᠮᠨᠠᠬᠤ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠠᠴᠠ | ᠬᠡᠲᠦᠷᠡᠭᠦᠯᠦᠨ ᠬᠡᠭᠡᠨᠴᠢᠷ ᠡᠳ᠋ ᠪᠣᠳᠠᠰ ᠲᠥᠬᠦᠭᠡᠷᠦᠮᠵᠢ ᠬᠤᠳᠠᠯᠳᠤᠨ ᠠᠪᠬᠤ ᠪᠤᠶᠤ ᠡᠳ᠋ᠯᠡᠬᠦ ᠶᠢ ᠴᠢᠩᠭ᠎ᠠ ᠬᠤᠷᠢᠭᠯᠠᠵᠤ | ᠂ ᠪᠠᠷᠢᠮᠵᠢᠶ᠎ᠠ ᠠᠴᠠ ᠬᠡᠲᠦᠷᠡᠭᠦᠯᠦᠨ ᠠᠯᠪᠠᠨ ᠶᠠᠪᠤᠳᠠᠯ ᠤᠨ ᠵᠣᠴᠢᠯᠠᠭ᠎ᠠ ᠡᠷᠬᠢᠯᠡᠬᠦ ᠶᠢ ᠴᠢᠩᠭ᠎ᠠ ᠬᠤᠷᠢᠭᠯᠠᠵᠤ᠂ | ᠪᠠᠷᠢᠮᠵᠢᠶ᠎ᠠ ᠠᠴᠠ ᠬᠡᠲᠦᠷᠡᠭᠦᠯᠦᠨ ᠵᠣᠴᠢᠯᠠᠭ᠎ᠠ ᠶᠢᠨ ᠲᠠᠯᠠᠪᠤᠷ ᠪᠠ ᠠᠯᠪᠠᠨ ᠤ ᠭᠡᠷ ᠪᠠᠶᠢᠰᠢᠩ ᠢ ᠪᠦᠲᠦᠭᠡᠨ ᠪᠠᠶᠢᠭᠤᠯᠬᠤ | ᠪᠤᠶᠤ ᠶᠡᠭᠡ ᠮᠦᠩᠬᠦ ᠵᠠᠷᠤᠴᠠᠭᠤᠯᠤᠨ ᠬᠡᠭᠡᠨᠴᠢᠷᠯᠡᠨ ᠵᠠᠰᠠᠵᠤ ᠴᠢᠮᠡᠭᠯᠡᠬᠦ ᠶᠢ ᠴᠢᠩᠭ᠎ᠠ ᠬᠤᠷᠢᠭᠯᠠᠵᠤ᠂ ᠠᠯᠪᠠᠨ | ᠶᠠᠪᠤᠳᠠᠯ ᠳᠤ ᠬᠡᠷᠡᠭᠯᠡᠬᠦ ᠲᠡᠷᠭᠡᠨ ᠳᠤ ᠳᠡᠭᠡᠳᠦ ᠲᠡᠰ ᠤᠨ ᠲᠣᠬᠢᠷᠠᠭᠤᠯᠭ᠎ᠠ ᠪᠤᠶᠤ ᠬᠡᠭᠡᠨᠴᠢᠷ ᠳᠣᠲᠣᠷ ᠴᠢᠮᠡᠭᠯᠡᠯ | ᠨᠡᠮᠡᠬᠦ ᠶᠢ ᠴᠢᠩᠭ᠎ᠠ ᠴᠠᠭᠠᠵᠠᠯᠠᠵᠤ᠂ ᠪᠠᠶᠠᠷ ᠳᠤᠷᠠᠰᠬᠠᠯ ᠬᠤᠷᠠᠯ ᠦᠵᠡᠰᠭᠦᠯᠡᠩ ᠶᠠᠷᠢᠯᠴᠠᠭᠠᠨ ᠤ ᠲᠠᠪᠴᠠᠩ᠂ ᠪᠡᠶ᠎ᠡ ᠶᠢᠨ | ᠲᠠᠮᠢᠷ ᠤᠨ ᠴᠤᠭᠯᠠᠭᠠᠨ᠂ ᠤᠷᠤᠯᠳᠤᠭᠠᠨ ᠵᠡᠷᠭᠡ ᠠᠵᠢᠯᠯᠠᠭ᠎ᠠ ᠶᠢᠨ ᠳᠤᠮᠳᠠ ᠬᠠᠷᠢᠯᠴᠠᠨ ᠠᠳᠠᠯᠢᠳᠬᠠᠬᠤ᠂ ᠶᠡᠭᠡ ᠪᠠᠷ | ᠪᠠᠵᠠᠭᠠᠬᠤ᠂ ᠱᠠᠯᠢᠨ ᠪᠦᠷᠢᠯᠭᠡᠬᠦ ᠶᠢ ᠡᠷᠡᠰ ᠰᠡᠷᠭᠡᠶᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠᠬᠢ ︽ | ᠦᠩᠬᠡᠨ ᠲᠠᠯ᠎ᠠ ᠶᠢᠨ ᠢᠨᠵᠧᠨᠧᠷᠢᠩ︾ ᠢ ᠡᠷᠡᠰ ᠰᠡᠷᠭᠡᠶᠢᠯᠡᠨ ᠵᠠᠰᠠᠬᠤ ᠪᠠ ᠵᠠᠯᠠᠷᠠᠭᠤᠯᠬᠤ ᠬᠡᠷᠡᠭᠳᠡᠢ᠃ | ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠤᠯᠠᠮ | ᠨᠢᠭᠡ ᠠᠯᠬᠤᠮ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠤᠳᠤᠷᠢᠳᠬᠤ ᠪᠠᠶᠢᠭᠤᠯᠭ᠎ᠠ ᠪᠠ ᠤᠳᠤᠷᠢᠳᠬᠤ | ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ | ᠪᠠᠷᠢᠮᠲᠠᠯᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ ᠤᠨ ᠬᠢᠨ ᠠᠵᠢᠯᠴᠢ ᠠᠷᠪᠢᠴᠢ | ᠠᠷᠪᠢᠯᠠᠨ ᠭᠠᠮᠨᠠᠬᠤ᠂ ᠱᠠᠯᠢᠨ ᠪᠦᠷᠢᠯᠭᠡᠬᠦ ᠶᠢ ᠡᠰᠡᠷᠭᠦᠴᠡᠬᠦ ᠲᠠᠯ᠎ᠠ ᠪᠠᠷ ᠲᠦᠷᠦᠭᠦᠯᠡᠨ ᠬᠢᠵᠤ᠂ ᠦᠯᠢᠭᠡᠷ ᠳᠠᠭᠤᠷᠢᠶᠠᠯ | ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠵᠢᠴᠢ ᠲᠡᠭᠦᠨ ᠤ ᠠᠵᠢᠯᠲᠠᠳ ᠤᠨ ︽ᠳᠦᠷᠢᠮ︾ | ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠶᠢ ᠠᠬᠢᠭᠤᠯᠵᠤ᠂ ᠠᠷᠪᠢᠯᠠᠨ ᠭᠠᠮᠨᠠᠬᠤ ᠦᠵᠡᠯᠲᠡ᠂ ᠠᠷᠪᠢᠴᠢ | ᠪᠣᠷᠣᠭᠵᠢᠭᠤᠨ ᠪᠠᠶᠢᠬᠤ ᠤᠬᠠᠮᠰᠠᠷ ᠢ ᠪᠤᠢ ᠪᠣᠯᠭᠠᠵᠤ᠂ ᠪᠡᠯᠡ ᠮᠥᠩᠭᠦᠨ ᠤ ᠡᠬᠢ ᠪᠠᠶᠠᠯᠢᠭ ᠢ ᠠᠷᠪᠢᠲᠠᠢ ᠡᠷᠴᠢᠮᠯᠢᠭ | ᠬᠡᠷᠡᠭᠯᠡᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠠᠵᠢᠯᠯᠠᠭ᠎ᠠ ᠶᠢ ᠲᠦᠷᠦᠭᠦᠯᠡᠨ ᠥᠷᠨᠢᠭᠦᠯᠵᠦ᠂ ᠡᠯ᠎ᠡ ᠵᠦᠢᠯ ᠤᠨ | ᠪᠡᠯᠡ ᠮᠥᠩᠭᠦᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠬᠤ ᠬᠡᠷᠡᠭᠲᠡᠢ᠃ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠤ᠂ | ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠢ | ᠠᠬᠢᠭᠤᠯᠵᠤ᠂ ᠰᠢᠯᠢᠳᠡᠭ ᠰᠠᠶᠢᠨ ᠨᠠᠮ ᠤᠨ ᠰᠤᠷᠲᠠᠯ ᠵᠠᠰᠠᠭ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ | ᠰᠤᠷᠲᠠᠯ ᠢ ᠬᠥᠲᠥᠯᠥᠨ ᠳᠠᠭᠠᠭᠤᠯᠵᠤ᠂ ᠨᠡᠶᠢᠭᠡᠮ ᠳᠠᠶᠠᠭᠠᠷ ᠲᠤ ᠪᠦᠷᠢᠯᠭᠡᠨ ᠰᠦᠢᠳᠬᠡᠬᠦ ᠨᠢ ᠢᠴᠢᠭᠦᠷᠢ ᠲᠠᠢ᠂ | ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠭᠡᠬᠦ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ | ᠪᠤᠢ ᠪᠣᠯᠭᠠᠬᠤ ᠬᠡᠷᠡᠭᠲᠡᠢ᠃ |