2025 ᠣᠨ ᠤ 3 ᠳ᠋ᠤᠭᠠᠷ ᠰᠠᠷ᠎ᠠ ᠶᠢᠨ 13 ᠤ ᠡᠳᠦᠷ᠂ ᠠᠯᠠᠱᠠ ᠠᠶᠢᠮᠠᠭ ᠤᠨ ᠵᠠᠬᠢᠷᠭ᠎ᠠ ︽ᠠᠯᠠᠱᠠ | ᠠᠶᠢᠮᠠᠭ ᠤᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ︵ | 2025—2027 ᠣᠨ︶︾ ︵ᠠᠯᠠᠱᠠ ᠵᠠᠬᠢᠷᠭ᠎ᠠ ᠲᠠᠷᠬᠠᠭᠠᠭᠰᠠᠨ ﹇2025﹈ 5 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ᠂ ᠡᠳᠦᠭᠡ ᠲᠠᠶᠢᠯᠤᠮᠵᠢ | ᠬᠢᠶ᠎ᠡ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ | ᠠᠯᠠᠱᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ︽157︾ ᠬᠥᠭᠵᠢᠯᠲᠡ ᠶᠢᠨ | ᠰᠡᠳᠬᠢᠴᠡ ᠶᠢ ᠦᠢᠯᠡᠳᠦᠯᠭᠡᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠢᠳᠡᠪᠬᠢᠲᠡᠶ ᠥᠷᠨᠢᠭᠦᠯᠵᠦ᠂ ᠠᠯᠠᠱᠠ | ᠠᠶᠢᠮᠠᠭ ᠤᠨ ᠪᠥᠬᠦ ᠰᠠᠭᠤᠭᠠᠯᠢ ᠠᠷᠠᠳ ᠤᠨ ᠣᠷᠣᠯᠭ᠎ᠠ ᠶᠢ ᠪᠦᠬᠦᠯᠢ ᠴᠣᠭᠴᠠ ᠪᠠᠷ ᠨᠢ ᠨᠡᠮᠡᠭᠳᠡᠬᠦᠯᠵᠦ᠂ ᠠᠷᠠᠳ ᠤᠨ | ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ᠃ | ᠬᠤᠶᠠᠷ᠂ ᠶᠡᠷᠦᠩᠬᠡᠶ ᠬᠠᠷᠠᠯᠲᠠ | 2027 ᠣᠨ ᠪᠣᠯᠬᠤ ᠳᠤ᠂ ᠪᠥᠬᠦ ᠠᠶᠢᠮᠠᠭ ᠤᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠶᠢᠨ ᠬᠠᠷᠢᠴᠠᠯᠠᠰᠢᠭᠦᠶ ᠥᠷᠲᠡᠭ ᠢ ᠦᠷᠭᠦᠯᠵᠢᠯᠡᠨ ᠪᠥᠬᠦ ᠣᠷᠣᠨ ᠤ ᠡᠮᠦᠨ᠎ᠡ ᠡᠩᠨᠡᠭᠡᠨ ᠳᠤ | ᠣᠷᠣᠭᠤᠯᠵᠣ᠂ ᠵᠢᠯ ᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠤ ᠳᠤᠮᠳᠠᠴᠢ ᠬᠢᠷᠢ | ᠲᠦᠪᠰᠢᠨ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠢᠯᠡᠳᠲᠡ | ᠥᠷᠭᠡᠳᠴᠦ᠂ ᠬᠤᠲᠠ ᠬᠥᠳᠡᠭᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠨ᠂ ᠬᠠᠮᠲᠤ ᠪᠠᠷ | ᠴᠢᠨᠡᠭᠡᠯᠢᠭᠵᠢᠬᠦ ᠶᠢ ᠪᠣᠳᠠᠲᠠᠶ ᠠᠬᠢᠴᠠ ᠲᠠᠢ ᠪᠣᠯᠭᠠᠵᠤ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠦᠷ᠎ᠡ ᠪᠦᠲᠦᠭᠡᠯ ᠢ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢᠶᠠᠷ ᠳᠠᠮᠵᠢᠭᠤᠯᠤᠨ | ᠪᠦᠲᠦᠮᠵᠢᠲᠡᠶ ᠢᠯᠡᠷᠡᠭᠦᠯᠦᠨ᠎ᠡ᠃ | ᠭᠤᠷᠪᠠ᠂ ᠭᠤᠣᠯ ᠠᠭᠤᠯᠭ᠎ᠠ | ᠲᠥᠰᠦᠯ ᠨᠢ ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠪᠠᠲᠤᠯᠠᠭ᠎ᠠ ᠶᠢᠨ ᠲᠣᠭᠲᠠᠴᠠ ᠵᠡᠷᠭᠡ ᠭᠤᠷᠪᠠᠨ | ᠲᠠᠯ᠎ᠠ ᠪᠠᠷ ᠭᠤᠤᠯ ᠠᠭᠤᠯᠭ᠎ᠠ ᠪᠣᠯᠭᠠᠵᠤ᠂ ᠳᠥᠷᠪᠡᠨ ᠵᠦᠢᠯ ᠤᠨ ᠣᠷᠣᠯᠭ᠎ᠠ ︵ᠴᠠᠯᠢᠩ ᠤᠨ ᠴᠢᠨᠠᠷᠲᠠᠶ ᠣᠷᠣᠯᠭ᠎ᠠ᠂ | ᠡᠵᠡᠩᠨᠡᠯᠲᠡ ᠶᠢᠨ ᠴᠡᠪᠡᠷ ᠣᠷᠣᠯᠭ᠎ᠠ᠂ ᠰᠢᠯᠵᠢᠯᠳᠡ ᠶᠢᠨ ᠴᠢᠨᠠᠷᠳᠠᠢ ᠴᠡᠪᠡᠷ ᠣᠷᠣᠯᠭ᠎ᠠ︶ ᠪᠠᠷ ᠭᠤᠤᠯ ᠭᠠᠷᠳᠠᠴᠠ | ᠪᠣᠯᠭᠠᠵᠤ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠯᠢ ᠣᠯᠠᠨ ᠰᠢᠨᠵᠢᠯᠡᠬᠦ ᠤᠬᠠᠭᠠᠨᠴᠢ ᠪᠥᠭᠡᠳ | ᠶᠠᠪᠤᠭᠳᠠᠭᠤᠰᠢᠲᠠᠶ ᠠᠷᠭ᠎ᠠ ᠬᠡᠮᠵᠢᠶ᠎ᠡ ᠶᠢ ᠲᠣᠭᠲᠠᠭᠠᠪᠠ᠃ ᠪᠣᠳᠠᠲᠠᠶ ᠠᠵᠤ ᠠᠬᠤᠶ ᠶᠢ ᠬᠥᠭᠵᠢᠭᠦᠯᠬᠦ᠂ ᠠᠵᠢᠯ | ᠣᠯᠭᠤᠯᠲᠠ ᠶᠢ ᠳᠡᠭᠡᠭᠰᠢᠯᠡᠭᠦᠯᠬᠦ᠂ ᠠᠵᠤ ᠦᠢᠯᠡᠰ ᠢᠶᠠᠷ ᠳᠠᠶᠢᠴᠢᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠤᠯᠠᠮ ᠨᠢᠭᠡ ᠠᠯᠬᠤᠮ ᠥᠷᠭᠡᠳᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠪᠦᠲᠦᠴᠡ ᠶᠢ ᠰᠢᠯᠢᠳᠡᠭᠵᠢᠭᠦᠯᠦᠨ᠂ ᠪᠥᠬᠦ ᠬᠥᠳᠡᠯᠮᠦᠷᠢᠴᠢᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ | ᠪᠦᠲᠦᠭᠡᠯᠴᠢ ᠴᠢᠨᠠᠷ ᠢ ᠲᠠᠰᠤᠷᠠᠯᠲᠠ ᠥᠬᠡᠶ ᠬᠥᠭᠵᠢᠭᠡᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ | ᠠᠵᠤ ᠠᠬᠤᠶ ᠶᠢᠨ ᠨᠡᠮᠡᠭᠳᠡᠯ ᠢ ᠦᠨᠳᠦᠰᠦᠨ ᠳᠡᠭᠡᠨ ᠵᠡᠷᠭᠡ ᠳᠤᠨᠢ ᠠᠬᠢᠭᠤᠯᠵᠤ᠂ ᠬᠥᠳᠡᠯᠮᠦᠷᠢ ᠶᠢᠨ ᠬᠥᠯᠥᠰᠥ | ᠣᠯᠭᠤᠮᠵᠢ ᠶᠢ ᠳᠡᠭᠡᠭᠰᠢᠯᠡᠭᠦᠯᠬᠦ ᠪᠠ ᠬᠥᠳᠡᠯᠮᠦᠷᠢ ᠦᠢᠯᠡᠳᠪᠦᠷᠢᠯᠡᠯ ᠤᠨ ᠨᠣᠷᠮ᠎ᠠ ᠶᠢᠨ ᠳᠡᠭᠡᠭᠰᠢᠯᠡᠭᠦᠯᠬᠦ ᠶᠢ | ᠦᠨᠳᠦᠰᠦᠨ ᠳᠡᠭᠡᠨ ᠠᠯᠬᠤᠮ ᠠᠯᠬᠤᠮ ᠢᠶᠠᠷ ᠪᠡᠶᠡᠯᠡᠬᠦᠯᠦᠨ᠎ᠡ᠃ | 1. ᠠᠵᠢᠯ ᠣᠯᠭᠤᠯᠳᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠭᠤᠤᠯᠳᠠᠯᠭ᠎ᠠ ᠲᠠᠢ | ᠬᠥᠮᠦᠰ ᠲᠤ ᠠᠵᠢᠯ ᠣᠯᠭᠤᠬᠤ ᠶᠢ ᠲᠡᠳᠬᠦᠵᠦ᠂ ᠠᠵᠢᠯ ᠣᠯᠭᠤᠬᠤ ᠪᠠᠲᠤᠯᠠᠭ᠎ᠠ ᠶᠢ ᠴᠢᠩᠭᠠᠳᠬᠠᠨ᠎ᠡ︔ ᠠᠵᠤ | ᠠᠬᠤᠶᠢᠯᠠᠯ ᠤᠨ ᠴᠠᠯᠢᠩ ᠤᠨ ᠨᠡᠮᠡᠭᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ | ᠪᠠ ᠠᠵᠢᠯ ᠦᠢᠯᠡᠰ ᠤᠨ ᠨᠢᠬᠡᠴᠡ ᠶᠢᠨ ᠴᠠᠯᠢᠩ ᠤᠨ ᠨᠡᠮᠡᠭᠳᠡᠯ ᠤᠨ ᠲᠣᠭᠲᠠᠴᠠ ᠶᠢ ᠪᠠᠶᠢᠭᠤᠯᠤᠨ᠎ᠠ︔ ᠲᠣᠰ | ᠭᠠᠵᠠᠷ ᠤᠨ ᠰᠠᠭᠤᠭᠠᠯᠢ ᠠᠷᠠᠳ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ | ᠣᠷᠣᠯᠴᠠᠬᠤ ᠶᠢ ᠢᠳᠡᠪᠬᠢᠲᠡᠶ ᠠᠬᠢᠭᠤᠯᠤᠨ᠎ᠠ︔ ᠴᠠᠯᠢᠩ ᠤᠨ ᠴᠢᠨᠠᠷᠲᠠᠶ ᠣᠷᠣᠯᠭ᠎ᠠ ᠶᠢ ᠦᠷᠭᠦᠯᠵᠢᠯᠡᠨ | ᠳᠡᠭᠡᠭᠰᠢᠯᠡᠭᠦᠯᠦᠨ᠎ᠡ᠃ | 2. ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠭᠤᠤᠯᠳᠠᠯᠭ᠎ᠠ ᠲᠠᠢ ᠬᠦᠮᠦᠰ ᠤᠨ ᠠᠳᠠᠯ ᠦᠢᠯᠡᠰ ᠴᠣᠭᠴᠠᠯᠠᠬᠤ ᠶᠢ ᠦᠷᠭᠦᠯᠵᠢᠯᠡᠨ ᠲᠡᠳᠬᠦᠵᠦ᠂ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢ ᠶᠡᠬᠡᠪᠡᠷ ᠬᠥᠭᠵᠢᠭᠡᠨ᠎ᠡ︔ ᠣᠨᠴᠠᠯᠢᠭᠲᠤ ᠲᠠᠷᠢᠶᠠᠯᠠᠩ ᠤᠨ ᠨᠡᠮᠡᠭᠳᠡᠯ ᠤᠨ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠬᠡᠯᠬᠢᠶ᠎ᠡ ᠶᠢ ᠪᠠᠶᠠᠯᠢᠭᠵᠢᠭᠤᠯᠤᠨ᠂ ᠣᠨᠴᠠᠯᠢᠭᠲᠤ ᠠᠵᠤ ᠦᠢᠯᠡᠰ ᠤᠨ ᠳᠠᠪᠠᠭᠤᠯᠢᠭ ᠢᠶᠠᠷ ᠳᠠᠮᠵᠢᠭᠤᠯᠤᠨ ᠰᠠᠭᠤᠭᠠᠯᠢ | ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ︔ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ︔ | ᠡᠵᠡᠩᠨᠡᠯᠲᠡ ᠶᠢᠨ ᠴᠡᠪᠡᠷ ᠣᠷᠣᠯᠭ᠎ᠠ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | 3. ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠡᠳ᠋ ᠬᠥᠷᠥᠩᠭᠡ ᠶᠢᠨ | ᠠᠰᠢᠭ ᠣᠷᠣᠯᠭ᠎ᠠ ᠶᠢ ᠬᠥᠭᠵᠢᠭᠡᠨ᠎ᠡ︔ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢ ᠲᠠᠰᠤᠷᠠᠯᠲᠠ ᠦᠭᠡᠢ | ᠥᠷᠭᠡᠳᠬᠡᠨ᠎ᠡ᠃ | 4. ᠨᠠᠶᠢᠭᠡᠮ ᠤᠨ ᠪᠠᠲᠣᠯᠠᠭ᠎ᠠ ᠶᠢᠨ ᠬᠠᠮᠣᠷᠬᠤ ᠬᠡᠪᠴᠢᠶ᠎ᠡ ᠶᠢ ᠦᠷᠭᠡᠳᠭᠡᠨ᠂ ᠨᠠᠶᠢᠭᠡᠮ ᠤᠨ ᠠᠪᠤᠷᠠᠨ ᠳᠣᠰᠠᠯᠠᠬᠤ | ᠪᠠ ᠨᠠᠶᠢᠭᠡᠮ ᠤᠨ ᠠᠰᠠᠷᠠᠮᠵᠢ ᠶᠢᠨ ᠳᠦᠷᠢᠮ ᠢ ᠲᠠᠭᠦᠯᠲᠠᠷᠵᠢᠭᠦᠯᠣᠨᠠ︔ ᠲᠠᠷᠢᠶᠠᠴᠢᠳ ᠲᠤ ᠠᠰᠢᠭ ᠬᠦᠢᠷᠲᠠᠭᠡᠭᠦ | ᠳᠦᠷᠤ ᠶᠢᠨ ᠪᠤᠲᠣᠯᠭ᠎ᠠ ᠶᠢ ᠬᠦᠢᠴᠡᠳ ᠠᠰᠢᠭᠯᠠᠵᠦ᠂ ᠣᠷᠣᠯᠭ᠎ᠠ ᠶᠢ ᠳᠣᠬᠲᠠᠭᠤᠠ ᠢᠶᠠᠷ ᠨᠡᠮᠡᠭᠳᠡᠭᠦᠯᠦᠨ᠎ᠡ᠃ | 5. ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢᠨ ᠲᠠᠯ᠎ᠠ ᠪᠠᠷ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ | ᠴᠢᠩᠭᠠᠳᠬᠠᠬᠤ᠂ ᠠᠬᠢᠴᠠ ᠶᠢ ᠬᠢᠨᠠᠨ ᠬᠡᠮᠵᠢᠬᠦ ᠶᠢ ᠴᠢᠩᠭᠠᠳᠬᠠᠬᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ | ᠴᠢᠩᠭᠠᠳᠬᠠᠬᠤ 3 ᠵᠦᠢᠯ ᠤᠨ ᠠᠷᠭ᠎ᠠ ᠬᠡᠮᠵᠢᠶ᠎ᠡ ᠶᠢ ᠳᠣᠷᠠᠳᠪᠠ᠃ | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ |